ᠠᠭ᠋ᠠᠷ ᠮᠠᠨᠳᠠᠯ᠎ᠤᠨ ᠣᠷᠴᠢᠨ ᠲᠣᠭᠣᠷᠢᠨ᠎ᠤ ᠬᠠᠮᠢᠶᠠᠷᠤᠯᠲᠠ ᠵᠢᠨ ᠭᠠᠵᠠᠷ
ᠨᠡᠶ᠋ᠢᠲᠡᠯᠡᠭᠰᠡᠨ ᠴᠠᠭ᠄ 2018-09-19
ᠥᠪᠡᠷᠲᠡᠭᠡᠨ ᠵᠠᠰᠠᠬᠤ ᠣᠷᠣᠨ᠎ᠤ ᠠᠭ᠋ᠠᠷ ᠮᠠᠨᠳᠠᠯ᠂ ᠱᠤᠤᠭᠢᠶᠠᠨ᠂ ᠭᠡᠷᠡᠯ᠂ ᠴᠢᠯᠠᠭᠤᠵᠢᠮᠠᠯ᠎ᠤᠨ ᠡᠨᠧᠷᠭᠢ ᠵᠡᠷᠭᠡ ᠪᠣᠬᠢᠷᠲᠤᠯ᠎ᠢ ᠰᠡᠷᠭᠡᠶ᠋ᠢᠯᠡᠨ ᠵᠠᠰᠠᠬᠤ ᠠᠵᠢᠯ᠎ᠢ ᠬᠢᠨᠠᠵᠤ ᠬᠠᠮᠢᠶᠠᠷᠤᠨ᠎ᠠ᠃ ᠥᠪᠡᠷᠲᠡᠭᠡᠨ ᠵᠠᠰᠠᠬᠤ ᠣᠷᠣᠨ᠎ᠤ ᠠᠭ᠋ᠠᠷ ᠮᠠᠨᠳᠠᠯ᠂ ᠱᠤᠤᠭᠢᠶᠠᠨ᠂ ᠭᠡᠷᠡᠯ᠂ ᠴᠢᠯᠠᠭᠤᠵᠢᠮᠠᠯ᠎ᠤᠨ ᠡᠨᠧᠷᠭᠢ ᠵᠡᠷᠭᠡ ᠪᠣᠬᠢᠷᠲᠤᠯ᠎ᠢ ᠰᠡᠷᠭᠡᠶ᠋ᠢᠯᠡᠨ ᠵᠠᠰᠠᠬᠤ ᠲᠠᠯ᠎ᠠ᠎ᠪᠠᠷ ᠣᠷᠣᠨ ᠨᠤᠲᠤᠭ᠎ᠤᠨ ᠲᠥᠷᠥ ᠵᠢᠨ ᠪᠣᠳᠣᠯᠭ᠎ᠠ᠂ ᠬᠠᠤᠯᠢ ᠳᠦ᠍ᠷᠢᠮ᠂ ᠪᠠᠷᠢᠮᠵᠢᠶ᠎ᠠ ᠪᠠ ᠵᠢᠷᠤᠮᠵᠢᠯ᠎ᠢ ᠲᠤᠭᠤᠷᠪᠢᠨ ᠲᠣᠭᠲᠠᠭ᠋ᠠᠬᠤ ᠪᠠ ᠵᠣᠬᠢᠶᠠᠨ ᠪᠠᠶ᠋ᠢᠭᠤᠯᠤᠨ ᠬᠡᠷᠡᠭᠵᠢᠭᠦᠯᠦᠨ᠎ᠡ᠃ ᠠᠭ᠋ᠠᠷ ᠮᠠᠨᠳᠠᠯ᠂ ᠱᠤᠤᠭᠢᠶᠠᠨ᠂ ᠭᠡᠷᠡᠯ᠂ ᠴᠢᠯᠠᠭᠤᠵᠢᠮᠠᠯ᠎ᠤᠨ ᠡᠨᠧᠷᠭᠢ ᠵᠡᠷᠭᠡ ᠪᠣᠬᠢᠷᠲᠤᠯ᠎ᠢ ᠰᠡᠷᠭᠡᠶ᠋ᠢᠯᠡᠨ ᠵᠠᠰᠠᠬᠤ ᠪᠠ ᠬᠣᠯᠪᠣᠭᠳᠠᠯ ᠪᠦᠬᠦᠢ ᠣᠷᠴᠢᠨ ᠲᠣᠭᠣᠷᠢᠨ᠎ᠤ ᠴᠢᠳᠠᠮᠵᠢ ᠵᠢᠨ ᠣᠷᠣᠨ ᠬᠤᠪᠢᠶᠠᠷᠢᠯᠠᠬᠤ ᠵᠡᠷᠭᠡ ᠠᠵᠢᠯ᠎ᠢ ᠬᠢᠨ᠎ᠡ; ᠠᠭ᠋ᠠᠷ ᠮᠠᠨᠳᠠᠯ᠂ ᠱᠤᠤᠭᠢᠶᠠᠨ᠂ ᠭᠡᠷᠡᠯ᠂ ᠴᠢᠯᠠᠭᠤᠵᠢᠮᠠᠯ ᠡᠨᠧᠷᠭᠢ ᠵᠢᠨ ᠰᠤᠷᠪᠤᠯᠵᠢ ᠵᠡᠷᠭᠡ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠰᠡᠷᠭᠡᠶ᠋ᠢᠯᠡᠨ ᠵᠠᠰᠠᠬᠤ ᠲᠥᠯᠥᠪᠵᠢᠭᠦᠯᠭᠡ᠂ ᠲᠥᠯᠥᠪᠯᠡᠭᠡ ᠵᠢ ᠲᠤᠭᠤᠷᠪᠢᠨ ᠲᠣᠭᠲᠠᠭ᠋ᠠᠬᠤ ᠪᠠ ᠵᠣᠬᠢᠶᠠᠨ ᠪᠠᠶ᠋ᠢᠭᠤᠯᠤᠨ ᠬᠡᠷᠡᠭᠵᠢᠭᠦᠯᠬᠦ ᠵᠢᠴᠢ ᠱᠠᠲᠤ ᠦᠶ᠎ᠡ ᠵᠢᠨ ᠴᠢᠨᠠᠷᠲᠠᠶ ᠬᠠᠷᠠᠯᠲᠠ ᠪᠠ ᠰᠡᠷᠭᠡᠶ᠋ᠢᠯᠡᠨ ᠵᠠᠰᠠᠬᠤ ᠠᠷᠭ᠎ᠠ ᠬᠡᠮᠵᠢᠶ᠎ᠡ ᠵᠢ ᠲᠤᠭᠤᠷᠪᠢᠨ ᠲᠣᠭᠲᠠᠭ᠋ᠠᠵᠤ ᠵᠣᠬᠢᠶᠠᠨ ᠪᠠᠢ᠌ᠭᠤᠯᠤᠨ ᠬᠡᠷᠡᠭᠵᠢᠭᠦᠯᠦᠨ᠎ᠡ; ᠣᠷᠣᠨ ᠪᠦᠰᠡ ᠵᠢᠨ ᠠᠭ᠋ᠠᠷ ᠮᠠᠨᠳᠠᠯ᠎ᠤᠨ ᠣᠷᠴᠢᠨ ᠲᠣᠭᠣᠷᠢᠨ᠎ᠤ ᠪᠠᠭᠲᠠᠭ᠋ᠠᠮᠵᠢ ᠵᠢ ᠬᠡᠮᠵᠢᠨ ᠪᠣᠳᠣᠬᠤ ᠵᠢ ᠵᠣᠬᠢᠶᠠᠨ ᠪᠠᠢ᠌ᠭᠤᠯᠤᠨ ᠬᠡᠷᠡᠭᠵᠢᠭᠦᠯᠵᠦ᠂ ᠠᠭ᠋ᠠᠷ ᠮᠠᠨᠳᠠᠯ᠎ᠤᠨ ᠣᠷᠴᠢᠨ ᠲᠣᠭᠣᠷᠢᠨ᠎ᠤ ᠳᠠᠭ᠋ᠠᠭ᠋ᠠᠴᠠ ᠴᠢᠳᠠᠪᠤᠷᠢ᠎ᠳᠤ ᠦᠨᠡᠯᠡᠨ ᠵᠢᠱ᠌ᠢᠯᠲᠡ ᠬᠢᠨ᠎ᠡ; ᠠᠶ᠋ᠢᠮᠠᠭ ᠬᠣᠲᠠ ᠵᠢ ᠵᠢᠯᠣᠭᠣᠳᠴᠤ ᠪᠠᠶ᠋ᠢᠭ᠋ᠠᠳ ᠠᠭ᠋ᠠᠷ ᠮᠠᠨᠳᠠᠯ᠎ᠤᠨ ᠪᠣᠬᠢᠷᠲᠤᠯ ᠪᠣᠳᠠᠰ᠎ᠤᠨ ᠢᠷᠡᠯᠲᠡ ᠵᠢ ᠵᠠᠳᠠᠯᠤᠨ ᠰᠢᠨᠵᠢᠬᠦ ᠠᠵᠢᠯ᠎ᠢ ᠥᠷᠨᠢᠭᠦᠯᠦᠨ᠎ᠡ; ᠠᠭ᠋ᠠᠷ ᠮᠠᠨᠳᠠᠯ᠎ᠤᠨ ᠣᠷᠴᠢᠨ ᠲᠣᠭᠣᠷᠢᠨ᠎ᠤ ᠶᠠᠰᠤ ᠴᠢᠨᠠᠷ᠎ᠢ ᠰᠠᠶ᠋ᠢᠵᠢᠷᠠᠭᠤᠯᠬᠤ ᠬᠠᠷᠠᠯᠲᠠ ᠵᠢ ᠨᠠᠶ᠋ᠢᠳᠠᠪᠤᠷᠢᠵᠢᠭᠤᠯᠤᠭᠰᠠᠨ ᠪᠠᠶ᠋ᠢᠳᠠᠯ᠎ᠢ ᠰᠢᠯᠭ᠋ᠠᠨ ᠪᠠᠶ᠋ᠢᠴᠠᠭ᠋ᠠᠬᠤ ᠲᠦᠷᠢᠮ᠎ᠢ ᠪᠠᠢ᠌ᠭᠤᠯᠤᠨ᠎ᠠ; ᠠᠭ᠋ᠠᠷ ᠮᠠᠨᠳᠠᠯ᠎ᠤᠨ ᠪᠣᠬᠢᠷᠲᠤᠯ᠎ᠢ ᠰᠡᠷᠭᠡᠶ᠋ᠢᠯᠡᠨ ᠵᠠᠰᠠᠬᠤ ᠭᠣᠣᠯᠳᠠᠯᠭ᠎ᠠ᠎ᠲᠠᠢ ᠣᠷᠣᠨ ᠪᠦᠰᠡ ᠵᠢ ᠬᠤᠪᠢᠶᠠᠷᠢᠯᠠᠨ ᠲᠣᠭᠲᠠᠭ᠋ᠠᠵᠤ᠂ ᠬᠣᠯᠪᠣᠭᠳᠠᠯ ᠪᠥᠬᠥᠶ ᠲᠥᠷᠥ ᠵᠢᠨ ᠪᠣᠳᠣᠯᠭ᠎ᠠ᠂ ᠲᠥᠯᠥᠪᠵᠢᠭᠦᠯᠭᠡ᠂ ᠠᠷᠭ᠎ᠠ ᠬᠡᠮᠵᠢᠶ᠎ᠡ ᠵᠢᠯᠣᠭᠣᠳᠬᠤ ᠪᠤᠶᠤ ᠲᠤᠭᠤᠷᠪᠢᠨ ᠲᠣᠭᠲᠠᠭ᠋ᠠᠨ᠎ᠠ; ᠬᠤᠳᠠ ᠵᠢᠨ ᠠᠭ᠋ᠠᠷ ᠮᠠᠨᠳᠠᠯ᠎ᠤᠨ ᠣᠷᠴᠢᠨ ᠲᠣᠭᠣᠷᠢᠨ᠎ᠤ ᠶᠠᠰᠤ ᠴᠢᠨᠠᠷ᠎ᠢ ᠬᠤᠭᠤᠴᠠᠭ᠎ᠠ ᠲᠣᠭᠲᠠᠭ᠋ᠠᠨ ᠪᠠᠷᠢᠮᠵᠢᠶ᠎ᠠ᠎ᠳᠤ ᠬᠦᠷᠭᠡᠬᠦ ᠪᠠ ᠰᠠᠶ᠋ᠢᠵᠢᠷᠠᠭᠤᠯᠬᠤ ᠲᠥᠯᠥᠪᠵᠢᠭᠦᠯᠭᠡ ᠵᠢ ᠨᠠᠶ᠋ᠢᠷᠠᠭᠤᠯᠤᠨ ᠵᠣᠬᠢᠶᠠᠬᠤ ᠵᠢ ᠵᠢᠯᠣᠭᠣᠳᠴᠤ᠂ ᠬᠦᠨᠳᠦ ᠬᠡᠴᠡᠭᠦᠦ ᠪᠣᠬᠢᠷᠲᠤᠯ᠎ᠲᠠᠢ ᠴᠠᠭ ᠠᠭᠤᠷ᠎ᠢ ᠠᠷᠭ᠋ᠠᠴᠠᠭ᠋ᠠᠬᠤ ᠲᠥᠷᠥ ᠵᠢᠨ ᠪᠣᠳᠣᠯᠭ᠎ᠠ ᠠᠷᠭ᠎ᠠ ᠬᠡᠮᠵᠢᠶ᠎ᠡ ᠵᠢ ᠵᠣᠬᠢᠶᠠᠨ ᠪᠠᠶ᠋ᠢᠭᠤᠯᠵᠤ ᠲᠤᠭᠤᠷᠪᠢᠨ ᠲᠣᠭᠲᠠᠭ᠋ᠠᠵᠤ᠂ ᠠᠭ᠋ᠠᠷ ᠮᠠᠨᠳᠠᠯ᠎ᠤᠨ ᠪᠣᠬᠢᠷᠲᠤᠯ ᠪᠣᠳᠠᠰ᠎ᠢ ᠭᠠᠳᠠᠭᠰᠢᠯᠠᠭᠤᠯᠬᠤ ᠵᠥᠪᠰᠢᠶᠡᠷᠡᠯ᠂ ᠶᠡᠷᠦᠩᠬᠡᠶ ᠬᠡᠮᠵᠢᠶ᠎ᠡ ᠵᠢ ᠬᠢᠵᠠᠭ᠋ᠠᠷᠯᠠᠬᠤ᠂ ᠪᠣᠬᠢᠷᠲᠤᠯ ᠪᠣᠳᠠᠰ ᠭᠠᠳᠠᠭᠰᠢᠯᠠᠭᠤᠯᠬᠤ ᠡᠷᠬᠡ ᠵᠢ ᠠᠷᠠᠯᠵᠢᠶᠠᠯᠠᠬᠤ ᠪᠣᠳᠠᠲᠠᠶ ᠠᠵᠢᠯ᠎ᠢ ᠬᠠᠷᠢᠭᠤᠴᠠᠨ᠎ᠠ᠃ ᠰᠢᠨ᠎ᠡ᠎ᠪᠠᠷ ᠦᠢ᠍ᠯᠡᠳᠪᠦᠷᠢᠯᠡᠭᠰᠡᠨ ᠮᠠᠰᠢᠨ ᠲᠡᠷᠭᠡ᠂ ᠵᠠᠮ ᠬᠠᠷᠢᠯᠴᠠᠭ᠋ᠠᠨ᠎ᠤ ᠪᠤᠰᠤ ᠰᠢᠯᠵᠢᠮᠡᠯ ᠮᠧᠬᠠᠨᠢᠭ᠂ ᠮᠠᠰᠢᠨ ᠲᠡᠷᠭᠡᠨ᠎ᠤ ᠤᠳᠤᠭ᠎ᠠ ᠵᠢᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠬᠢᠨᠠᠯᠲᠠ ᠬᠠᠮᠢᠶᠠᠷᠤᠯᠲᠠ ᠵᠢ ᠬᠡᠷᠡᠭᠵᠢᠭᠦᠯᠬᠦ ᠪᠠ ᠮᠡᠳᠡᠭᠡ ᠵᠠᠩᠭᠢ ᠵᠢ ᠢᠯᠡ ᠪᠣᠯᠭ᠋ᠠᠬᠤ ᠵᠢ ᠬᠡᠷᠡᠭᠵᠢᠭᠦᠯᠦᠨ᠎ᠡ; ᠤᠯᠠᠨ ᠤᠯᠤᠰ᠎ᠤᠨ ᠣᠷᠴᠢᠨ ᠲᠣᠭᠣᠷᠢᠨ᠎ᠢ ᠬᠠᠮᠠᠭ᠋ᠠᠯᠠᠬᠤ ᠨᠡᠶ᠋ᠢᠲᠡ ᠵᠢᠨ ᠭᠡᠷ᠎ᠡ ᠵᠢᠨ ᠲᠠᠯ᠎ᠠ᠎ᠪᠠᠷ ᠥᠪᠡᠷᠲᠡᠭᠡᠨ ᠵᠠᠰᠠᠬᠤ ᠣᠷᠣᠨ᠎ᠤ ᠭᠡᠷ᠎ᠡ ᠬᠡᠷᠡᠭᠵᠢᠭᠦᠯᠬᠦ ᠠᠵᠢᠯ᠎ᠢ ᠬᠠᠷᠢᠭᠤᠴᠠᠨ᠎ᠠ᠃
ᠬᠠᠷᠢᠭᠤᠴᠠᠯᠭ᠋ᠠᠲᠠᠨ᠄ ᠵᠠᠩ ᠭᠠᠩ
ᠬᠠᠷᠢᠯᠴᠠᠬᠤ ᠤᠲᠠᠰᠤ᠄ 0471 — 4632047