ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠠᠮᠢ ᠠᠬᠤᠢ᠎ᠶᠢᠨ ᠬᠠᠮᠠᠭᠠᠯᠠᠯᠲᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ
ᠪᠣᠬᠢᠷᠳᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ
ᠢᠯᠡ ᠵᠠᠰᠠᠭ   -   ᠡᠭᠦᠷᠭᠡ ᠴᠢᠳᠠᠪᠣᠷᠢᠲᠤ᠌ ᠰᠠᠯᠠᠭ᠎ᠠ ᠮᠦᠴᠢᠷ
ᠲᠢᠩᠬᠢᠮ᠎ᠳᠤ ᠰᠠᠭᠤᠭ᠎ᠠ ᠰᠠᠬᠢᠯᠭ᠎ᠠ ᠪᠠᠲᠤ ᠪᠠᠶ᠋ᠢᠴᠠᠭ᠋ᠠᠬᠤ ᠳᠤᠭᠤᠶ᠋ᠢᠯᠠᠩ
ᠨᠡᠶ᠋ᠢᠲᠡᠯᠡᠭᠰᠡᠨ ᠴᠠᠭ᠄ 2018-09-19
      ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠠᠬᠢᠯᠭ᠎ᠠ ᠪᠠᠲᠤ ᠪᠠᠶ᠋ᠢᠴᠠᠭ᠋ᠠᠬᠤ ᠬᠣᠷᠢᠶ᠎ᠠ᠂ ᠥᠪᠡᠷᠲᠡᠭᠡᠨ ᠵᠠᠰᠠᠬᠤ ᠣᠷᠣᠨ᠎ᠤ ᠬᠢᠨᠠᠨ ᠪᠠᠶ᠋ᠢᠴᠠᠭ᠋ᠠᠬᠤ ᠲᠢᠩᠬᠢᠮ᠎ᠤᠨ ᠥᠪᠡᠷᠲᠡᠭᠡᠨ ᠵᠠᠰᠠᠬᠤ ᠣᠷᠣᠨ᠎ᠤ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠲᠢᠩᠬᠢᠮ᠎ᠳᠤ ᠰᠠᠭᠤᠭ᠎ᠠ ᠰᠠᠬᠢᠯᠭ᠎ᠠ ᠪᠠᠲᠤ ᠪᠠᠶ᠋ᠢᠴᠠᠭ᠋ᠠᠬᠤ ᠳᠤᠭᠤᠶ᠋ᠢᠯᠠᠩ᠂ ᠬᠢᠨᠠᠨ ᠪᠠᠶ᠋ᠢᠴᠠᠭ᠋ᠠᠬᠤ ᠠᠯᠪᠠᠨ ᠭᠡᠷ᠎ᠤᠨ ᠭᠣᠣᠯ ᠲᠤᠰᠢᠶᠠᠯ ᠬᠠᠷᠢᠭᠤᠴᠠᠯᠭ᠎ᠠ᠄
     (ᠨᠢᠭᠡ) ᠲᠢᠩᠬᠢᠮ᠎ᠤᠨ ᠰᠢᠰᠲ᠋ᠧᠮ᠎ᠤᠨ ᠨᠠᠮ᠎ᠤᠨ ᠰᠠᠬᠢᠯᠭ᠎ᠠ ᠪᠠᠲᠤ ᠵᠢ ᠪᠠᠶ᠋ᠢᠴᠠᠭ᠋ᠠᠬᠤ ᠠᠵᠢᠯ᠎ᠢ ᠬᠠᠷᠢᠭᠤᠴᠠᠵᠤ᠂ ᠨᠠᠮ᠎ᠤᠨ ᠲᠦᠷᠢᠮ᠎ᠢ ᠰᠠᠬᠢᠨ ᠬᠠᠮᠠᠭ᠋ᠠᠯᠠᠵᠤ᠂ ᠨᠠᠮ᠎ᠤᠨ ᠠᠷᠠᠳᠴᠢᠯᠠᠯ ᠲᠥᠪᠯᠡᠷᠡᠯ᠎ᠤᠨ ᠶᠣᠰᠣᠨ᠎ᠤ ᠵᠠᠷᠴᠢᠮ᠎ᠢ ᠲᠤᠤᠱᠯᠠᠭᠤᠯᠵᠤ᠂ ᠤᠯᠤᠰ ᠲᠦᠷᠦ ᠵᠢᠨ ᠰᠠᠬᠢᠯᠭ᠎ᠠ ᠪᠠᠲᠤ ᠵᠢ ᠴᠢᠩᠭ᠎ᠠ ᠬᠡᠷᠡᠭᠵᠢᠭᠦᠯᠦᠨ᠎ᠡ᠃
     (ᠬᠣᠶᠠᠷ) ᠲᠢᠩᠬᠢᠮ᠎ᠤᠨ ᠰᠢᠰᠲ᠋ᠧᠮ᠎ᠤᠨ ᠨᠠᠮ᠎ᠤᠨ ᠵᠣᠬᠢᠶᠠᠨ ᠪᠠᠶ᠋ᠢᠭᠤᠯᠤᠯᠲᠠ ᠪᠠ ᠨᠠᠮ᠎ᠤᠨ ᠭᠡᠰᠢᠭᠦᠨ ᠤᠳᠤᠷᠢᠳᠬᠤ ᠺᠠᠳ᠋ᠷ (ᠠᠶ᠋ᠢᠮᠠᠭ ᠬᠣᠲᠠ ᠵᠢᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠰᠠᠯᠠᠭ᠎ᠠ ᠮᠥᠴᠢᠷ᠎ᠤᠨ ᠤᠳᠤᠷᠢᠳᠬᠤ ᠪᠠᠭ᠎ᠤᠨ ᠪᠦᠷᠢᠯᠳᠦᠬᠦᠨ ᠪᠠᠭᠲᠠᠨ᠎ᠠ)᠎ᠤᠨ ᠨᠠᠮ᠎ᠤᠨ ᠱᠤᠭᠤᠮ᠂ ᠴᠢᠭᠯᠡᠯᠲᠡ᠂ ᠲᠤᠢ᠍ᠷᠦ ᠵᠢᠨ ᠪᠤᠳᠦᠯᠭ᠎ᠠ᠂ ᠰᠢᠢ᠍ᠳᠪᠦᠷᠢ ᠵᠢ ᠬᠡᠷᠡᠭᠵᠢᠭᠦᠯᠵᠦ ᠪᠠᠢ᠌ᠭ᠎ᠠ ᠪᠠᠢ᠌ᠳᠠᠯ᠎ᠢ ᠪᠠᠢ᠌ᠴᠠᠭ᠋ᠠᠨ᠎ᠠ᠃
     (ᠭᠤᠷᠪᠠ) ᠲᠢᠩᠬᠢᠮ᠎ᠤᠨ ᠰᠢᠰᠲ᠋ᠧᠮ᠎ᠤᠨ ᠵᠠᠰᠠᠭ ᠵᠠᠬᠢᠷᠭ᠋ᠠᠨ᠎ᠤ ᠬᠢᠨᠠᠨ ᠪᠠᠶ᠋ᠢᠴᠠᠭ᠋ᠠᠬᠤ ᠠᠵᠢᠯ᠎ᠢ ᠬᠠᠷᠢᠭᠤᠴᠠᠨ᠎ᠠ᠂ ᠵᠠᠰᠠᠭ ᠵᠠᠬᠢᠷᠭ᠋ᠠᠨ᠎ᠤ ᠬᠢᠨᠠᠨ ᠪᠠᠶ᠋ᠢᠴᠠᠭ᠋ᠠᠬᠤ ᠬᠠᠤᠯᠢ ᠬᠡᠷᠡᠭᠵᠢᠭᠦᠯᠦᠭᠴᠢ ᠬᠥᠮᠥᠰ᠎ᠤᠨ ᠬᠠᠤᠯᠢ ᠴᠠᠭ᠋ᠠᠵᠠ ᠳᠦᠷᠢᠮ ᠲᠣᠭᠲᠠᠭ᠋ᠠᠯ ᠵᠢᠴᠢ ᠵᠠᠰᠠᠭ᠎ᠤᠨ ᠣᠷᠳᠣᠨ᠎ᠤ ᠲᠣᠭᠲᠠᠭ᠋ᠠᠯ᠂ ᠵᠠᠷᠯᠢᠭ᠎ᠢ ᠰᠠᠬᠢᠨ ᠬᠡᠷᠡᠭᠵᠢᠭᠦᠯᠦᠭᠰᠡᠨ ᠪᠠᠢ᠌ᠳᠠᠯ᠎ᠢ ᠪᠠᠢ᠌ᠴᠠᠭ᠋ᠠᠨ᠎ᠠ᠃
     (ᠲᠦᠷᠪᠡ) ᠨᠠᠮ᠎ᠤᠨ ᠵᠣᠬᠢᠶᠠᠨ ᠪᠠᠶ᠋ᠢᠭᠤᠯᠤᠯᠲᠠ᠂ ᠨᠠᠮ᠎ᠤᠨ ᠭᠡᠰᠢᠭᠦᠨ ᠪᠣᠯᠤᠨ ᠺᠠᠳ᠋ᠷ᠎ᠤᠨ ᠬᠠᠤᠯᠢ᠎ᠠᠴᠠ ᠵᠥᠷᠢᠴᠡᠵᠦ ᠰᠠᠬᠢᠯᠭ᠎ᠠ ᠪᠠᠲᠤ ᠵᠢ ᠵᠥᠷᠢᠴᠡᠭᠰᠡᠨ ᠠᠵᠢᠯᠯᠠᠭ᠎ᠠ ᠵᠢ ᠵᠠᠭ᠋ᠠᠯᠳᠤᠬᠤ᠂ ᠢᠯᠡᠴᠢᠯᠡᠬᠦ ᠵᠢ ᠬᠦᠯᠢᠶᠡᠨ ᠠᠪᠴᠤ᠂ ᠬᠠᠤᠯᠢ᠎ᠠᠴᠠ ᠵᠥᠷᠢᠴᠡᠵᠦ ᠰᠠᠬᠢᠯᠭ᠎ᠠ ᠪᠠᠲᠤ ᠵᠢ ᠵᠥᠷᠢᠴᠡᠭᠰᠡᠨ ᠬᠡᠷᠡᠭ ᠪᠤᠶᠤ ᠦᠢ᠍ᠯᠡ ᠠᠵᠢᠯᠯᠠᠭ᠎ᠠ ᠵᠢ ᠪᠠᠶ᠋ᠢᠴᠠᠭ᠋ᠠᠨ ᠰᠢᠢ᠍ᠳᠪᠦᠷᠢᠯᠡᠬᠦ ᠵᠢᠨ ᠬᠠᠮᠲᠤ ᠰᠢᠢ᠍ᠥᠪᠣᠷᠢᠯᠡᠬᠥ ᠰᠠᠨᠠᠯ ᠵᠶ᠋ᠠᠨ ᠳᠤᠷᠠᠳᠤᠨ᠎ᠠ᠃
     (ᠲᠠᠪᠤ) ᠨᠠᠮ᠎ᠤᠨ ᠵᠣᠬᠢᠶᠠᠨ ᠪᠠᠶ᠋ᠢᠭᠤᠯᠤᠯᠲᠠ᠂ ᠨᠠᠮ᠎ᠤᠨ ᠭᠡᠰᠢᠭᠦᠨ ᠪᠣᠯᠤᠨ ᠺᠠᠳ᠋ᠷ᠎ᠤᠨ ᠨᠠᠮ᠎ᠤᠨ ᠰᠠᠬᠢᠯᠭ᠎ᠠ ᠪᠠᠲᠤ ᠵᠠᠰᠠᠭ᠎ᠤᠨ ᠰᠠᠬᠢᠯᠭ᠎ᠠ ᠪᠠᠲᠤ ᠵᠢᠨ ᠰᠢᠳᠬᠡᠯ ᠣᠯᠤᠭᠰᠠᠨ ᠲᠤᠬᠠᠢ ᠭᠣᠮᠣᠳᠠᠯ ᠲᠣᠭ᠋ᠠᠴᠠᠯ᠎ᠢ ᠬᠦᠯᠢᠶᠡᠨ ᠠᠪᠴᠤ ᠰᠢᠢ᠍ᠳᠪᠦᠷᠢᠯᠡᠬᠦ ᠰᠠᠨᠠᠯ ᠵᠶ᠋ᠠᠨ ᠳᠤᠷᠠᠳᠤᠨ᠎ᠠ᠃
     (ᠵᠢᠷᠭᠤᠭ᠎ᠠ) ᠲᠢᠩᠬᠢᠮ᠎ᠤᠨ ᠰᠢᠰᠲ᠋ᠧᠮ᠎ᠤᠨ ᠡᠳ᠋᠎ᠤᠨ ᠶᠠᠪᠤᠳᠠᠯ᠎ᠤᠨ ᠬᠢᠨᠠᠨ ᠪᠣᠳᠣᠬᠤ ᠪᠠ ᠤᠳᠤᠷᠢᠳᠬᠤ ᠺᠠᠳ᠋ᠷ᠎ᠤᠨ ᠠᠵᠢᠯ᠎ᠠᠴᠠ᠎ᠪᠠᠨ ᠰᠠᠯᠬᠤ ᠦᠶ᠎ᠡ ᠵᠢᠨ ᠬᠢᠨᠠᠨ ᠪᠤᠳᠤᠬᠤ ᠠᠵᠢᠯ᠎ᠢ ᠬᠠᠷᠢᠭᠤᠴᠠᠨ᠎ᠠ᠃
     (ᠲᠤᠯᠤᠭ᠎ᠠ) ᠥᠪᠡᠷᠲᠡᠭᠡᠨ ᠵᠠᠰᠠᠬᠤ ᠣᠷᠣᠨ᠎ᠤ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠨᠠᠮ᠎ᠤᠨ ᠰᠤᠷᠲᠠᠯ ᠪᠠ ᠠᠷᠢᠭᠤᠨ ᠴᠢᠬᠡᠴᠢ᠎ᠪᠠᠷ ᠵᠠᠰᠠᠭ ᠪᠠᠷᠢᠬᠤ ᠪᠠᠶ᠋ᠢᠭᠤᠯᠤᠯᠲᠠ ᠵᠢᠨ ᠠᠵᠢᠯ᠎ᠳᠤ ᠬᠠᠪᠰᠤᠷᠤᠨ᠂ ᠰᠢᠭᠤᠳ ᠬᠠᠷᠢᠶ᠎ᠠ ᠡᠯ᠎ᠡ ᠠᠵᠢᠯ ᠦᠢ᠍ᠯᠡᠰ᠎ᠤᠨ ᠨᠢᠭᠡᠴᠡ ᠪᠣᠯᠤᠨ ᠠᠶ᠋ᠢᠮᠠᠭ ᠬᠣᠲᠠ ᠵᠢᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠰᠠᠯᠠᠭ᠎ᠠ ᠮᠥᠴᠢᠷ᠎ᠤᠨ ᠰᠠᠬᠢᠯᠭ᠎ᠠ ᠪᠠᠲᠤ ᠪᠠᠶ᠋ᠢᠴᠠᠭ᠋ᠠᠬᠤ ᠬᠢᠨᠠᠨ ᠪᠠᠶ᠋ᠢᠴᠠᠭ᠋ᠠᠬᠤ ᠠᠵᠢᠯ᠎ᠢ ᠵᠣᠬᠢᠴᠠᠭᠤᠯᠤᠨ ᠵᠢᠯᠣᠭᠣᠳᠤᠨ᠎ᠠ᠃
     (ᠨᠠᠢ᠍ᠮᠠ) ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠰᠢᠰᠲ᠋ᠧᠮ᠎ᠤᠨ ᠺᠠᠳ᠋ᠷ᠎ᠢ ᠬᠢᠨᠠᠨ ᠰᠢᠯᠭ᠋ᠠᠬᠤ ᠠᠵᠢᠯ᠎ᠳᠤ ᠣᠷᠣᠯᠴᠠᠵᠤ᠂ ᠨᠠᠮ᠎ᠤᠨ ᠰᠤᠷᠲᠠᠯ ᠪᠠ ᠠᠷᠢᠭᠤᠨ ᠴᠢᠬᠡᠴᠢ᠎ᠪᠠᠷ ᠵᠠᠰᠠᠭ ᠪᠠᠷᠢᠬᠤ ᠪᠠᠶ᠋ᠢᠭᠤᠯᠤᠯᠲᠠ᠎ᠳᠤ ᠲᠤᠪᠤᠢ᠍ᠢ᠍ᠮ᠎ᠠ ᠠᠮᠵᠢᠯᠲᠠ ᠣᠯᠣᠭᠰᠠᠨ ᠨᠢᠭᠡᠴᠢ ᠪᠣᠯᠤᠨ ᠬᠤᠪᠢ ᠬᠥᠮᠥᠨ᠎ᠢ ᠬᠥᠬᠢᠭᠦᠯᠦᠨ ᠱᠠᠩᠨᠠᠬᠤ ᠲᠤᠬᠠᠶ ᠰᠠᠨᠠᠭᠤᠯᠭ᠎ᠠ ᠳᠤᠷᠠᠳᠤᠨ᠎ᠠ᠃
     (ᠵᠢᠰᠦ) ᠪᠥᠬᠥ ᠣᠷᠣᠨ᠎ᠤ ᠣᠷᠴᠢᠨ ᠲᠣᠭᠣᠷᠢᠨ᠎ᠢ ᠬᠠᠮᠠᠭ᠋ᠠᠯᠠᠬᠤ ᠰᠢᠰᠲ᠋ᠧᠮ᠎ᠤᠨ ᠰᠠᠬᠢᠯᠭ᠎ᠠ ᠪᠠᠲᠤ ᠬᠢᠨᠠᠨ ᠪᠠᠶ᠋ᠢᠴᠠᠭ᠋ᠠᠬᠤ ᠺᠠᠳ᠋ᠷ᠎ᠢ ᠳᠠᠪᠲᠠᠨ ᠪᠣᠯᠪᠠᠰᠤᠷᠠᠭᠤᠯᠬᠤ ᠠᠵᠢᠯ᠎ᠢ ᠬᠠᠷᠢᠭᠤᠴᠠᠨ᠎ᠠ᠃
     (ᠠᠷᠪᠠ) ᠳᠡᠭᠡᠷ᠎ᠡ ᠱᠠᠲᠤᠨ᠎ᠤ ᠪᠠᠢ᠌ᠭᠤᠯᠭ᠎ᠠ ᠵᠢᠨ ᠲᠤᠰᠢᠶᠠᠵᠤ ᠬᠢᠯᠭᠡᠭᠰᠡᠨ ᠪᠤᠰᠤᠳ ᠠᠵᠢᠯ᠎ᠢ ᠪᠡᠶᠡᠯᠡᠭᠦᠯᠦᠨ᠎ᠡ᠃
      ᠬᠠᠷᠢᠭᠤᠴᠠᠯᠭ᠋ᠠᠲᠠᠨ᠄ ᠭᠣᠣ ᠭᠤᠸᠠᠨ ᠫᠢᠩ
      ᠬᠠᠷᠢᠯᠴᠠᠬᠤ ᠤᠲᠠᠰᠤ᠄ 0471-4632238
ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠮᠢ ᠠᠬᠤᠢ ᠤᠷᠴᠢᠨ ᠲᠤᠭᠤᠷᠢᠨ᠎ᠤ ᠲᠢᠩᠬᠢᠮ
          
ᠬᠠᠮᠢᠶ᠎ᠡ ᠪᠦᠬᠦᠢ ᠰᠣᠨᠢᠨ
ᠠᠯᠪᠠᠨ ᠭᠡᠷ
ᠲᠢᠩᠬᠢᠮ᠎ᠳᠤ ᠰᠠᠭᠤᠭ᠎ᠠ ᠰᠠᠬᠢᠯᠭ᠎ᠠ ᠪᠠᠲᠤ ᠪᠠᠢ᠌ᠴᠠᠭ᠋ᠠᠬᠤ ᠬᠢᠨᠠᠨ ᠪᠠᠢ᠌ᠴᠠᠭ᠋ᠠᠬᠤ ᠳᠤᠭᠤᠢ᠌ᠯᠠᠩ
ᠠᠯᠪᠠᠨ ᠭᠡᠷ (ᠤᠬᠠᠭᠤᠯᠭ᠎ᠠ ᠬᠥᠮᠦᠵᠢᠯ᠎ᠤᠨ ᠭᠠᠵᠠᠷ)
ᠶᠡᠷᠦᠩᠬᠡᠢ᠌ᠯᠡᠭᠰᠡᠨ ᠭᠠᠵᠠᠷ
ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠬᠢᠨᠠᠨ ᠪᠠᠢ᠌ᠴᠠᠭ᠋ᠠᠬᠤ ᠠᠯᠪᠠᠨ ᠭᠡᠷ
 
             蒙ICP备05000248号