ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠠᠮᠢ ᠠᠬᠤᠢ᠎ᠶᠢᠨ ᠬᠠᠮᠠᠭᠠᠯᠠᠯᠲᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ
ᠪᠣᠬᠢᠷᠳᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ
ᠢᠯᠡ ᠵᠠᠰᠠᠭ   -   ᠡᠭᠦᠷᠭᠡ ᠴᠢᠳᠠᠪᠣᠷᠢᠲᠤ᠌ ᠰᠠᠯᠠᠭ᠎ᠠ ᠮᠦᠴᠢᠷ
ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠬᠢᠨᠠᠨ ᠬᠡᠮᠵᠢᠬᠦ ᠭᠠᠵᠠᠷ
ᠨᠡᠶ᠋ᠢᠲᠡᠯᠡᠭᠰᠡᠨ ᠴᠠᠭ᠄ 2018-09-19
      ᠥᠪᠡᠷᠲᠡᠭᠡᠨ ᠵᠠᠰᠠᠬᠤ ᠣᠷᠣᠨ᠎ᠤ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠬᠢᠨᠠᠨ ᠬᠡᠮᠵᠢᠬᠦ ᠠᠵᠢᠯ᠎ᠢ ᠡᠭᠦᠷᠭᠡᠯᠡᠨ᠎ᠡ᠃ ᠥᠪᠡᠷᠲᠡᠭᠡᠨ ᠵᠠᠰᠠᠬᠤ ᠣᠷᠣᠨ᠎ᠤ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠲᠧᠭᠨᠢᠭ ᠮᠡᠷᠭᠡᠵᠢᠯ᠎ᠢ ᠨᠡᠭᠡᠭᠡᠨ ᠬᠥᠭᠵᠢᠭᠦᠯᠬᠦ᠂ ᠳᠡᠯᠭᠡᠷᠡᠭᠦᠯᠬᠦ ᠵᠢᠴᠢ ᠣᠷᠴᠢᠨ ᠠᠬᠤᠶ ᠵᠢᠨ ᠬᠠᠮᠢᠶᠠᠷᠤᠯᠲᠠ ᠵᠢᠨ ᠰᠢᠰᠲ᠋ᠧᠮ᠎ᠢ ᠨᠤᠲᠠᠯᠠᠨ ᠭᠡᠷᠡᠴᠢᠯᠡᠬᠦ ᠠᠵᠢᠯᠯᠠᠭ᠎ᠠ ᠵᠢ ᠬᠠᠮᠢᠶᠠᠷᠬᠤ ᠠᠵᠢᠯ᠎ᠢ ᠬᠠᠷᠢᠭᠤᠴᠠᠨ᠎ᠠ; ᠣᠷᠴᠢᠨ ᠠᠬᠤᠶ ᠵᠢ ᠬᠢᠨᠠᠨ ᠬᠡᠮᠵᠢᠬᠦ᠂ ᠪᠠᠢ᠌ᠴᠠᠭ᠋ᠠᠨ ᠰᠤᠳᠤᠯᠵᠤ ᠦᠨᠡᠯᠡᠨ ᠵᠢᠱ᠌ᠢᠬᠦ ᠪᠠ ᠵᠠᠳᠠᠯᠤᠨ ᠰᠢᠨᠵᠢᠯᠡᠵᠦ᠂ ᠣᠷᠴᠢᠨ ᠲᠣᠭᠣᠷᠢᠨ᠎ᠤ ᠶᠠᠰᠤ ᠴᠢᠨᠠᠷ᠎ᠤᠨ ᠪᠠᠶ᠋ᠢᠳᠠᠯ᠎ᠢ ᠤᠷᠢᠳᠴᠢᠯᠠᠨ ᠵᠢᠱ᠌ᠢᠬᠦ ᠠᠵᠢᠯ᠎ᠢ ᠵᠣᠬᠢᠶᠠᠨ ᠪᠠᠶ᠋ᠢᠭᠤᠯᠤᠨ ᠥᠷᠨᠢᠭᠦᠯᠦᠨ᠎ᠡ; ᠥᠪᠡᠷᠲᠡᠭᠡᠨ ᠵᠠᠰᠠᠬᠤ ᠣᠷᠣᠨ᠎ᠤ ᠣᠷᠴᠢᠨ ᠲᠣᠭᠣᠷᠢᠨ᠎ᠤ ᠬᠢᠨᠠᠨ ᠬᠡᠮᠵᠢᠬᠦ ᠲᠣᠣᠷ ᠰᠦᠯᠵᠢᠶ᠎ᠡ ᠪᠠ ᠣᠷᠴᠢᠨ ᠠᠬᠤᠶ ᠵᠢᠨ ᠮᠡᠳᠡᠭᠡ ᠵᠠᠩᠭᠢ ᠵᠢᠨ ᠲᠣᠣᠷ ᠰᠦᠯᠵᠢᠶᠡᠨ᠎ᠤ ᠬᠣᠯᠪᠣᠭᠳᠠᠯ ᠪᠦᠬᠦᠢ ᠠᠵᠢᠯ᠎ᠢ ᠡᠭᠦᠷᠭᠡᠯᠡᠵᠦ᠂ ᠣᠷᠴᠢᠨ ᠲᠣᠭᠣᠷᠢᠨ᠎ᠤ ᠶᠠᠰᠤ ᠴᠢᠨᠠᠷ᠎ᠤᠨ ᠮᠡᠳᠡᠭᠡ ᠵᠠᠩᠭᠢ ᠵᠢ ᠨᠢᠭᠡᠳᠦᠯᠲᠡᠶ ᠨᠡᠢ᠌ᠲᠡᠯᠡᠨ᠎ᠡ᠃ ᠥᠪᠡᠷᠲᠡᠭᠡᠨ ᠵᠠᠰᠠᠬᠤ ᠣᠷᠣᠨ᠎ᠤ ᠣᠷᠴᠢᠨ ᠲᠣᠭᠣᠷᠢᠨ᠎ᠤ ᠲᠣᠭ᠎ᠠ ᠪᠦᠷᠢᠳᠬᠡᠯ ᠵᠢᠴᠢ ᠪᠣᠬᠢᠷᠲᠤᠯ᠎ᠤᠨ ᠡᠬᠢ ᠰᠤᠷᠪᠤᠯᠵᠢ ᠵᠢ ᠨᠡᠶ᠋ᠢᠳᠡᠮ ᠪᠠᠶ᠋ᠢᠴᠠᠭ᠋ᠠᠬᠤ ᠠᠵᠢᠯ᠎ᠢ ᠡᠭᠦᠷᠭᠡᠯᠡᠨ᠎ᠡ᠃ ᠣᠷᠴᠢᠨ ᠲᠣᠭᠣᠷᠢᠨ᠎ᠢ ᠬᠠᠮᠠᠭ᠋ᠠᠯᠠᠬᠤ ᠤᠯᠠᠨ ᠤᠯᠤᠰ᠎ᠤᠨ ᠭᠡᠷ᠎ᠡ ᠵᠢ ᠭᠦᠶᠴᠡᠳᠬᠡᠬᠦ ᠪᠠ ᠭᠠᠳᠠᠭ᠋ᠠᠳᠤ ᠤᠯᠤᠰ᠎ᠲᠠᠢ ᠬᠣᠯᠪᠣᠭᠳᠠᠭᠰᠠᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠬᠡᠷᠡᠭ ᠶᠠᠪᠤᠳᠠᠯ᠎ᠢ ᠡᠭᠦᠷᠭᠡᠯᠡᠨ᠎ᠡ; ᠬᠦᠯᠡᠮᠵᠢ ᠵᠢᠨ ᠬᠡᠢ ᠪᠡᠶᠡᠲᠦ ᠵᠢ ᠬᠢᠵᠠᠭ᠋ᠠᠷᠯᠠᠬᠤ᠂ ᠠᠷᠢᠭᠤᠨ ᠴᠡᠪᠡᠷ ᠵᠶ᠋ᠡᠷ ᠬᠥᠭᠵᠢᠭᠦᠯᠬᠦ ᠲᠣᠭᠲᠠᠴᠠ ᠪᠠ ᠣᠷᠴᠢᠯ ᠠᠵᠤ ᠠᠬᠤᠶ ᠵᠢ ᠠᠬᠢᠭᠤᠯᠬᠤ ᠠᠵᠢᠯ᠎ᠳᠤ ᠣᠷᠣᠯᠴᠠᠵᠤ᠂ ᠥᠪᠡᠷᠲᠡᠭᠡᠨ ᠵᠠᠰᠠᠬᠤ ᠣᠷᠣᠨ᠎ᠤ ᠣᠷᠴᠢᠨ ᠲᠣᠭᠣᠷᠢᠨ᠎ᠢ ᠬᠠᠮᠠᠭ᠋ᠠᠯᠠᠬᠤ ᠠᠵᠤ ᠠᠬᠤᠢ᠌ᠯᠠᠯ᠎ᠤᠨ ᠬᠥᠭᠵᠢᠯᠲᠡ ᠵᠢᠨ ᠲᠥᠯᠥᠪᠵᠢᠭᠦᠯᠭᠡ ᠵᠢ ᠲᠤᠭᠤᠷᠪᠢᠨ ᠲᠣᠭᠲᠠᠭ᠋ᠠᠨ᠎ᠠ᠃
      ᠬᠠᠷᠢᠭᠤᠴᠠᠯᠭ᠋ᠠᠲᠠᠨ᠄ ᠹᠠᠨ ᠱᠤ᠌ ᠶᠠᠩ
      ᠬᠠᠷᠢᠯᠴᠠᠬᠤ ᠤᠲᠠᠰᠤ᠄ 0471 — 4632400
ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠮᠢ ᠠᠬᠤᠢ ᠤᠷᠴᠢᠨ ᠲᠤᠭᠤᠷᠢᠨ᠎ᠤ ᠲᠢᠩᠬᠢᠮ
          
ᠬᠠᠮᠢᠶ᠎ᠡ ᠪᠦᠬᠦᠢ ᠰᠣᠨᠢᠨ
ᠠᠭ᠋ᠠᠷ ᠮᠠᠨᠳᠠᠯ᠎ᠤᠨ ᠣᠷᠴᠢᠨ ᠲᠣᠭᠣᠷᠢᠨ᠎ᠤ ᠬᠠᠮᠢᠶᠠᠷᠤᠯᠲᠠ ᠵᠢᠨ ᠭᠠᠵᠠᠷ
ᠲᠥᠯᠥᠪᠵᠢᠭᠦᠯᠭᠡ ᠪᠠ ᠡᠳ᠋᠎ᠤᠨ ᠶᠠᠪᠤᠳᠠᠯ᠎ᠤᠨ ᠭᠠᠵᠠᠷ
ᠲᠦᠷᠦ ᠵᠢᠨ ᠪᠤᠳᠤᠯᠭ᠎ᠠ ᠬᠠᠤᠯᠢ ᠲᠣᠭᠲᠠᠭ᠋ᠠᠯ ᠪᠣᠯᠤᠨ ᠤᠬᠠᠭᠤᠯᠬᠤ ᠭᠠᠵᠠᠷ
ᠠᠵᠢᠯᠳᠠᠨ᠎ᠤ ᠶᠠᠪᠤᠳᠠᠯ᠎ᠤᠨ ᠭᠠᠵᠠᠷ
ᠲᠢᠩᠬᠢᠮ᠎ᠳᠤ ᠰᠠᠭᠤᠭ᠎ᠠ ᠰᠠᠬᠢᠯᠭ᠎ᠠ ᠪᠠᠲᠤ ᠪᠠᠶ᠋ᠢᠴᠠᠭ᠋ᠠᠬᠤ ᠳᠤᠭᠤᠶ᠋ᠢᠯᠠᠩ
 
             蒙ICP备05000248号