ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠠᠮᠢ ᠠᠬᠤᠢ᠎ᠶᠢᠨ ᠬᠠᠮᠠᠭᠠᠯᠠᠯᠲᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ
ᠪᠣᠬᠢᠷᠳᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ
ᠢᠯᠡ ᠵᠠᠰᠠᠭ   -   ᠬᠠᠷᠢᠶᠠᠯᠠᠭᠳᠠᠬᠤ ᠪᠠᠶ᠋ᠢᠭᠤᠯᠤᠮᠵᠢ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠷᠴᠢᠨ ᠲᠣᠭᠣᠷᠢᠨ᠎ᠤ ᠰᠦᠯᠵᠢᠶᠡᠨ ᠳᠡᠭᠡᠷ᠎ᠡ ᠬᠢᠨᠠᠨ ᠡᠵᠡᠮᠳᠡᠬᠦ ᠲᠥᠪ
ᠨᠡᠶ᠋ᠢᠲᠡᠯᠡᠭᠰᠡᠨ ᠴᠠᠭ᠄ 2018-09-14

      ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠷᠴᠢᠨ ᠲᠣᠭᠣᠷᠢᠨ᠎ᠤ ᠰᠦᠯᠵᠢᠶᠡᠨ ᠳᠡᠭᠡᠷ᠎ᠡ ᠬᠢᠨᠠᠨ ᠡᠵᠡᠮᠳᠡᠬᠦ ᠲᠥᠪ (ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠷᠴᠢᠨ ᠲᠣᠭᠣᠷᠢᠨ᠎ᠤ ᠮᠡᠳᠡᠭᠡ ᠵᠠᠩᠭᠢ ᠵᠢᠨ ᠲᠥᠪ᠎ᠤᠨ ᠫᠠᠶ᠋ᠢᠰᠠ᠎ᠲᠠᠢ) ᠪᠣᠯ ᠥᠪᠡᠷᠲᠡᠭᠡᠨ ᠵᠠᠰᠠᠬᠤ ᠣᠷᠣᠨ᠎ᠤ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠲᠢᠩᠬᠢᠮ᠎ᠳᠤ ᠬᠠᠷᠢᠶᠠᠯᠠᠭᠳᠠᠬᠤ ᠭᠠᠵᠠᠷ᠎ᠤᠨ ᠳᠡᠰ᠎ᠤᠨ ᠠᠵᠢᠯ ᠦᠢ᠍ᠯᠡᠰ᠎ᠤᠨ ᠨᠢᠭᠡᠴᠢ᠎ᠲᠠᠢ ᠠᠳᠠᠯᠢᠬᠠᠨ ᠪᠠᠢ᠌ᠷᠢ ᠰᠠᠭᠤᠷᠢ᠎ᠲᠠᠢ ᠪᠠᠢ᠌ᠭᠤᠯᠭ᠎ᠠ ᠪᠣᠯᠣᠨ᠎ᠠ᠃ ᠲᠡᠭᠦᠨ᠎ᠤ ᠭᠣᠣᠯ ᠡᠭᠦᠷᠭᠡ ᠬᠠᠷᠢᠭᠤᠴᠠᠯᠭ᠎ᠠ ᠪᠣᠯ᠄ ᠲᠤᠰᠬᠠᠶ ᠲᠥᠬᠥᠭᠡᠷᠦᠮᠵᠢ ᠵᠢ ᠠᠰᠢᠭᠯᠠᠨ ᠪᠥᠬᠥ ᠣᠷᠣᠨ᠎ᠤ ᠡᠯ᠎ᠡ ᠠᠵᠤ ᠠᠬᠤᠶ᠋ᠢᠯᠠᠯ᠎ᠤᠨ ᠪᠣᠬᠢᠷᠲᠤᠯ ᠪᠣᠳᠠᠰ᠎ᠤᠨ ᠭᠠᠳᠠᠭᠰᠢᠯᠠᠭᠤᠯᠤᠯᠲᠠ ᠵᠢ ᠬᠢᠨᠠᠨ ᠡᠵᠡᠮᠳᠡᠨ᠎ᠡ᠃ ᠡᠯ᠎ᠡ ᠪᠣᠬᠢᠷᠲᠤᠯ᠎ᠤᠨ ᠡᠬᠢ ᠰᠤᠷᠪᠤᠯᠵᠢ ᠵᠢᠨ ᠴᠡᠭ᠎ᠢ ᠬᠢᠨᠠᠨ ᠬᠡᠮᠵᠢᠭᠰᠡᠨ ᠲᠣᠭ᠎ᠠ ᠪᠠᠷᠢᠮᠲᠠ ᠵᠢ ᠠᠦᠲ᠋ᠣ᠋ ᠬᠢᠨᠠᠨ ᠡᠵᠡᠮᠳᠡᠬᠦ ᠲᠤᠨᠤᠭ ᠲᠥᠬᠥᠭᠡᠷᠦᠮᠵᠢ᠎ᠪᠠᠷ ᠳᠡᠭᠡᠭᠰᠢ ᠳᠠᠮᠵᠢᠭᠤᠯᠤᠭᠰᠠᠨ ᠲᠣᠭ᠎ᠠ ᠪᠠᠷᠢᠮᠲᠠ ᠵᠢ ᠡᠮᠬᠢᠯᠡᠨ ᠪᠦᠷᠢᠳᠬᠡᠵᠦ ᠵᠠᠳᠠᠯᠤᠯᠲᠠ ᠬᠢᠵᠦ᠂ ᠬᠤᠷᠢᠶᠠᠩᠭᠤᠢ᠌ᠯᠠᠨ᠎ᠠ᠃ ᠬᠢᠨᠠᠨ ᠬᠡᠮᠵᠢᠬᠦ ᠲᠥᠪ᠎ᠤᠨ ᠰᠦᠯᠵᠢᠶᠡᠨ᠎ᠤ ᠡᠳᠦᠷ ᠲᠤᠳᠤᠮ᠎ᠤᠨ ᠬᠠᠮᠠᠭ᠋ᠠᠯᠠᠨ ᠬᠢᠮᠠᠭ᠋ᠠᠳᠠᠬᠤ ᠠᠵᠢᠯ᠎ᠢ ᠡᠭᠦᠷᠭᠡᠯᠡᠨ᠎ᠡ᠃ ᠪᠥᠬᠥ ᠣᠷᠣᠨ᠎ᠤ ᠣᠷᠴᠢᠨ ᠲᠣᠭᠣᠷᠢᠨ᠎ᠤ ᠮᠡᠳᠡᠭᠡ ᠵᠠᠩᠭᠢ ᠵᠢᠨ ᠰᠢᠰᠲ᠋ᠧᠮ᠎ᠤᠨ ᠪᠦᠲᠦᠭᠡᠨ ᠪᠠᠢ᠌ᠭᠤᠯᠤᠯᠲᠠ ᠵᠢ ᠵᠢᠯᠣᠭᠣᠳᠤᠨ᠎ᠠ᠃ ᠤᠯᠤᠰ᠎ᠤᠨ ᠣᠷᠴᠢᠨ ᠠᠬᠤᠶ ᠵᠢᠨ ᠬᠠᠮᠠᠭ᠋ᠠᠯᠠᠯᠲᠠ ᠵᠢᠨ ᠶᠠᠮᠤᠨ ᠪᠠ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠠᠰᠠᠭ᠎ᠤᠨ ᠣᠷᠳᠣᠨ᠎ᠳᠤ ᠣᠷᠴᠢᠨ ᠠᠬᠤᠢ ᠵᠢᠨ ᠮᠡᠳᠡᠭᠡ ᠵᠠᠩᠭᠢ ᠵᠢ ᠬᠠᠩᠭ᠋ᠠᠨ᠎ᠠ᠃ ᠪᠥᠬᠥ ᠣᠷᠣᠨ᠎ᠤ ᠣᠷᠴᠢᠨ ᠲᠣᠭᠣᠷᠢᠨ᠎ᠤ ᠮᠡᠳᠡᠭᠡ ᠵᠠᠩᠭᠢ ᠵᠢᠨ ᠪᠠᠷᠢᠮᠵᠢᠶ᠎ᠠ ᠪᠠ ᠮᠡᠷᠭᠡᠵᠢᠯ᠎ᠤᠨ ᠵᠢᠷᠤᠮᠵᠢᠯ᠎ᠢ ᠲᠣᠭᠲᠠᠭ᠋ᠠᠨ᠎ᠠ᠃ ᠲᠢᠩᠬᠢᠮ᠎ᠤᠨ ᠪᠠᠶ᠋ᠢᠭᠤᠯᠤᠯᠭ᠎ᠠ ᠵᠢᠨ ᠠᠵᠢᠯ᠎ᠤᠨ ᠰᠦᠯᠵᠢᠶᠡᠨ ᠦᠷᠳᠡᠭᠡ᠂ ᠠᠯᠪᠠᠨ ᠠᠵᠢᠯ᠎ᠤᠨ ᠰᠦᠯᠵᠢᠶᠡᠨ᠎ᠤ ᠥᠷᠲᠡᠭᠡ ᠵᠢᠨ ᠪᠥᠳᠥᠭᠡᠨ ᠪᠠᠶ᠋ᠢᠭᠤᠯᠤᠯᠲᠠ ᠬᠢᠭᠡᠳ ᠠᠷᠠᠴᠢᠯᠠᠵᠤ ᠬᠠᠮᠠᠭ᠋ᠠᠯᠠᠬᠤ ᠠᠵᠢᠯ᠎ᠢ ᠡᠭᠦᠷᠭᠡᠯᠡᠨ᠎ᠡ᠃ ᠪᠥᠬᠥ ᠣᠷᠣᠨ᠎ᠤ ᠣᠷᠴᠢᠨ ᠲᠣᠭᠣᠷᠢᠨ᠎ᠤ ᠮᠡᠳᠡᠭᠡ ᠵᠠᠩᠭᠢ ᠵᠢᠨ ᠲᠣᠭ᠎ᠠ ᠪᠠᠷᠢᠮᠲᠠ ᠵᠢᠨ ᠬᠥᠮᠥᠷᠭᠡ ᠵᠢ ᠪᠠᠶ᠋ᠢᠭᠤᠯᠵᠤ᠂ ᠣᠷᠴᠢᠨ ᠠᠬᠤᠶ ᠵᠢᠨ ᠬᠠᠮᠢᠶᠠᠷᠤᠯᠲᠠ᠂ ᠰᠢᠢ᠍ᠳᠪᠦᠷᠢᠲᠦ ᠪᠤᠳᠤᠯᠭ᠎ᠠ ᠲᠣᠭᠲᠠᠭ᠋ᠠᠬᠤ᠎ᠳᠤ ᠣᠷᠴᠢᠨ ᠲᠣᠭᠣᠷᠢᠨ᠎ᠤ ᠮᠡᠳᠡᠭᠡ ᠵᠠᠩᠭᠢ ᠵᠢᠨ ᠳᠡᠮᠵᠢᠯᠭᠡ ᠪᠠ ᠦᠶᠯᠡᠴᠢᠯᠡᠭᠡ ᠬᠠᠩᠭ᠋ᠠᠨ᠎ᠠ᠃ ᠪᠣᠬᠢᠷᠲᠤᠯ᠎ᠲᠠᠢ ᠠᠵᠤ ᠠᠬᠤᠢ᠌ᠯᠠᠯ᠎ᠤᠨ ᠠᠦᠲ᠋ᠣ᠋ ᠬᠢᠨᠠᠨ ᠡᠵᠡᠮᠳᠡᠬᠦ ᠲᠥᠬᠥᠭᠡᠷᠦᠮᠵᠢ᠎ᠳᠤ ᠲᠤᠬᠠᠶ ᠵᠢᠨ ᠭᠠᠵᠠᠷ᠎ᠤᠨ ᠬᠢᠨᠠᠨ ᠪᠠᠶ᠋ᠢᠴᠠᠭ᠋ᠠᠯᠲᠠ ᠵᠢᠨ ᠠᠵᠢᠯ᠎ᠢ ᠬᠠᠷᠢᠭᠤᠴᠠᠨ᠎ᠠ᠃
      ᠠᠵᠢᠯᠯᠠᠬᠤ ᠬᠠᠶᠢᠭ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠬᠡᠬᠣᠲᠠ ᠵᠢᠨ ᠰᠠᠶ᠋ᠢᠬᠠᠨ ᠲᠣᠭᠣᠷᠢᠭ᠎ᠤᠨ ᠳᠡᠭᠦᠯᠢᠯᠲᠡ ᠵᠠᠮ᠎ᠤᠨ 39 ᠳ᠋ᠦ᠍ᠭᠡᠷ ᠨᠣᠮᠧᠷ
      ᠬᠠᠷᠢᠭᠤᠴᠠᠯᠭ᠋ᠠᠲᠠᠨ᠄ ᠠᠶᠤᠩᠭ᠎ᠠ
      ᠬᠠᠷᠢᠯᠴᠠᠬᠤ ᠤᠲᠠᠰᠤ᠄ 0471 — 4632029

ᠢᠷᠡᠯᠲᠡ᠄ ᠦᠪᠦᠷ ᠮᠣᠩᠭᠤᠯ᠎ᠤᠨ ᠦᠪᠡᠷᠲᠡᠭᠡᠨ ᠵᠠᠰᠠᠬᠤ ᠣᠷᠣᠨ᠎ᠤ ᠣᠷᠴᠢᠨ ᠲᠤᠭᠤᠷᠢᠨ᠎ᠤ ᠬᠠᠮᠠᠭ᠋ᠠᠯᠠᠯᠲᠠ ᠵᠢᠨ ᠲᠢᠩᠬᠢᠮ
          
ᠬᠠᠮᠢᠶ᠎ᠡ ᠪᠦᠬᠦᠢ ᠰᠣᠨᠢᠨ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠠᠲᠠᠭᠤ ᠪᠡᠶᠡᠲᠦ ᠬᠠᠶᠠᠭᠳᠠᠮᠠᠯ ᠡᠳ᠋ ᠪᠠ ᠬᠢᠮᠢ ᠵᠢᠨ ᠪᠣᠳᠠᠰ᠎ᠢ ᠬᠠᠮᠢᠶᠠᠷᠬᠤ ᠮᠡᠷᠭᠡᠵᠢᠯ᠎ᠤᠨ ᠲᠥᠪ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠪᠣᠬᠢᠷᠲᠤᠯ ᠭᠠᠳᠠᠭᠰᠢᠯᠠᠭᠤᠯᠬᠤ ᠡᠷᠬᠡ ᠵᠢᠨ ᠠᠷᠠᠯᠵᠢᠶ᠎ᠠ ᠵᠢᠨ ᠬᠠᠮᠢᠶᠠᠷᠤᠯᠲᠠ ᠵᠢᠨ ᠲᠥᠪ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠲᠢᠩᠬᠢᠮ᠎ᠤᠨ ᠪᠠᠶ᠋ᠢᠭᠤᠯᠭ᠎ᠠ ᠵᠢᠨ ᠶᠠᠪᠤᠳᠠᠯ᠎ᠤᠨ ᠦᠢ᠍ᠯᠡᠴᠢᠯᠡᠭᠡᠨ᠎ᠤ ᠲᠥᠪ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠵᠢᠨ ᠣᠷᠴᠢᠨ ᠲᠣᠭᠣᠷᠢᠨ᠎ᠤ ᠶᠡᠷᠦᠩᠬᠡᠢ᠌ᠯᠡᠭᠰᠡᠨ ᠪᠠᠲᠤᠯᠠᠭ᠎ᠠ ᠵᠢᠨ ᠲᠥᠪ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠰᠢᠨᠵᠢᠯᠡᠬᠦ ᠤᠬᠠᠭ᠋ᠠᠨ᠎ᠤ ᠰᠤᠳᠤᠯᠤᠯ᠎ᠤᠨ ᠬᠦᠷᠢᠶᠡᠯᠡᠩ
 
             蒙ICP备05000248号