ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠤᠬᠠᠭᠤᠯᠭ᠎ᠠ ᠬᠥᠮᠦᠵᠢᠯ᠎ᠤᠨ ᠲᠥᠪ ᠪᠣᠯ ᠥᠪᠡᠷᠲᠡᠭᠡᠨ ᠵᠠᠰᠠᠬᠤ ᠣᠷᠣᠨ᠎ᠤ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠲᠢᠩᠬᠢᠮ᠎ᠳᠤ ᠬᠠᠷᠢᠶᠠᠯᠠᠭᠳᠠᠬᠤ ᠭᠠᠵᠠᠷ᠎ᠤᠨ ᠳᠡᠰ᠎ᠤᠨ ᠠᠵᠢᠯ ᠦᠢ᠍ᠯᠡᠰ᠎ᠤᠨ ᠨᠢᠭᠡᠴᠢ ᠪᠣᠯᠤᠨ᠎ᠠ᠃ ᠲᠡᠭᠦᠨ᠎ᠤ ᠭᠣᠣᠯ ᠡᠭᠦᠷᠭᠡ ᠬᠠᠷᠢᠭᠤᠴᠠᠯᠭ᠎ᠠ ᠪᠣᠯ᠄ ᠪᠦᠬᠦ ᠣᠷᠣᠨ᠎ᠤ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠲᠤᠬᠠᠢ ᠤᠬᠠᠭᠤᠯᠭ᠎ᠠ ᠬᠥᠮᠦᠵᠢᠯ᠎ᠤᠨ ᠲᠥᠯᠥᠪᠯᠡᠭᠡ ᠲᠥᠰᠥᠪ ᠲᠣᠭᠲᠠᠭ᠋ᠠᠬᠤ᠂ ᠵᠣᠬᠢᠶᠠᠨ ᠪᠠᠶ᠋ᠢᠭᠤᠯᠵᠤ ᠬᠡᠷᠡᠭᠵᠢᠭᠦᠯᠦᠨ᠎ᠡ᠃ ᠤᠯᠤᠰ᠂ ᠥᠪᠡᠷᠲᠡᠭᠡᠨ ᠵᠠᠰᠠᠬᠤ ᠣᠷᠣᠨ᠎ᠤ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠬᠠᠤᠯᠢ ᠴᠠᠭ᠋ᠠᠵᠠ᠂ ᠬᠠᠤᠯᠢ ᠲᠣᠭᠲᠠᠭ᠋ᠠᠯ᠂ ᠴᠢᠭᠯᠡᠯᠲᠡ᠂ ᠲᠦᠷᠦ ᠵᠢᠨ ᠪᠤᠳᠤᠯᠭ᠎ᠠ ᠵᠢ ᠤᠬᠠᠭᠤᠯᠤᠨ᠎ᠠ᠃ ᠪᠦᠬᠦ ᠣᠷᠣᠨ᠎ᠤ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠰᠣᠨᠢᠨ ᠮᠡᠳᠡᠭᠡ ᠪᠠ ᠶᠠᠷᠢᠶ᠎ᠠ ᠬᠡᠯᠡᠯᠴᠡᠭᠡᠨ᠎ᠤ ᠬᠢᠨᠠᠯᠲᠠ ᠲᠠᠯᠪᠢᠬᠤ ᠠᠵᠢᠯ᠎ᠢ ᠡᠭᠦᠷᠭᠡᠯᠡᠨ᠎ᠡ᠃ ᠪᠦᠬᠦ ᠣᠷᠣᠨ᠎ᠤ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠰᠢᠰᠲ᠋ᠧᠮ᠎ᠤᠨ ᠤᠬᠠᠭᠤᠯᠭ᠎ᠠ᠂ ᠬᠥᠮᠦᠵᠢᠯ᠎ᠤᠨ ᠺᠠᠳ᠋ᠷ᠎ᠤᠨ ᠲᠤᠬᠠᠶ᠋ᠢᠯᠠᠭᠰᠠᠨ ᠠᠵᠢᠯ᠎ᠤᠨ ᠪᠣᠯᠪᠠᠰᠤᠷᠠᠯ᠎ᠢ ᠵᠣᠬᠢᠶᠠᠨ ᠪᠠᠢ᠌ᠭᠤᠯᠤᠨ᠎ᠠ᠃ ᠪᠦᠬᠦ ᠣᠷᠣᠨ᠎ᠤ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠤᠬᠠᠭᠤᠯᠭ᠎ᠠ ᠬᠥᠮᠦᠵᠢᠯ᠎ᠤᠨ ᠡᠩᠨᠡᠭᠡᠨ᠎ᠤ ᠪᠠᠶ᠋ᠢᠭᠤᠯᠤᠯᠲᠠ ᠪᠠ ᠲᠤᠬᠠᠶ᠋ᠢᠯᠠᠭᠰᠠᠨ ᠠᠵᠢᠯ᠎ᠢ᠎ᠨᠢ ᠵᠢᠯᠣᠭᠣᠳᠤᠨ᠎ᠠ᠃ ᠡᠯ᠎ᠡ ᠲᠥᠷᠥᠯ᠎ᠤᠨ ᠳᠡᠭᠡᠳᠦ ᠰᠤᠷᠭ᠋ᠠᠭᠤᠯᠢ᠎ᠨᠤᠭᠤᠳ᠎ᠤᠨ ᠣᠷᠴᠢᠨ ᠲᠣᠭᠣᠷᠢᠨ᠎ᠤ ᠲᠤᠬᠠᠶ ᠰᠤᠷᠭ᠋ᠠᠨ ᠬᠥᠮᠦᠵᠢᠯ᠎ᠤᠨ ᠠᠵᠢᠯ᠎ᠢ ᠵᠢᠯᠣᠭᠣᠳᠴᠤ᠂ ᠣᠷᠴᠢᠨ ᠠᠬᠤᠢ ᠵᠢᠨ ᠰᠤᠷᠭ᠋ᠠᠨ ᠬᠥᠮᠦᠵᠢᠯ᠎ᠤᠨ ᠶᠡᠷᠦᠩᠬᠡᠶ ᠬᠥᠲᠥᠯᠪᠦᠷᠢ ᠵᠢ ᠬᠢᠨᠠᠨ ᠪᠠᠢ᠌ᠴᠠᠭ᠋ᠠᠬᠤ᠎ᠳᠤ ᠣᠷᠣᠯᠴᠠᠵᠤ᠂ ᠣᠷᠴᠢᠨ ᠲᠣᠭᠣᠷᠢᠨ᠎ᠢ ᠬᠢᠨᠠᠨ ᠪᠠᠶ᠋ᠢᠴᠠᠭ᠋ᠠᠬᠤ᠂ ᠣᠷᠴᠢᠨ ᠲᠣᠭᠣᠷᠢᠨ᠎ᠤ ᠰᠤᠷᠭ᠋ᠠᠨ ᠬᠥᠮᠦᠵᠢᠯ᠎ᠤᠨ ᠵᠢᠭ᠋ᠠᠬᠤ ᠮᠠᠲ᠋ᠧᠷᠢᠶᠠᠯ᠎ᠢ ᠬᠢᠨᠠᠨ ᠨᠠᠶ᠋ᠢᠷᠠᠭᠤᠯᠬᠤ᠂ ᠣᠷᠴᠢᠨ ᠲᠣᠭᠣᠷᠢᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠢ ᠲᠦᠭᠡᠮᠡᠯᠵᠢᠭᠦᠯᠬᠦ ᠰᠤᠷᠭ᠋ᠠᠨ ᠬᠥᠮᠦᠵᠢᠯ᠎ᠢ ᠵᠣᠬᠢᠶᠠᠨ ᠪᠠᠢ᠌ᠭᠤᠯᠵᠤ᠂ ᠣᠷᠴᠢᠨ ᠠᠬᠤᠶ ᠵᠢᠨ ᠬᠠᠮᠠᠭ᠋ᠠᠯᠠᠯᠲᠠ ᠵᠢᠨ ᠲᠤᠬᠠᠶ ᠤᠬᠠᠭᠤᠯᠭ᠎ᠠ ᠬᠥᠮᠦᠵᠢᠯ ᠬᠢᠬᠦ ᠵᠢᠭ᠋ᠠᠬᠤ ᠮᠠᠲ᠋ᠧᠷᠢᠶᠠᠯ᠂ ᠲᠣᠪᠴᠢ ᠮᠡᠳᠡᠭᠡ ᠵᠢ ᠨᠠᠢ᠌ᠷᠠᠭᠤᠯᠤᠨ ᠬᠡᠪᠯᠡᠭᠦᠯᠵᠦ ᠲᠠᠷᠬᠠᠭ᠋ᠠᠬᠤ ᠵᠡᠷᠭᠡ ᠵᠢ ᠵᠣᠬᠢᠶᠠᠨ ᠪᠠᠢ᠌ᠭᠤᠯᠤᠨ᠎ᠠ᠃ ᠬᠡᠪᠴᠢᠶᠡᠯᠡᠭᠳᠡᠯᠲᠠᠢ ᠮᠡᠳᠡᠭᠡ ᠵᠠᠩᠭᠢ ᠵᠢᠨ ᠲᠣᠣᠷ ᠰᠦᠯᠵᠢᠶᠡᠨ᠎ᠤ ᠠᠵᠢᠯᠯᠠᠭ᠎ᠠ ᠵᠢ ᠡᠭᠦᠷᠭᠡᠯᠡᠨ ᠬᠠᠮᠠᠭ᠋ᠠᠯᠠᠵᠤ᠂ ᠠᠯᠪᠠᠨ ᠠᠵᠢᠯ᠎ᠢ ᠠᠦ᠋ᠲ᠋ᠣᠮᠠᠲᠴᠢᠯᠠᠬᠤ ᠠᠵᠢᠯ᠎ᠢ ᠡᠭᠦᠷᠭᠡᠯᠡᠨ᠎ᠡ᠃ ᠣᠷᠴᠢᠨ ᠠᠬᠤᠢ ᠵᠢᠨ ᠲᠤᠬᠠᠢ ᠮᠡᠳᠡᠭᠡ ᠵᠠᠩᠭᠢ ᠪᠠ ᠬᠣᠯᠪᠣᠭᠳᠠᠯ ᠪᠦᠬᠦᠢ ᠮᠡᠳᠡᠭᠡ ᠵᠠᠩᠭᠢ ᠵᠢ ᠡᠮᠬᠢᠳᠬᠡᠨ ᠴᠤᠭᠯᠠᠭᠤᠯᠬᠤ᠂ ᠬᠠᠳᠠᠭ᠋ᠠᠯᠠᠬᠤ ᠪᠠ ᠨᠠᠢ᠌ᠷᠠᠭᠤᠯᠤᠨ ᠳᠠᠮᠵᠢᠭᠤᠯᠵᠤ᠂ ᠥᠪᠡᠷᠲᠡᠭᠡᠨ ᠵᠠᠰᠠᠬᠤ ᠣᠷᠣᠨ᠎ᠤ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠲᠢᠩᠬᠢᠮ᠎ᠤᠨ ᠭᠠᠳᠠᠭᠰᠢ ᠨᠡᠢ᠌ᠲᠡᠯᠡᠬᠦ ᠲᠣᠣᠷ ᠰᠦᠯᠵᠢᠶ᠎ᠡ ᠵᠢ ᠬᠠᠮᠢᠶᠠᠷᠴᠤ᠂ ᠰᠦᠯᠵᠢᠶᠡᠨ᠎ᠤ ᠬᠠᠭᠤᠳᠠᠰᠤ ᠵᠣᠬᠢᠶᠠᠵᠤ᠂ ᠨᠡᠶ᠋ᠢᠭᠡᠮ᠎ᠳᠤ ᠵᠢᠷᠤᠮᠵᠢᠭᠰᠠᠨ ᠣᠷᠴᠢᠨ ᠲᠣᠭᠣᠷᠢᠨ᠎ᠤ ᠮᠡᠳᠡᠭᠡ ᠵᠠᠩᠭᠢ ᠵᠢ ᠬᠠᠩᠭ᠋ᠠᠨ᠎ᠠ᠃
ᠠᠵᠢᠯᠯᠠᠬᠤ ᠬᠠᠶᠢᠭ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠬᠡᠬᠣᠲᠠ ᠵᠢᠨ ᠰᠠᠶ᠋ᠢᠬᠠᠨ ᠲᠣᠭᠣᠷᠢᠭ᠎ᠤᠨ ᠳᠡᠭᠦᠯᠢᠯᠲᠡ ᠵᠠᠮ᠎ᠤᠨ 39 ᠳ᠋ᠦ᠍ᠭᠡᠷ ᠨᠣᠮᠧᠷ
ᠬᠠᠷᠢᠭᠤᠴᠠᠯᠭ᠋ᠠᠲᠠᠨ᠄ ᠪᠠᠢ ᡁᠢ ᠹᠧᠩ
ᠬᠠᠷᠢᠯᠴᠠᠬᠤ ᠤᠲᠠᠰᠤ᠄ 0471 — 4632189