ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠠᠮᠢ ᠠᠬᠤᠢ᠎ᠶᠢᠨ ᠬᠠᠮᠠᠭᠠᠯᠠᠯᠲᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ
ᠪᠣᠬᠢᠷᠳᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ
ᠢᠯᠡ ᠵᠠᠰᠠᠭ   -   ᠬᠠᠷᠢᠶᠠᠯᠠᠭᠳᠠᠬᠤ ᠪᠠᠶ᠋ᠢᠭᠤᠯᠤᠮᠵᠢ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠠᠲᠠᠭᠤ ᠪᠡᠶᠡᠲᠦ ᠬᠠᠶᠠᠭᠳᠠᠮᠠᠯ ᠡᠳ᠋ ᠪᠠ ᠬᠢᠮᠢ ᠵᠢᠨ ᠪᠣᠳᠠᠰ᠎ᠢ ᠬᠠᠮᠢᠶᠠᠷᠬᠤ ᠮᠡᠷᠭᠡᠵᠢᠯ᠎ᠤᠨ ᠲᠥᠪ
ᠨᠡᠶ᠋ᠢᠲᠡᠯᠡᠭᠰᠡᠨ ᠴᠠᠭ᠄ 2018-09-13

      ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠠᠲᠠᠭᠤ ᠪᠡᠶᠡᠲᠦ ᠬᠠᠶᠠᠭᠳᠠᠮᠠᠯ ᠡᠳ᠋ ᠪᠠ ᠬᠢᠮᠢ ᠵᠢᠨ ᠪᠣᠳᠠᠰ᠎ᠢ ᠬᠠᠮᠢᠶᠠᠷᠬᠤ ᠮᠡᠷᠭᠡᠵᠢᠯ᠎ᠤᠨ ᠲᠥᠪ (ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠮᠠᠰᠢᠨ ᠲᠡᠷᠭᠡ ᠵᠢᠨ ᠪᠣᠬᠢᠷᠲᠤᠭᠤᠯᠤᠭᠴᠢ ᠡᠳ᠋᠎ᠢ ᠰᠡᠷᠭᠡᠢ᠍ᠯᠡᠨ ᠵᠠᠰᠠᠵᠤ ᠬᠢᠨᠠᠨ ᠬᠡᠮᠵᠢᠬᠦ ᠲᠥᠪ᠎ᠤᠨ ᠫᠠᠶ᠋ᠢᠰᠠ᠎ᠲᠠᠢ)   ᠪᠣᠯ ᠥᠪᠡᠷᠲᠡᠭᠡᠨ ᠵᠠᠰᠠᠬᠤ ᠣᠷᠣᠨ᠎ᠤ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠲᠢᠩᠬᠢᠮ᠎ᠳᠤ ᠬᠠᠷᠢᠶᠠᠯᠠᠭᠳᠠᠬᠤ ᠭᠠᠵᠠᠷ᠎ᠤᠨ ᠳᠡᠰ᠎ᠤᠨ ᠠᠵᠢᠯ ᠦᠢ᠍ᠯᠡᠰ᠎ᠤᠨ ᠨᠢᠭᠡᠴᠢ ᠪᠣᠯᠤᠨ᠎ᠠ᠃ ᠲᠡᠭᠦᠨ᠎ᠤ ᠭᠣᠣᠯ ᠡᠭᠦᠷᠭᠡ ᠬᠠᠷᠢᠭᠤᠴᠠᠯᠭ᠎ᠠ ᠪᠣᠯ᠄ ᠪᠦᠬᠦ ᠣᠷᠣᠨ᠎ᠤ ᠬᠠᠲᠠᠭᠤ ᠪᠡᠶᠡᠲᠦ ᠬᠠᠶᠠᠭᠳᠠᠮᠠᠯ ᠡᠳ᠋᠎ᠲᠤ ᠣᠷᠴᠢᠨ ᠲᠣᠭᠣᠷᠢᠨ᠎ᠢ ᠬᠠᠮᠠᠭ᠋ᠠᠯᠠᠬᠤ ᠬᠢᠨᠠᠯᠲᠠ ᠲᠠᠯᠪᠢᠵᠤ ᠪᠠᠶ᠋ᠢᠴᠠᠭ᠋ᠠᠬᠤ ᠠᠵᠢᠯ᠎ᠢ ᠥᠷᠨᠢᠭᠦᠯᠬᠦ᠎ᠳᠤ ᠣᠷᠣᠯᠴᠠᠨ᠎ᠠ᠃ ᠪᠥᠬᠥ ᠣᠷᠣᠨ᠎ᠤ ᠬᠠᠲᠠᠭᠤ ᠪᠡᠶᠡᠲᠦ ᠬᠠᠶᠠᠭᠳᠠᠮᠠᠯ ᠡᠳ᠋᠎ᠢ ᠳᠡᠭᠡᠭᠰᠢ ᠮᠡᠳᠡᠭᠦᠯᠵᠦ ᠳᠠᠩᠰᠠᠯᠠᠭᠤᠯᠬᠤ᠂ ᠲᠤᠰᠬᠠᠶ ᠵᠦᠢ᠍ᠯ᠎ᠤᠨ ᠪᠠᠢ᠌ᠴᠠᠭ᠋ᠠᠨ ᠰᠤᠳᠤᠯᠤᠯᠲᠠ ᠬᠢᠬᠦ ᠪᠠ ᠮᠡᠳᠡᠭᠡ ᠵᠠᠩᠭᠢ ᠵᠢᠨ ᠬᠠᠮᠢᠶᠠᠷᠤᠯᠲᠠ ᠵᠢᠨ ᠰᠢᠰᠲ᠋ᠧᠮ᠎ᠤᠨ ᠬᠡᠷᠡᠭᠯᠡᠯᠲᠡ ᠵᠢ ᠡᠭᠦᠷᠭᠡᠯᠡᠨ᠎ᠡ᠃ ᠪᠦᠬᠦ ᠣᠷᠣᠨ᠎ᠤ ᠬᠠᠲᠠᠭᠤ ᠪᠡᠶᠡᠲᠦ ᠬᠠᠶᠠᠭᠳᠠᠮᠠᠯ ᠡᠳ᠋᠎ᠢ ᠰᠢᠢ᠍ᠳᠪᠦᠷᠢᠯᠡᠬᠦ ᠲᠥᠬᠥᠭᠡᠷᠦᠮᠵᠢ ᠵᠢ ᠠᠵᠢᠯᠯᠠᠭᠤᠯᠵᠤ ᠪᠠᠶ᠋ᠢᠬᠤ ᠪᠠ ᠠᠶᠤᠯᠲᠠᠶ ᠬᠠᠶᠠᠭᠳᠠᠮᠠᠯ ᠡᠳ᠋᠎ᠢ ᠰᠢᠯᠵᠢᠭᠦᠯᠬᠦ ᠬᠣᠯᠪᠣᠭ᠋ᠠᠰᠤ ᠪᠠᠷᠢᠮᠲᠠ ᠵᠢ ᠬᠡᠷᠡᠭᠯᠡᠬᠦ ᠠᠵᠢᠯ᠎ᠢ ᠬᠢᠨᠠᠨ ᠪᠠᠢ᠌ᠴᠠᠭ᠋ᠠᠨ᠎ᠠ᠃ ᠪᠦᠬᠦ ᠣᠷᠣᠨ᠎ᠤ ᠭᠠᠳᠠᠭ᠋ᠠᠳᠤ᠎ᠠᠴᠠ ᠣᠷᠣᠭᠤᠯᠬᠤ ᠪᠠ ᠭᠠᠳᠠᠭ᠋ᠠᠳᠤ᠎ᠳᠤ ᠭᠠᠷᠭ᠋ᠠᠬᠤ ᠬᠠᠶᠠᠭᠳᠠᠮᠠᠯ ᠡᠳ᠋ ᠵᠢᠴᠢ ᠠᠶᠤᠯᠲᠠᠶ ᠬᠠᠶᠠᠭᠳᠠᠮᠠᠯ ᠡᠳ᠋᠎ᠤᠨ ᠡᠵᠡᠩᠨᠡᠯᠲᠡ ᠵᠢᠨ ᠵᠥᠪᠰᠢᠶᠡᠷᠡᠯ᠎ᠤᠨ ᠦᠨᠡᠮᠯᠡᠯ᠎ᠢ ᠮᠡᠷᠭᠡᠵᠢᠯ᠎ᠤᠨ ᠬᠢᠨᠠᠨ ᠬᠠᠷᠭᠤᠭᠤᠯᠬᠤ ᠠᠵᠢᠯ᠎ᠢ ᠡᠭᠦᠷᠭᠡᠯᠡᠨ᠎ᠡ᠃ ᠠᠶᠤᠯᠲᠠᠶ ᠬᠠᠶᠠᠭᠳᠠᠮᠠᠯ ᠡᠳ᠋᠎ᠤᠨ ᠪᠣᠬᠢᠷᠲᠤᠯ᠎ᠤᠨ ᠭᠡᠨᠡᠳᠲᠡ ᠭᠠᠷᠤᠭᠰᠠᠨ ᠡᠨᠳᠡᠯ᠎ᠢ ᠬᠠᠮᠵᠢᠨ ᠰᠢᠢ᠍ᠳᠪᠦᠷᠢᠯᠡᠨ᠎ᠡ᠃ ᠪᠥᠬᠥ ᠣᠷᠣᠨ᠎ᠤ ᠬᠠᠲᠠᠭᠤ ᠪᠡᠶᠡᠲᠦ ᠬᠠᠶᠠᠭᠳᠠᠮᠠᠯ ᠡᠳ᠋᠎ᠤᠨ ᠪᠣᠬᠢᠷᠲᠤᠯ᠎ᠢ ᠰᠡᠷᠭᠡᠶ᠋ᠢᠯᠡᠨ ᠵᠠᠰᠠᠬᠤ ᠲᠧᠭᠨᠢᠭ ᠮᠡᠷᠭᠡᠵᠢᠯ᠎ᠤᠨ ᠲᠠᠯ᠎ᠠ᠎ᠪᠠᠷ ᠰᠣᠯᠢᠯᠴᠠᠭ᠎ᠠ ᠬᠢᠬᠦ᠂ ᠳᠠᠪᠲᠠᠨ ᠪᠣᠯᠪᠠᠰᠤᠷᠠᠬᠤ ᠪᠠ ᠵᠥᠪᠯᠡᠯᠭᠡ ᠥᠭᠬᠦ ᠵᠡᠷᠭᠡ ᠠᠵᠢᠯ᠎ᠢ ᠥᠷᠨᠢᠭᠦᠯᠦᠨ᠎ᠡ᠃ ᠮᠠᠰᠢᠨ ᠬᠥᠳᠡᠯᠭᠡᠭᠦᠷᠲᠦ ᠲᠡᠷᠭᠡ ᠵᠢᠨ ᠠᠽᠣᠲ᠎ᠤᠨ ᠢᠰᠦᠮᠡᠭ ᠪᠣᠳᠠᠰ᠎ᠤᠨ ᠭᠠᠳᠠᠭᠰᠢᠯᠠᠭᠤᠯᠤᠯᠲᠠ ᠵᠢᠨ ᠶᠡᠷᠦᠩᠬᠡᠶ ᠬᠡᠮᠵᠢᠶ᠎ᠡ᠎ᠳᠤ ᠲᠣᠭ᠋ᠠᠴᠠᠭ᠎ᠠ ᠬᠢᠬᠦ᠂ ᠪᠠᠭ᠋ᠠᠰᠬᠠᠬᠤ ᠲᠥᠰᠦᠯ᠎ᠢ ᠨᠠᠶ᠋ᠢᠷᠠᠭᠤᠯᠤᠨ ᠵᠣᠬᠢᠶᠠᠬᠤ ᠪᠠ ᠮᠠᠰᠢᠨ ᠲᠡᠷᠭᠡᠨ᠎ᠤ ᠪᠣᠬᠢᠷᠲᠤᠯ᠎ᠢ ᠰᠡᠷᠭᠡᠶ᠋ᠢᠯᠡᠨ ᠵᠠᠰᠠᠬᠤ ᠮᠡᠷᠭᠡᠵᠢᠯ᠎ᠤᠨ ᠰᠤᠳᠤᠯᠭ᠋ᠠᠨ᠂ ᠳᠠᠪᠲᠠᠨ ᠪᠣᠯᠪᠠᠰᠤᠷᠠᠬᠤ ᠪᠠ ᠬᠢᠨᠠᠨ ᠰᠢᠯᠭ᠋ᠠᠬᠤ ᠠᠵᠢᠯ᠎ᠢ ᠬᠠᠷᠢᠭᠤᠴᠠᠨ᠎ᠠ᠃ ᠠᠶ᠋ᠢᠮᠠᠭ ᠬᠣᠲᠠ ᠵᠢ ᠵᠢᠯᠣᠭᠣᠳᠴᠤ ᠮᠠᠰᠢᠨ ᠲᠡᠷᠭᠡᠨ᠎ᠤ ᠤᠳᠤᠭ᠎ᠠ ᠵᠢᠨ ᠪᠣᠬᠢᠷᠲᠤᠯ ᠪᠣᠳᠠᠰ᠎ᠢ ᠰᠢᠯᠭ᠋ᠠᠨ ᠪᠠᠶ᠋ᠢᠴᠠᠭ᠋ᠠᠬᠤ ᠵᠡᠷᠭᠡ ᠠᠵᠢᠯ᠎ᠢ ᠥᠷᠨᠢᠭᠦᠯᠦᠨ᠎ᠡ᠃ ᠬᠡᠷᠡᠭᠯᠡᠵᠦ ᠪᠠᠶ᠋ᠢᠭ᠎ᠠ ᠮᠠᠰᠢᠨ ᠲᠡᠷᠭᠡ ᠵᠢᠨ ᠭᠠᠳᠠᠭᠰᠢᠯᠠᠭᠤᠯᠤᠯᠲᠠ ᠵᠢᠨ ᠰᠢᠯᠭ᠋ᠠᠨ ᠬᠡᠮᠵᠢᠬᠦ ᠶᠠᠪᠤᠴᠠ᠎ᠳᠤ ᠡᠭᠦᠰᠦᠭᠰᠡᠨ ᠮᠠᠷᠭᠤᠭ᠋ᠠᠨ᠎ᠢ ᠬᠥᠨᠳᠡᠯᠡᠨ᠎ᠠᠴᠠ ᠲᠠᠰᠤᠯᠬᠤ ᠮᠡᠷᠭᠡᠵᠢᠯ᠎ᠤᠨ ᠳᠡᠮᠵᠢᠯᠭᠡ ᠬᠠᠩᠭ᠋ᠠᠨ᠎ᠠ᠃ ᠬᠣᠯᠪᠣᠭᠳᠠᠯ ᠪᠦᠬᠦᠢ ᠰᠠᠯᠠᠭ᠎ᠠ ᠮᠥᠴᠢᠷ᠎ᠲᠠᠢ ᠬᠠᠮᠵᠢᠯᠴᠠᠨ᠂ ᠮᠠᠰᠢᠨ ᠲᠡᠷᠭᠡ ᠵᠢᠨ ᠤᠲᠤᠭ᠎ᠠ ᠵᠢᠨ ᠵᠠᠮ᠎ᠤᠨ ᠪᠠᠶ᠋ᠢᠴᠠᠭ᠋ᠠᠯᠲᠠ᠂ ᠰᠤᠭᠤᠴᠢᠨ ᠪᠠᠢ᠌ᠴᠠᠭ᠋ᠠᠯᠲᠠ ᠵᠢᠴᠢ ᠲᠣᠰᠣᠨ ᠬᠡᠢ ᠵᠢ ᠡᠭᠡᠭᠦᠯᠦᠨ ᠬᠤᠷᠢᠶᠠᠬᠤ ᠶᠡᠷᠦᠩᠬᠡᠶ᠋ᠢᠯᠡᠨ ᠵᠠᠰᠠᠬᠤ ᠠᠵᠢᠯ᠎ᠢ ᠥᠷᠨᠢᠭᠦᠯᠦᠨ᠎ᠡ᠃ ᠮᠠᠰᠢᠨ ᠲᠡᠷᠭᠡ ᠰᠢᠯᠭ᠋ᠠᠨ ᠪᠠᠶ᠋ᠢᠴᠠᠭ᠋ᠠᠬᠤ ᠪᠠᠶ᠋ᠢᠭᠤᠯᠤᠮᠵᠢ ᠵᠢᠨ ᠠᠵᠢᠯᠯᠠᠭ᠋ᠠᠨ᠎ᠤ ᠬᠢᠨᠠᠨ ᠬᠠᠮᠢᠶᠠᠷᠬᠤ ᠪᠠ ᠮᠡᠷᠭᠡᠵᠢᠯ᠎ᠤᠨ ᠠᠵᠢᠯ᠎ᠢ ᠡᠭᠦᠷᠭᠡᠯᠡᠨ᠎ᠡ᠃ ᠪᠥᠬᠥ ᠣᠷᠣᠨ᠎ᠤ ᠮᠠᠰᠢᠨ ᠲᠡᠷᠭᠡ ᠵᠢᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠲᠡᠮᠳᠡᠭ ᠣᠯᠭᠣᠬᠤ᠂ ᠬᠡᠷᠡᠭᠯᠡᠬᠦ᠂ ᠬᠠᠮᠢᠶᠠᠷᠬᠤ᠎ᠳᠤ ᠬᠣᠯᠪᠣᠭᠳᠠᠯ ᠪᠥᠬᠥᠢ ᠠᠵᠢᠯ᠎ᠢ ᠡᠭᠦᠷᠭᠡᠯᠡᠨ᠎ᠡ᠃ ᠥᠪᠡᠷᠲᠡᠭᠡᠨ ᠵᠠᠰᠠᠬᠤ ᠣᠷᠣᠨ᠎ᠤ ᠪᠣᠬᠢᠷᠲᠤᠭᠰᠠᠨ ᠭᠠᠵᠠᠷ᠎ᠤᠨ ᠬᠠᠮᠢᠶᠠᠷᠤᠯᠲᠠ ᠲᠤᠬᠠᠢ ᠮᠡᠷᠭᠡᠵᠢᠯ᠎ᠤᠨ ᠬᠢᠨᠠᠨ ᠬᠠᠷᠭᠤᠭᠤᠯᠵᠤ᠂ ᠮᠡᠷᠭᠡᠵᠢᠯ᠎ᠤᠨ ᠪᠣᠯᠪᠠᠰᠤᠷᠠᠯ ᠵᠢᠴᠢ ᠪᠤᠰᠤᠳ ᠬᠣᠯᠪᠣᠭᠳᠠᠯ ᠪᠦᠬᠦᠢ ᠮᠡᠷᠭᠡᠵᠢᠯ᠎ᠤᠨ ᠳᠡᠮᠵᠢᠯᠭᠡ ᠦᠵᠡᠭᠦᠯᠬᠦ ᠠᠵᠢᠯ᠎ᠢ ᠡᠭᠦᠷᠭᠡᠯᠡᠨ᠎ᠡ᠃ ᠪᠣᠬᠢᠷᠲᠤᠭᠰᠠᠨ ᠭᠠᠵᠠᠷ ᠣᠷᠣᠨ᠎ᠤ ᠬᠠᠤᠯᠢ ᠲᠣᠭᠲᠠᠭ᠋ᠠᠯ ᠪᠣᠯᠤᠨ ᠬᠠᠮᠢᠶᠠᠷᠤᠯᠲᠠ ᠵᠢᠨ ᠳᠦᠷᠢᠮ ᠲᠣᠭᠲᠠᠭ᠋ᠠᠯ᠎ᠢ ᠰᠤᠳᠤᠯᠤᠨ ᠲᠤᠭᠤᠷᠪᠢᠬᠤ ᠵᠡᠷᠭᠡ ᠬᠣᠯᠪᠣᠭᠳᠠᠯ ᠪᠦᠬᠦᠢ ᠠᠵᠢᠯ᠎ᠢ ᠡᠭᠦᠷᠭᠡᠯᠡᠨ᠎ᠡ᠃ ᠬᠢᠮᠢ ᠵᠢᠨ ᠪᠦᠲᠦᠭᠡᠭᠳᠡᠬᠦᠨ᠎ᠤ ᠣᠷᠴᠢᠨ ᠲᠣᠭᠣᠷᠢᠨ᠎ᠤ ᠬᠠᠮᠢᠶᠠᠷᠤᠯᠲᠠ ᠵᠢᠨ ᠲᠤᠬᠠᠢ ᠪᠠᠢ᠌ᠴᠠᠭ᠋ᠠᠬᠤ᠂ ᠮᠡᠷᠭᠡᠵᠢᠯ᠎ᠤᠨ ᠵᠢᠯᠣᠭᠣᠳᠣᠯᠭ᠎ᠠ ᠬᠢᠬᠦ ᠪᠠ ᠬᠣᠯᠪᠣᠭᠳᠠᠯ ᠪᠦᠬᠦᠢ ᠵᠠᠰᠠᠭ ᠵᠠᠬᠢᠷᠭ᠋ᠠᠨ᠎ᠤ ᠬᠢᠨᠠᠨ ᠵᠥᠪᠰᠢᠶᠡᠷᠡᠬᠦ ᠲᠤᠬᠠᠢ ᠮᠡᠷᠭᠡᠵᠢᠯ᠎ᠤᠨ ᠬᠢᠨᠠᠨ ᠬᠠᠷᠭᠤᠭᠤᠯᠬᠤ ᠵᠡᠷᠭᠡ ᠠᠵᠢᠯ᠎ᠢ ᠡᠭᠦᠷᠭᠡᠯᠡᠨ᠎ᠡ᠃ ᠪᠦᠬᠦ ᠣᠷᠣᠨ᠎ᠤ ᠬᠢᠮᠢ ᠵᠢᠨ ᠪᠣᠳᠠᠰ᠎ᠤᠨ ᠣᠷᠴᠢᠨ ᠲᠣᠭᠣᠷᠢᠨ᠎ᠤ ᠬᠠᠮᠢᠶᠠᠷᠤᠯᠲᠠ ᠵᠢᠨ ᠮᠡᠳᠡᠭᠡ ᠵᠠᠩᠭᠢ ᠵᠢᠨ ᠰᠢᠰᠲ᠋ᠧᠮ᠎ᠢ ᠪᠠᠶ᠋ᠢᠭᠤᠯᠬᠤ ᠪᠠ ᠬᠠᠮᠠᠭ᠋ᠠᠯᠠᠬᠤ ᠠᠵᠢᠯ᠎ᠢ ᠡᠭᠦᠷᠭᠡᠯᠡᠨ᠎ᠡ᠃ ᠬᠢᠮᠢ ᠵᠢᠨ ᠵᠦᠢ᠍ᠯ᠎ᠤᠨ ᠭᠡᠨᠡᠳᠲᠡ ᠭᠠᠷᠬᠤ ᠬᠡᠷᠡᠭ ᠶᠠᠪᠤᠳᠠᠯ᠎ᠤᠨ ᠣᠷᠴᠢᠨ ᠲᠣᠭᠣᠷᠢᠨ᠎ᠤ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠬᠣᠯᠪᠣᠭᠳᠠᠯ ᠪᠥᠬᠦᠢ ᠰᠠᠯᠠᠭ᠎ᠠ ᠮᠥᠴᠢᠷ᠎ᠲᠤ ᠬᠠᠮᠵᠢᠨ ᠪᠠᠶ᠋ᠢᠴᠠᠭ᠋ᠠᠬᠤ᠂ ᠦᠨᠡᠯᠡᠨ ᠵᠢᠱ᠌ᠢᠬᠦ ᠪᠠ ᠰᠡᠭᠦᠯᠴᠢ ᠵᠢᠨ ᠰᠢᠢ᠍ᠳᠪᠦᠷᠢᠯᠡᠬᠦ ᠵᠡᠷᠭᠡ ᠬᠣᠯᠪᠣᠭᠳᠠᠯ ᠪᠦᠬᠦᠢ ᠠᠵᠢᠯ᠎ᠢ ᠬᠠᠷᠢᠭᠤᠴᠠᠨ᠎ᠠ᠃ ᠬᠣᠯᠪᠣᠭᠳᠠᠯ ᠪᠥᠬᠦᠢ ᠰᠠᠯᠠᠭ᠎ᠠ ᠮᠥᠴᠢᠷ᠎ᠲᠤ ᠬᠠᠮᠵᠢᠨ ᠬᠢᠮᠢ ᠵᠢᠨ ᠵᠦᠢ᠍ᠯ᠎ᠤᠨ ᠣᠷᠴᠢᠨ ᠲᠣᠭᠣᠷᠢᠨ᠎ᠤ ᠬᠠᠮᠢᠶᠠᠷᠤᠯᠲᠠ᠂ ᠬᠣᠣᠷᠲᠠᠢ ᠬᠢᠮᠢ ᠵᠢᠨ ᠪᠣᠳᠠᠰ᠎ᠢ ᠭᠠᠳᠠᠭ᠋ᠠᠳᠤ᠎ᠠᠴᠠ ᠣᠷᠣᠭᠤᠯᠬᠤ ᠪᠠ ᠭᠠᠳᠠᠭ᠋ᠠᠳᠤ᠎ᠳᠤ ᠭᠠᠷᠭ᠋ᠠᠬᠤ ᠣᠷᠴᠢᠨ ᠲᠣᠭᠣᠷᠢᠨ᠎ᠤ ᠬᠠᠮᠢᠶᠠᠷᠤᠯᠲᠠ ᠵᠢ ᠲᠤᠬᠠᠶ ᠵᠢᠨ ᠭᠠᠵᠠᠷ᠎ᠲᠤᠨᠢ ᠪᠠᠶ᠋ᠢᠴᠠᠭ᠋ᠠᠨ ᠦᠵᠡᠬᠦ ᠡᠳᠦᠷ ᠲᠤᠳᠤᠮ᠎ᠤᠨ ᠬᠢᠨᠠᠯᠲᠠ ᠲᠠᠯᠪᠢᠬᠤ ᠵᠡᠷᠭᠡ ᠠᠵᠢᠯ᠎ᠢ ᠬᠢᠨ᠎ᠡ᠃
      ᠠᠵᠢᠯᠯᠠᠬᠤ ᠬᠠᠶᠢᠭ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠬᠡᠬᠣᠲᠠ ᠵᠢᠨ ᠰᠠᠶ᠋ᠢᠬᠠᠨ ᠲᠣᠭᠣᠷᠢᠭ᠎ᠤᠨ ᠳᠡᠭᠦᠯᠢᠯᠲᠡ ᠵᠠᠮ᠎ᠤᠨ 39 ᠳ᠋ᠦ᠍ᠭᠡᠷ ᠨᠣᠮᠧᠷ
      ᠬᠠᠷᠢᠭᠤᠴᠠᠯᠭ᠋ᠠᠲᠠᠨ᠄ ᠸᠠᠩ ᠴᠧᠩ ᠵᠢᠨ
      ᠬᠠᠷᠢᠯᠴᠠᠬᠤ ᠤᠲᠠᠰᠤ᠄ 0471 — 4632158

ᠢᠷᠡᠯᠲᠡ᠄ ᠦᠪᠦᠷ ᠮᠣᠩᠭᠤᠯ᠎ᠤᠨ ᠦᠪᠡᠷᠲᠡᠭᠡᠨ ᠵᠠᠰᠠᠬᠤ ᠣᠷᠣᠨ᠎ᠤ ᠣᠷᠴᠢᠨ ᠲᠤᠭᠤᠷᠢᠨ᠎ᠤ ᠬᠠᠮᠠᠭ᠋ᠠᠯᠠᠯᠲᠠ ᠵᠢᠨ ᠲᠢᠩᠬᠢᠮ
          
ᠬᠠᠮᠢᠶ᠎ᠡ ᠪᠦᠬᠦᠢ ᠰᠣᠨᠢᠨ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠪᠣᠬᠢᠷᠲᠤᠯ ᠭᠠᠳᠠᠭᠰᠢᠯᠠᠭᠤᠯᠬᠤ ᠡᠷᠬᠡ ᠵᠢᠨ ᠠᠷᠠᠯᠵᠢᠶ᠎ᠠ ᠵᠢᠨ ᠬᠠᠮᠢᠶᠠᠷᠤᠯᠲᠠ ᠵᠢᠨ ᠲᠥᠪ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠲᠢᠩᠬᠢᠮ᠎ᠤᠨ ᠪᠠᠶ᠋ᠢᠭᠤᠯᠭ᠎ᠠ ᠵᠢᠨ ᠶᠠᠪᠤᠳᠠᠯ᠎ᠤᠨ ᠦᠢ᠍ᠯᠡᠴᠢᠯᠡᠭᠡᠨ᠎ᠤ ᠲᠥᠪ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠵᠢᠨ ᠣᠷᠴᠢᠨ ᠲᠣᠭᠣᠷᠢᠨ᠎ᠤ ᠶᠡᠷᠦᠩᠬᠡᠢ᠌ᠯᠡᠭᠰᠡᠨ ᠪᠠᠲᠤᠯᠠᠭ᠎ᠠ ᠵᠢᠨ ᠲᠥᠪ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠰᠢᠨᠵᠢᠯᠡᠬᠦ ᠤᠬᠠᠭ᠋ᠠᠨ᠎ᠤ ᠰᠤᠳᠤᠯᠤᠯ᠎ᠤᠨ ᠬᠦᠷᠢᠶᠡᠯᠡᠩ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠵᠢᠨ ᠠᠮᠤᠷ ᠲᠦᠪᠰᠢᠨ᠎ᠤ ᠬᠠᠯᠬᠠᠪᠴᠢ ᠵᠢᠨ ᠰᠤᠳᠤᠯᠭ᠋ᠠᠨ᠎ᠤ ᠬᠦᠷᠢᠶᠡᠯᠡᠩ
 
             蒙ICP备05000248号