ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠠᠮᠢ ᠠᠬᠤᠢ᠎ᠶᠢᠨ ᠬᠠᠮᠠᠭᠠᠯᠠᠯᠲᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ
ᠪᠣᠬᠢᠷᠳᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ
ᠢᠯᠡ ᠵᠠᠰᠠᠭ   -   ᠬᠠᠷᠢᠶᠠᠯᠠᠭᠳᠠᠬᠤ ᠪᠠᠶ᠋ᠢᠭᠤᠯᠤᠮᠵᠢ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠷᠴᠢᠨ ᠲᠣᠭᠣᠷᠢᠨ᠎ᠤ ᠬᠢᠨᠠᠨ ᠬᠡᠮᠵᠢᠯᠲᠡ ᠵᠢᠨ ᠲᠥᠪ ᠦᠷᠲᠡᠭᠡ
ᠨᠡᠶ᠋ᠢᠲᠡᠯᠡᠭᠰᠡᠨ ᠴᠠᠭ᠄ 2018-09-18

      ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠷᠴᠢᠨ ᠲᠣᠭᠣᠷᠢᠨ᠎ᠤ ᠬᠢᠨᠠᠨ ᠬᠡᠮᠵᠢᠯᠲᠡ ᠵᠢᠨ ᠲᠥᠪ ᠥᠷᠲᠡᠭᠡ ᠪᠣᠯ ᠥᠪᠡᠷᠲᠡᠭᠡᠨ ᠵᠠᠰᠠᠬᠤ ᠣᠷᠣᠨ᠎ᠤ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠲᠢᠩᠬᠢᠮ᠎ᠳᠤ ᠬᠠᠷᠢᠶᠠᠯᠠᠭᠳᠠᠬᠤ ᠭᠠᠵᠠᠷ᠎ᠤᠨ ᠳᠡᠰ ᠠᠵᠢᠯ ᠦᠢ᠍ᠯᠡᠰ᠎ᠤᠨ ᠨᠢᠭᠡᠴᠢ ᠪᠣᠯᠤᠨ᠎ᠠ᠃ ᠲᠡᠭᠦᠨ᠎ᠤ ᠭᠣᠣᠯ ᠡᠭᠦᠷᠭᠡ ᠬᠠᠷᠢᠭᠤᠴᠠᠯᠭ᠎ᠠ ᠪᠣᠯ᠄ ᠪᠥᠬᠥ ᠣᠷᠣᠨ᠎ᠤ ᠣᠷᠴᠢᠨ ᠲᠣᠭᠣᠷᠢᠨ᠎ᠤ ᠠᠭ᠋ᠠᠷ᠂ ᠤᠰᠤ᠂ ᠬᠥᠷᠥᠰᠥ᠂ ᠱᠤᠤᠭᠢᠶᠠᠨ᠂ ᠰᠠᠴᠤᠷᠠᠭ ᠪᠠ ᠠᠮᠢ ᠠᠬᠤᠶ ᠵᠡᠷᠭᠡ ᠣᠷᠴᠢᠨ ᠲᠣᠭᠣᠷᠢᠨ᠎ᠤ ᠴᠢᠬᠤᠯᠠ ᠡᠯᠧᠮᠧᠨ᠋ᠲ᠎ᠲᠤ ᠣᠷᠴᠢᠨ ᠲᠣᠭᠣᠷᠢᠨ᠎ᠤ ᠬᠢᠨᠠᠨ ᠬᠡᠮᠵᠢᠬᠦ ᠪᠠ ᠤᠷᠢᠳᠴᠢᠯᠠᠨ ᠰᠡᠷᠡᠮᠵᠢᠯᠡᠭᠦᠯᠬᠦ ᠬᠢᠨᠠᠨ ᠬᠡᠮᠵᠢᠯᠲᠡ ᠬᠢᠵᠦ᠂ ᠣᠷᠴᠢᠨ ᠲᠣᠭᠣᠷᠢᠨ᠎ᠢ   ᠪᠣᠬᠢᠷᠲᠤᠭᠤᠯᠬᠤ   ᠪᠣᠳᠠᠰ ᠭᠠᠳᠠᠭᠰᠢᠯᠠᠭᠤᠯᠬᠤ ᠪᠤᠶᠤ ᠣᠷᠴᠢᠨ ᠲᠣᠭᠣᠷᠢᠨ᠎ᠳᠤ ᠮᠠᠭᠤ ᠨᠥᠯ᠊ ᠊ᠥᠭᠡ ᠡᠭᠦᠰᠭᠡᠭᠰᠡᠨ ᠭᠠᠵᠠᠷ᠂ ᠪᠡᠯᠡᠳᠬᠡᠯ ᠲᠥᠬᠥᠭᠡᠷᠦᠮᠵᠢ ᠵᠢᠴᠢ ᠪᠤᠰᠤᠳ ᠪᠣᠬᠢᠷᠲᠤᠯ ᠡᠭᠦᠰᠦᠭᠰᠡᠨ ᠡᠬᠢ ᠰᠤᠷᠪᠤᠯᠵᠢ ᠵᠢ ᠬᠠᠤᠯᠢ ᠶᠣᠰᠣᠭ᠋ᠠᠷ ᠲᠣᠭᠲᠠᠮᠠᠯ ᠬᠤᠭᠤᠴᠠᠭ᠎ᠠ᠎ᠲᠠᠢ᠎ᠪᠠᠷ ᠬᠢᠨᠠᠯᠲᠠ ᠵᠢᠨ ᠴᠢᠨᠠᠷᠲᠠᠶ ᠬᠢᠨᠠᠨ ᠬᠡᠮᠵᠢᠬᠦ᠂ ᠥᠪᠡᠷᠲᠡᠭᠡᠨ ᠵᠠᠰᠠᠬᠤ ᠣᠷᠣᠨ᠎ᠤ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠡᠷᠬᠢᠯᠡᠨ ᠬᠠᠮᠢᠶᠠᠷᠬᠤ ᠰᠠᠯᠠᠭ᠎ᠠ ᠮᠥᠴᠢᠷ᠎ᠠᠴᠠ ᠬᠢᠨᠠᠨ ᠵᠥᠪᠰᠢᠶᠡᠷᠡᠭᠰᠡᠨ ᠪᠥᠳᠥᠭᠡᠨ ᠪᠠᠶ᠋ᠢᠭᠤᠯᠤᠯᠲᠠ ᠵᠢᠨ ᠲᠥᠷᠥᠯ ᠵᠦᠢ᠍ᠯ᠎ᠤᠨ ᠪᠠᠷᠢᠯᠭ᠎ᠠ ᠲᠡᠭᠦᠰᠬᠦ ᠦᠶᠡᠰ᠎ᠤᠨ ᠣᠷᠴᠢᠨ ᠲᠣᠭᠣᠷᠢᠨ᠎ᠢ ᠬᠠᠮᠠᠭ᠋ᠠᠯᠠᠬᠤ ᠵᠢ ᠬᠢᠨᠠᠨ ᠬᠡᠮᠵᠢᠬᠦ ᠪᠠ ᠰᠡᠭᠦᠯᠴᠢ ᠵᠢᠨ ᠦᠶ᠎ᠡ ᠵᠢᠨ ᠣᠷᠴᠢᠨ ᠲᠣᠭᠣᠷᠢᠨ᠎ᠢ ᠨᠥᠯᠥᠭᠡᠯᠡᠭᠰᠡᠨ ᠦᠨᠡᠯᠡᠯᠲᠡ ᠰᠢᠯᠭ᠋ᠠᠯᠲᠠ ᠬᠢᠨ᠎ᠡ᠃ ᠠᠶ᠋ᠢᠮᠠᠭ ᠬᠤᠳᠠ ᠪᠣᠯᠤᠨ ᠥᠪᠡᠷᠲᠡᠭᠡᠨ ᠵᠠᠰᠠᠬᠤ ᠣᠷᠣᠨ᠎ᠤ ᠡᠯ᠎ᠡ ᠠᠵᠢᠯ ᠲᠥᠷᠥᠯ᠎ᠤᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠠᠵᠢᠯ᠎ᠳᠤ ᠣᠷᠴᠢᠨ ᠲᠣᠭᠣᠷᠢᠨ᠎ᠤ ᠶᠠᠰᠤ ᠴᠢᠨᠠᠷ᠎ᠤᠨ ᠬᠢᠨᠠᠨ ᠪᠠᠢ᠌ᠴᠠᠭ᠋ᠠᠯᠲᠠ ᠬᠢᠵᠦ᠂ ᠤᠯᠤᠰ ᠪᠠ ᠥᠪᠡᠷᠲᠡᠭᠡᠨ ᠵᠠᠰᠠᠬᠤ ᠣᠷᠣᠨ᠎ᠤ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠡᠷᠬᠢᠯᠡᠨ ᠬᠠᠮᠢᠶᠠᠷᠬᠤ ᠰᠠᠯᠠᠭ᠎ᠠ ᠮᠥᠴᠢᠷ᠎ᠤᠨ ᠪᠠᠶ᠋ᠢᠭᠤᠯᠤᠭᠰᠠᠨ ᠲᠤᠰᠬᠠᠶ ᠵᠦᠢ᠍ᠯ᠎ᠤᠨ ᠬᠢᠨᠠᠨ ᠬᠡᠮᠵᠢᠬᠦ ᠲᠣᠣᠷ᠂ ᠣᠯᠠᠨ ᠤᠯᠤᠰ᠎ᠤᠨ ᠨᠡᠶ᠋ᠢᠲᠡ ᠵᠢᠨ ᠭᠡᠷ᠎ᠡ ᠪᠠ ᠬᠡᠯᠡᠯᠴᠡᠭᠡᠷ ᠵᠢ ᠬᠡᠷᠡᠭᠵᠢᠭᠦᠯᠬᠦ ᠵᠢᠴᠢ ᠤᠯᠠᠨ ᠤᠯᠤᠰ᠎ᠤᠨ ᠬᠠᠮᠲᠤᠷᠠᠯᠴᠠᠭ᠋ᠠᠨ᠎ᠤ ᠲᠥᠷᠥᠯ ᠵᠦᠢ᠍ᠯ᠎ᠳᠤ ᠲᠤᠰᠬᠠᠶ ᠵᠦᠢ᠍ᠯ᠎ᠤᠨ ᠣᠷᠴᠢᠨ ᠲᠣᠭᠣᠷᠢᠨ᠎ᠤ ᠬᠢᠨᠠᠨ ᠬᠡᠮᠵᠢᠯᠲᠡ ᠬᠢᠵᠦ᠂ ᠬᠠᠷᠢᠶ᠎ᠠ ᠣᠷᠣᠨ᠎ᠳᠠᠬᠢ ᠨᠥᠯᠥᠭᠡ᠎ᠨᠢ ᠨᠡᠯᠢᠶᠡᠳ ᠶᠡᠬᠡ ᠪᠤᠶᠤ ᠭᠠᠵᠠᠷ ᠣᠷᠣᠨ ᠠᠯᠤᠰᠯᠠᠭᠰᠠᠨ ᠣᠷᠴᠢᠨ ᠲᠣᠭᠣᠷᠢᠨ᠎ᠤ ᠪᠣᠬᠢᠷᠲᠤᠯ ᠪᠠ ᠠᠮᠢ ᠠᠬᠤᠢ ᠵᠢ ᠡᠪᠳᠡᠭᠰᠡᠨ ᠬᠡᠷᠡᠭ᠎ᠲᠤ ᠪᠠᠴᠢᠮ ᠬᠢᠨᠠᠨ ᠪᠠᠢ᠌ᠴᠠᠭ᠋ᠠᠯᠲᠠ ᠬᠢᠵᠦ᠂ ᠣᠷᠴᠢᠨ ᠠᠬᠤᠶ ᠵᠢᠨ ᠲᠤᠬᠠᠶ ᠵᠢᠭᠤᠷᠠᠯᠳᠤᠭ᠋ᠠᠨ᠎ᠢ ᠬᠥᠨᠳᠡᠯᠡᠨ᠎ᠠᠴᠠ ᠲᠠᠰᠤᠯᠬᠤ ᠬᠢᠨᠠᠨ ᠬᠡᠮᠵᠢᠯᠲᠡ ᠬᠢᠬᠦ ᠵᠢᠴᠢ ᠣᠷᠴᠢᠨ ᠲᠣᠭᠣᠷᠢᠨ᠎ᠢ ᠪᠣᠬᠢᠷᠲᠤᠭᠤᠯᠬᠤ ᠠᠶᠤᠯ ᠲᠦᠭᠰᠢᠭᠦᠷᠢ ᠵᠢᠨ ᠬᠣᠬᠢᠷᠠᠯ᠎ᠢ ᠮᠠᠭ᠋ᠠᠳᠯᠠᠵᠤ᠂ ᠬᠢᠨᠠᠨ ᠲᠣᠭᠲᠠᠭ᠋ᠠᠬᠤ ᠪᠠ ᠦᠨᠡᠯᠡᠵᠦ ᠬᠢᠨᠠᠨ ᠬᠡᠮᠵᠢᠨ᠎ᠡ᠃ ᠪᠥᠬᠥ ᠣᠷᠣᠨ᠎ᠤ ᠣᠷᠴᠢᠨ ᠲᠣᠭᠣᠷᠢᠨ᠎ᠤ ᠶᠠᠰᠤ ᠴᠢᠨᠠᠷ᠎ᠢ ᠬᠢᠨᠠᠨ ᠰᠢᠨᠵᠢᠭᠰᠡᠨ ᠮᠡᠳᠡᠭᠦᠯᠦᠯᠲᠡ ᠵᠢ ᠨᠠᠶ᠋ᠢᠷᠠᠭᠤᠯᠤᠨ ᠵᠣᠬᠢᠶᠠᠵᠤ᠂ ᠪᠣᠬᠢᠷᠲᠤᠯ᠎ᠤᠨ ᠡᠬᠢ ᠰᠤᠷᠪᠤᠯᠵᠢ ᠵᠢᠨ ᠬᠢᠨᠠᠨ ᠬᠡᠮᠵᠢᠯᠲᠡ ᠵᠢᠨ ᠮᠡᠳᠡᠭᠦᠯᠦᠯᠲᠡ᠂ ᠣᠷᠴᠢᠨ ᠲᠣᠭᠣᠷᠢᠨ᠎ᠤ ᠤᠷᠢᠳᠴᠢᠯᠠᠨ ᠰᠡᠷᠡᠮᠵᠢᠯᠡᠭᠦᠯᠬᠦ ᠬᠢᠨᠠᠨ ᠬᠡᠮᠵᠢᠯᠲᠡ ᠵᠢᠨ ᠮᠡᠳᠡᠭᠦᠯᠦᠯᠲᠡ᠂ ᠣᠷᠴᠢᠨ ᠠᠬᠤᠢ ᠵᠢᠨ ᠭᠡᠨᠡᠳᠲᠡ ᠵᠢᠨ ᠬᠡᠷᠡᠭ᠎ᠤᠨ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠬᠢᠨᠠᠨ ᠬᠡᠮᠵᠢᠯᠲᠡ ᠵᠢᠨ ᠮᠡᠳᠡᠭᠦᠯᠦᠯᠲᠡ ᠪᠣᠯᠤᠨ ᠡᠯ᠎ᠡ ᠲᠥᠷᠥᠯ᠎ᠤᠨ ᠲᠤᠰᠬᠠᠶ ᠵᠦᠢ᠍ᠯ᠎ᠤᠨ ᠬᠢᠨᠠᠨ ᠬᠡᠮᠵᠢᠯᠲᠡ ᠵᠢᠨ ᠮᠡᠳᠡᠭᠦᠯᠦᠯᠲᠡ ᠵᠢ ᠨᠠᠢ᠌ᠷᠠᠭᠤᠯᠤᠨ ᠲᠣᠭᠲᠠᠭ᠋ᠠᠨ᠎ᠠ᠃ ᠳᠣᠣᠷ᠎ᠠ ᠱᠠᠲᠤᠨ᠎ᠤ ᠣᠷᠴᠢᠨ ᠠᠬᠤᠶ ᠵᠢ ᠬᠢᠨᠠᠨ ᠬᠡᠮᠵᠢᠬᠦ ᠥᠷᠲᠡᠭᠡ᠎ᠳᠤ ᠲᠤᠬᠠᠶ᠋ᠢᠯᠠᠭᠰᠠᠨ ᠠᠵᠢᠯ ᠪᠠ ᠮᠡᠷᠭᠡᠵᠢᠯ᠎ᠤᠨ ᠵᠢᠯᠤᠭᠤᠳᠤᠯᠭ᠎ᠠ ᠬᠢᠵᠦ᠂ ᠵᠣᠬᠢᠶᠠᠨ ᠪᠠᠶ᠋ᠢᠭᠤᠯᠤᠯᠲᠠ ᠵᠢᠨ ᠬᠢᠨᠠᠨ ᠬᠡᠮᠵᠢᠬᠦ ᠲᠧᠭᠨᠢᠭ ᠮᠡᠷᠭᠡᠵᠢᠯ᠎ᠤᠨ ᠰᠣᠯᠢᠯᠴᠠᠭ᠎ᠠ᠂ ᠳᠠᠪᠲᠠᠨ ᠪᠣᠯᠪᠠᠰᠤᠷᠠᠭᠤᠯᠬᠤ ᠪᠠ ᠬᠢᠨᠠᠨ ᠰᠢᠯᠭ᠋ᠠᠬᠤ ᠵᠢ ᠵᠣᠬᠢᠶᠠᠨ ᠪᠠᠢ᠌ᠭᠤᠯᠤᠨ᠎ᠠ᠃ ᠣᠷᠴᠢᠨ ᠠᠬᠤᠶ ᠵᠢ ᠬᠢᠨᠠᠨ ᠬᠡᠮᠵᠢᠬᠦ ᠲᠠᠯ᠎ᠠ᠎ᠪᠠᠷ᠎ᠬᠢ ᠤᠯᠠᠨ ᠤᠯᠤᠰ᠎ᠤᠨ ᠬᠠᠮᠲᠤᠷᠠᠯᠴᠠᠭ᠎ᠠ ᠪᠠ ᠰᠣᠯᠢᠯᠴᠠᠭ᠎ᠠ ᠵᠢ ᠥᠷᠨᠢᠭᠦᠯᠦᠨ᠎ᠡ᠃
      ᠠᠵᠢᠯᠯᠠᠬᠤ ᠬᠠᠶᠢᠭ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠬᠡᠬᠣᠲᠠ ᠵᠢᠨ ᠰᠠᠶ᠋ᠢᠬᠠᠨ ᠲᠣᠭᠣᠷᠢᠭ᠎ᠤᠨ ᠳᠡᠭᠦᠯᠢᠯᠲᠡ ᠵᠠᠮ᠎ᠤᠨ 39 ᠳ᠋ᠦ᠍ᠭᠡᠷ ᠨᠣᠮᠧᠷ
      ᠬᠠᠷᠢᠭᠤᠴᠠᠯᠭ᠋ᠠᠲᠠᠨ᠄ ᠵᠠᠩ ᠯᠢ ᠵᠢᠶᠦ᠋ᠨ
      ᠬᠠᠷᠢᠯᠴᠠᠬᠤ ᠤᠲᠠᠰᠤ᠄ 0471 — 4632102

ᠢᠷᠡᠯᠲᠡ᠄ ᠦᠪᠦᠷ ᠮᠣᠩᠭᠤᠯ᠎ᠤᠨ ᠦᠪᠡᠷᠲᠡᠭᠡᠨ ᠵᠠᠰᠠᠬᠤ ᠣᠷᠣᠨ᠎ᠤ ᠣᠷᠴᠢᠨ ᠲᠤᠭᠤᠷᠢᠨ᠎ᠤ ᠬᠠᠮᠠᠭ᠋ᠠᠯᠠᠯᠲᠠ ᠵᠢᠨ ᠲᠢᠩᠬᠢᠮ
          
ᠬᠠᠮᠢᠶ᠎ᠡ ᠪᠦᠬᠦᠢ ᠰᠣᠨᠢᠨ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠷᠴᠢᠨ ᠠᠬᠤᠶ ᠵᠢᠨ ᠢᠨᠵᠧᠨᠧᠷᠢᠩ᠎ᠢ ᠦᠨᠡᠯᠡᠨ ᠵᠢᠱ᠌ᠢᠬᠦ ᠲᠥᠪ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠷᠴᠢᠨ ᠲᠣᠭᠣᠷᠢᠨ᠎ᠤ ᠰᠦᠯᠵᠢᠶᠡᠨ ᠳᠡᠭᠡᠷ᠎ᠡ ᠬᠢᠨᠠᠨ ᠡᠵᠡᠮᠳᠡᠬᠦ ᠲᠥᠪ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠠᠲᠠᠭᠤ ᠪᠡᠶᠡᠲᠦ ᠬᠠᠶᠠᠭᠳᠠᠮᠠᠯ ᠡᠳ᠋ ᠪᠠ ᠬᠢᠮᠢ ᠵᠢᠨ ᠪᠣᠳᠠᠰ᠎ᠢ ᠬᠠᠮᠢᠶᠠᠷᠬᠤ ᠮᠡᠷᠭᠡᠵᠢᠯ᠎ᠤᠨ ᠲᠥᠪ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠪᠣᠬᠢᠷᠲᠤᠯ ᠭᠠᠳᠠᠭᠰᠢᠯᠠᠭᠤᠯᠬᠤ ᠡᠷᠬᠡ ᠵᠢᠨ ᠠᠷᠠᠯᠵᠢᠶ᠎ᠠ ᠵᠢᠨ ᠬᠠᠮᠢᠶᠠᠷᠤᠯᠲᠠ ᠵᠢᠨ ᠲᠥᠪ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠲᠢᠩᠬᠢᠮ᠎ᠤᠨ ᠪᠠᠶ᠋ᠢᠭᠤᠯᠭ᠎ᠠ ᠵᠢᠨ ᠶᠠᠪᠤᠳᠠᠯ᠎ᠤᠨ ᠦᠢ᠍ᠯᠡᠴᠢᠯᠡᠭᠡᠨ᠎ᠤ ᠲᠥᠪ
 
             蒙ICP备05000248号