ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠠᠮᠢ ᠠᠬᠤᠢ᠎ᠶᠢᠨ ᠬᠠᠮᠠᠭᠠᠯᠠᠯᠲᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ
ᠪᠣᠬᠢᠷᠳᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ
ᠢᠯᠡ ᠵᠠᠰᠠᠭ   -   ᠬᠠᠷᠢᠶᠠᠯᠠᠭᠳᠠᠬᠤ ᠪᠠᠶ᠋ᠢᠭᠤᠯᠤᠮᠵᠢ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠪᠠᠷᠠᠭᠤᠨ ᠬᠡᠰᠡᠭ᠎ᠤᠨ ᠭᠠᠵᠠᠷ ᠣᠷᠣᠨ᠎ᠤ ᠣᠷᠴᠢᠨ ᠠᠬᠤᠶ ᠵᠢᠨ ᠬᠠᠮᠠᠭ᠋ᠠᠯᠠᠯᠲᠠ ᠵᠢᠨ ᠪᠠᠶ᠋ᠢᠴᠠᠭ᠋ᠠᠬᠤ ᠲᠥᠪ
ᠨᠡᠶ᠋ᠢᠲᠡᠯᠡᠭᠰᠡᠨ ᠴᠠᠭ᠄ 2018-09-21

      ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠪᠠᠷᠠᠭᠤᠨ ᠬᠡᠰᠡᠭ᠎ᠤᠨ ᠭᠠᠵᠠᠷ ᠣᠷᠣᠨ᠎ᠤ ᠣᠷᠴᠢᠨ ᠠᠬᠤᠶ ᠵᠢᠨ ᠬᠠᠮᠠᠭ᠋ᠠᠯᠠᠯᠲᠠ ᠵᠢᠨ ᠪᠠᠶ᠋ᠢᠴᠠᠭ᠋ᠠᠬᠤ ᠲᠥᠪ ᠪᠣᠯ ᠥᠪᠡᠷᠲᠡᠭᠡᠨ ᠵᠠᠰᠠᠬᠤ ᠣᠷᠣᠨ᠎ᠤ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠲᠢᠩᠬᠢᠮ᠎ᠳᠤ ᠬᠠᠷᠢᠶᠠᠯᠠᠭᠳᠠᠬᠤ ᠭᠠᠵᠠᠷ᠎ᠤᠨ ᠳᠡᠰ᠎ᠤᠨ ᠠᠵᠢᠯ ᠦᠢ᠍ᠯᠡᠰ᠎ᠤᠨ ᠨᠢᠭᠡᠴᠢ ᠪᠣᠯᠤᠨ᠎ᠠ᠃ ᠲᠡᠭᠦᠨ᠎ᠤ ᠭᠣᠣᠯ ᠡᠭᠦᠷᠭᠡ ᠬᠠᠷᠢᠭᠤᠴᠠᠯᠭ᠎ᠠ ᠪᠣᠯ᠄ ᠬᠠᠷᠢᠶ᠎ᠠ ᠣᠷᠣᠨ᠎ᠤ ᠳᠣᠲᠣᠷ᠎ᠠ ᠬᠦᠨᠳᠦ ᠶᠡᠬᠡ ᠣᠷᠴᠢᠨ ᠲᠣᠭᠣᠷᠢᠨ᠎ᠢ ᠪᠣᠬᠢᠷᠲᠤᠭᠤᠯᠤᠭᠰᠠᠨ ᠪᠠ ᠠᠮᠢ ᠠᠬᠤᠶ ᠵᠢ ᠡᠪᠳᠡᠭᠰᠡᠨ ᠬᠡᠷᠡᠭ᠎ᠢ ᠪᠠᠶ᠋ᠢᠴᠠᠭ᠋ᠠᠨ ᠰᠢᠶᠳᠪᠦᠷᠢᠯᠡᠬᠦ ᠠᠵᠢᠯ᠎ᠢ ᠡᠭᠦᠷᠭᠡᠯᠡᠵᠦ᠂ ᠣᠷᠣᠨ ᠪᠦᠰᠡ ᠪᠠ ᠰᠠᠪᠠ ᠭᠠᠵᠠᠷ ᠠᠯᠤᠰᠯᠠᠭᠰᠠᠨ ᠬᠦᠨᠳᠦ ᠶᠡᠬᠡ ᠣᠷᠴᠢᠨ ᠠᠬᠤᠶ ᠵᠢᠨ ᠵᠢᠭᠤᠷᠠᠯᠳᠤᠭ᠋ᠠᠨ᠎ᠢ ᠵᠣᠬᠢᠴᠠᠭᠤᠯᠤᠨ ᠰᠢᠢ᠍ᠳᠪᠦᠷᠢᠯᠡᠬᠦ ᠠᠵᠢᠯ᠎ᠢ ᠡᠭᠦᠷᠭᠡᠯᠡᠨ᠎ᠡ᠃ ᠬᠦᠨᠳᠦ ᠨᠣᠴᠢᠲᠠᠢ ᠣᠨᠴᠠ ᠶᠡᠬᠡ ᠣᠷᠴᠢᠨ ᠠᠬᠤᠢ ᠵᠢᠨ ᠭᠡᠨᠡᠳᠲᠡ ᠵᠢᠨ ᠬᠡᠷᠡᠭ᠎ᠢ ᠪᠠᠴᠢᠮ ᠠᠷᠭ᠋ᠠᠴᠠᠭ᠋ᠠᠨ ᠰᠢᠢ᠍ᠳᠪᠦᠷᠢᠯᠡᠬᠦ ᠵᠢ ᠪᠠᠶ᠋ᠢᠴᠠᠭ᠋ᠠᠬᠤ ᠠᠵᠢᠯ᠎ᠳᠤ ᠣᠷᠣᠯᠴᠠᠨ᠎ᠠ᠃ ᠣᠷᠣᠨ ᠪᠦᠰᠡ ᠪᠠ ᠰᠠᠪᠠ ᠭᠠᠵᠠᠷ ᠠᠯᠤᠰᠯᠠᠭᠰᠠᠨ ᠣᠷᠴᠢᠨ ᠲᠣᠭᠣᠷᠢᠨ᠎ᠢ ᠪᠣᠬᠢᠷᠲᠤᠭᠤᠯᠤᠭᠰᠠᠨ ᠪᠠ ᠠᠮᠢ ᠠᠬᠤᠶ ᠵᠢ ᠡᠪᠳᠡᠭᠰᠡᠨ ᠬᠡᠷᠡᠭ᠎ᠤᠨ ᠲᠤᠬᠠᠢ ᠡᠷᠢᠵᠦ ᠢᠷᠡᠭᠰᠡᠳ ᠪᠠ ᠭᠣᠮᠣᠳᠠᠯ ᠲᠣᠭ᠋ᠠᠴᠢᠯᠲᠠ ᠵᠢ ᠬᠦᠯᠢᠶᠡᠨ ᠠᠪᠴᠤ ᠰᠢᠢ᠍ᠳᠪᠦᠷᠢᠯᠡᠬᠦ ᠪᠠ ᠵᠣᠬᠢᠴᠠᠭᠤᠯᠬᠤ ᠠᠵᠢᠯ᠎ᠢ ᠡᠭᠦᠷᠭᠡᠯᠡᠨ᠎ᠡ᠃ ᠬᠠᠷᠢᠶ᠎ᠠ ᠣᠷᠣᠨ ᠪᠦᠰᠡ ᠵᠢᠨ ᠭᠣᠣᠯ ᠪᠣᠯᠬᠤ ᠪᠣᠬᠢᠷᠲᠤᠯ ᠪᠣᠳᠠᠰ᠎ᠢ ᠭᠠᠳᠠᠭᠰᠢᠯᠠᠭᠤᠯᠬᠤ ᠬᠡᠮᠵᠢᠶ᠎ᠡ ᠵᠢ ᠪᠠᠭ᠋ᠠᠰᠬᠠᠬᠤ ᠪᠠᠢ᠌ᠳᠠᠯ᠎ᠢ ᠬᠢᠨᠠᠨ ᠪᠠᠢ᠌ᠴᠠᠭ᠋ᠠᠬᠤ ᠵᠡᠷᠭᠡ ᠪᠣᠯᠤᠨ᠎ᠠ᠃
      ᠠᠵᠢᠯᠯᠠᠬᠤ ᠬᠠᠶᠢᠭ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠦᠬᠠᠢ ᠬᠤᠲᠠ ᠵᠢᠨ ᠬᠠᠢ᠍ᠢ᠍ᠷᠤᠪ᠎ᠤᠨ ᠲᠤᠬᠤᠢ ᠲᠣᠭᠣᠷᠢᠭ᠎ᠤᠨ ᠴᠢᠩ ᠴᠢᠤᠸᠠᠨ ᠵᠡᠭᠦᠨ ᠵᠡᠭᠡᠯᠢ ᠵᠢᠨ ᠦᠬᠠᠢ ᠬᠤᠳᠠ ᠵᠢᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠲᠣᠪᠴᠢᠶ᠎ᠠ ᠵᠢᠨ ᠠᠯᠪᠠᠨ ᠠᠰᠠᠷ᠎ᠤᠨ ᠬᠣᠶᠠᠳᠤᠭ᠋ᠠᠷ ᠳᠠᠪᠬᠤᠷᠯᠢᠭ᠎ᠲᠤ
      ᠬᠠᠷᠢᠭᠤᠴᠠᠯᠭ᠋ᠠᠲᠠᠨ᠄ ᠦ᠋ ᠴᠢᠶᠠᠩ
      ᠬᠠᠷᠢᠯᠴᠠᠬᠤ ᠤᠲᠠᠰᠤ᠄ 0473 — 3038982

ᠢᠷᠡᠯᠲᠡ᠄ ᠦᠪᠦᠷ ᠮᠣᠩᠭᠤᠯ᠎ᠤᠨ ᠦᠪᠡᠷᠲᠡᠭᠡᠨ ᠵᠠᠰᠠᠬᠤ ᠣᠷᠣᠨ᠎ᠤ ᠣᠷᠴᠢᠨ ᠲᠤᠭᠤᠷᠢᠨ᠎ᠤ ᠬᠠᠮᠠᠭ᠋ᠠᠯᠠᠯᠲᠠ ᠵᠢᠨ ᠲᠢᠩᠬᠢᠮ
          
ᠬᠠᠮᠢᠶ᠎ᠡ ᠪᠦᠬᠦᠢ ᠰᠣᠨᠢᠨ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠷᠴᠢᠨ ᠲᠣᠭᠣᠷᠢᠨ᠎ᠤ ᠬᠢᠨᠠᠨ ᠬᠡᠮᠵᠢᠯᠲᠡ ᠵᠢᠨ ᠲᠥᠪ ᠦᠷᠲᠡᠭᠡ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠷᠴᠢᠨ ᠠᠬᠤᠶ ᠵᠢᠨ ᠢᠨᠵᠧᠨᠧᠷᠢᠩ᠎ᠢ ᠦᠨᠡᠯᠡᠨ ᠵᠢᠱ᠌ᠢᠬᠦ ᠲᠥᠪ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠷᠴᠢᠨ ᠲᠣᠭᠣᠷᠢᠨ᠎ᠤ ᠰᠦᠯᠵᠢᠶᠡᠨ ᠳᠡᠭᠡᠷ᠎ᠡ ᠬᠢᠨᠠᠨ ᠡᠵᠡᠮᠳᠡᠬᠦ ᠲᠥᠪ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠠᠲᠠᠭᠤ ᠪᠡᠶᠡᠲᠦ ᠬᠠᠶᠠᠭᠳᠠᠮᠠᠯ ᠡᠳ᠋ ᠪᠠ ᠬᠢᠮᠢ ᠵᠢᠨ ᠪᠣᠳᠠᠰ᠎ᠢ ᠬᠠᠮᠢᠶᠠᠷᠬᠤ ᠮᠡᠷᠭᠡᠵᠢᠯ᠎ᠤᠨ ᠲᠥᠪ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠪᠣᠬᠢᠷᠲᠤᠯ ᠭᠠᠳᠠᠭᠰᠢᠯᠠᠭᠤᠯᠬᠤ ᠡᠷᠬᠡ ᠵᠢᠨ ᠠᠷᠠᠯᠵᠢᠶ᠎ᠠ ᠵᠢᠨ ᠬᠠᠮᠢᠶᠠᠷᠤᠯᠲᠠ ᠵᠢᠨ ᠲᠥᠪ
 
             蒙ICP备05000248号