6 ᠰᠠᠷ᠎ᠠ ᠵᠢᠨ 15᠎ᠤ ᠡᠳᠦᠷ᠂ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠳᠤ ᠰᠠᠭᠤᠭ᠎ᠠ ᠰᠠᠬᠢᠯᠭ᠎ᠠ ᠪᠠᠲᠤ ᠬᠢᠨᠠᠨ ᠪᠠᠶ᠋ᠢᠴᠠᠭ᠋ᠠᠬᠤ ᠳᠤᠭᠤᠶ᠋ᠢᠯᠠᠩ᠎ᠤᠨ ᠯᠢᠦ ᠹᠧᠩ ᠿᠦᠢ᠂ ᠿᠸᠨ ᠬᠤᠢ ᠨᠠᠷ ᠬᠢᠩᠭ᠋ᠠᠨ ᠠᠶ᠋ᠢᠮᠠᠭ᠎ᠤᠨ ᠵᠠᠯᠠᠶ᠋ᠢᠳ ᠬᠣᠰᠢᠭᠤᠨ᠎ᠤ ᠠᠷᠪᠠᠨᠭᠡᠷ ᠪᠠᠯᠭ᠋ᠠᠰᠤᠨ᠎ᠤ ᠲᠠᠷᠢᠶᠠᠯᠠᠩ᠎ᠤᠨ ᠲᠠᠯᠠᠪᠠᠢ ᠵᠢᠨ ᠭᠠᠴᠠᠭ᠋ᠠᠨ᠎ᠳᠤ ᠭᠦᠨᠵᠡᠭᠡᠢ᠍ᠷᠡᠨ᠂ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠬᠠᠪᠰᠤᠷᠤᠨ ᠲᠡᠳᠬᠦᠬᠦ ᠴᠡᠭ᠎ᠤᠨ ᠶᠠᠳᠠᠭᠤ᠎ᠠᠴᠠ ᠠᠩᠭᠢᠵᠢᠷᠠᠭᠤᠯᠬᠤ ᠠᠵᠢᠯ᠎ᠢ ᠬᠢᠨᠠᠨ ᠵᠢᠯᠣᠭᠣᠳᠪᠠ᠃ ᠪᠠᠶ᠋ᠢᠴᠠᠭ᠋ᠠᠬᠤ ᠳᠤᠭᠤᠶ᠋ᠢᠯᠠᠩ᠎ᠨᠢ ᠲᠣᠰᠬᠣᠨ᠎ᠳᠤ ᠰᠠᠭᠤᠭ᠎ᠠ ᠺᠠᠳ᠋ᠷ᠎ᠤᠨ ᠶᠠᠳᠠᠭᠤ᠎ᠠᠴᠠ ᠠᠩᠭᠢᠵᠢᠷᠠᠭᠤᠯᠬᠤ ᠬᠠᠪᠰᠤᠷᠤᠨ ᠲᠡᠳᠬᠦᠬᠦ ᠠᠵᠢᠯ᠎ᠤᠨ ᠬᠠᠷᠢᠭᠤ ᠮᠡᠳᠡᠭᠦᠯᠦᠯᠲᠡ ᠵᠢ ᠰᠣᠨᠣᠰᠴᠤ᠂ ᠪᠠᠯᠭ᠋ᠠᠰᠤᠨ᠎ᠤ ᠨᠠᠮ᠎ᠤᠨ ᠬᠣᠷᠢᠶ᠎ᠠ ᠪᠣᠯᠣᠨ ᠭᠠᠴᠠᠭ᠋ᠠᠨ᠎ᠤ ᠨᠠᠮ᠎ᠤᠨ ᠡᠭᠦᠷ᠂ ᠠᠷᠠᠳ᠎ᠤᠨ ᠵᠥᠪᠯᠡᠯ᠎ᠲᠠᠢ ᠶᠠᠷᠢᠯᠴᠠᠨ᠂ ᠲᠣᠰᠬᠣᠨ᠎ᠳᠤ ᠰᠠᠭᠤᠭ᠎ᠠ ᠺᠠᠳ᠋ᠷ᠎ᠤᠨ ᠠᠵᠢᠯ᠎ᠤᠨ ᠰᠤᠷᠲᠠᠯ᠂ ᠣᠯᠠᠨ ᠲᠦᠮᠡᠨ᠎ᠲᠠᠢ ᠬᠠᠷᠢᠯᠴᠠᠵᠤ ᠪᠠᠢ᠌ᠭ᠎ᠠ ᠪᠠᠢ᠌ᠳᠠᠯ᠂ ᠰᠠᠬᠢᠯᠭ᠎ᠠ ᠪᠠᠲᠤ ᠵᠢ ᠬᠡᠷᠡᠭᠵᠢᠭᠦᠯᠵᠦ ᠪᠠᠢ᠌ᠭ᠎ᠠ ᠪᠠᠢ᠌ᠳᠠᠯ ᠪᠣᠯᠣᠨ ᠦᠢ᠍ᠯᠡᠳᠦᠯ ᠵᠶ᠋ᠠᠨ ᠪᠠᠳᠠᠷᠠᠭᠤᠯᠵᠤ ᠪᠠᠢ᠌ᠭ᠎ᠠ ᠪᠠᠶ᠋ᠢᠳᠠᠯ ᠵᠡᠷᠭᠡ ᠵᠢ ᠣᠶ᠋ᠢᠯᠠᠭ᠋ᠠᠪᠠ᠃

ᠪᠠᠶ᠋ᠢᠴᠠᠭ᠋ᠠᠬᠤ ᠳᠤᠭᠤᠶ᠋ᠢᠯᠠᠩ᠎ᠨᠢ ᠸᠠᠩ ᠰᠡᠴᠡᠨ ᠵᠡᠷᠭᠡ 3 ᠶᠠᠳᠠᠭᠤ᠎ᠠᠴᠠ ᠠᠩᠭᠢᠵᠢᠷᠠᠭᠰᠠᠨ ᠡᠷᠦᠬᠡ ᠵᠢ ᠠᠰᠠᠭᠤᠨ ᠰᠤᠷᠪᠤᠯᠵᠢᠯᠠᠵᠤ᠂ ᠲᠡᠳᠡᠨ᠎ᠲᠠᠢ ᠵᠣᠭᠣᠭᠳᠠᠵᠤ ᠠᠮᠤ ᠪᠤᠳᠠᠭ᠎ᠠ᠂ ᠬᠤᠪᠴᠠᠰᠤ ᠬᠤᠨᠠᠷ᠂ ᠤᠤᠭᠤᠬᠤ ᠤᠰᠤ ᠵᠡᠷᠭᠡ ᠵᠢᠨ ᠪᠠᠢ᠌ᠳᠠᠯ᠎ᠢ᠎ᠨᠢ ᠣᠢ᠍ᠯᠠᠭ᠋ᠠᠵᠤ᠂ ᠲᠣᠳᠣᠷᠬᠠᠢ᠍ᠯᠠᠬᠤ ᠺᠠᠷᠲ᠎ᠢ᠎ᠨᠢ ᠪᠠᠢ᠌ᠴᠠᠭ᠋ᠠᠨ᠂ ᠣᠷᠣᠯᠭ᠎ᠠ ᠵᠠᠷᠤᠯᠭ᠎ᠠ ᠵᠢᠨ ᠳᠠᠩᠰᠠ ᠵᠢ᠎ᠨᠢ ᠪᠣᠳᠣᠵᠤ᠂ ᠲᠡᠳᠡᠨ᠎ᠤ ᠲᠣᠰᠬᠣᠨ᠎ᠳᠤ ᠰᠠᠭᠤᠭ᠎ᠠ ᠺᠠᠳ᠋ᠷ᠎ᠲᠠᠭᠠᠨ ᠬᠢᠷᠢ ᠵᠡᠷᠭᠡ ᠬᠠᠨᠤᠮᠵᠢᠲᠠᠢ ᠪᠠᠢ᠌ᠬᠤ ᠵᠢ ᠠᠰᠠᠭᠤᠨ ᠯᠠᠪᠯᠠᠪᠠ᠃


ᠪᠠᠶ᠋ᠢᠴᠠᠭ᠋ᠠᠬᠤ ᠳᠤᠭᠤᠶ᠋ᠢᠯᠠᠩ᠎ᠨᠢ ᠪᠠᠰᠠ ᠲᠠᠷᠢᠶᠠᠯᠠᠩ᠎ᠤᠨ ᠮᠠᠰᠢᠨ᠎ᠤ ᠲᠤᠰᠬᠠᠶ ᠬᠤᠷᠰᠢᠶᠠᠵᠢᠯ ᠪᠣᠯᠤᠨ ᠠᠩᠭᠦᠰ ᠦᠬᠡᠷ ᠲᠡᠵᠢᠭᠡᠨ ᠦᠷᠡᠵᠢᠭᠦᠯᠬᠦ ᠲᠠᠯᠠᠪᠠᠢ ᠵᠢᠨ ᠠᠵᠤ ᠦᠢ᠍ᠯᠡᠰ᠎ᠤᠨ ᠬᠥᠭᠵᠢᠯᠲᠡ ᠵᠢᠨ ᠪᠠᠶ᠋ᠢᠳᠠᠯ᠎ᠢ᠎ᠨᠢ ᠪᠠᠶ᠋ᠢᠴᠠᠭ᠋ᠠᠨ ᠰᠤᠳᠤᠯᠪᠠ᠃

ᠪᠠᠶ᠋ᠢᠴᠠᠭ᠋ᠠᠬᠤ ᠳᠤᠭᠤᠶ᠋ᠢᠯᠠᠩ᠎ᠠᠴᠠ ᠬᠠᠪᠰᠤᠷᠤᠨ ᠲᠡᠳᠬᠦᠬᠦ ᠴᠡᠭ᠎ᠤᠨ ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠰᠢᠪᠲᠤᠯᠬᠤ ᠠᠵᠢᠯ᠎ᠤᠨ ᠦᠷ᠎ᠡ ᠪᠦᠲᠦᠮᠵᠢ ᠵᠢ ᠭᠦᠢ᠍ᠴᠡᠳ ᠨᠤᠲᠠᠯᠠᠵᠤ᠂ ᠥᠩᠭᠡᠷᠡᠭᠰᠡᠨ ᠵᠢᠯ᠎ᠤᠳ᠎ᠤᠨ ᠲᠣᠰᠬᠣᠨ᠎ᠳᠤ ᠰᠠᠭᠤᠭ᠎ᠠ ᠺᠠᠳ᠋ᠷ᠎ᠤᠨ ᠢᠯᠡᠷᠡᠯ᠎ᠢ ᠥᠨᠳᠥᠷ ᠦᠨᠡᠯᠡᠪᠡ᠃ ᠪᠠᠶ᠋ᠢᠴᠠᠭ᠋ᠠᠬᠤ ᠳᠤᠭᠤᠶ᠋ᠢᠯᠠᠩ ᠵᠢᠭ᠋ᠠᠵᠤ ᠭᠠᠷᠭ᠋ᠠᠭᠰᠠᠨ᠎ᠨᠢ᠂ ᠡᠨᠡ ᠵᠢᠯ ᠪᠣᠯ ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠰᠢᠪᠲᠤᠯᠬᠤ ᠠᠵᠢᠯ᠎ᠢ ᠪᠦᠬᠦ ᠲᠠᠯ᠎ᠠ᠎ᠪᠠᠷ ᠪᠡᠶᠡᠯᠡᠭᠦᠯᠬᠦ ᠵᠢᠯ ᠪᠣᠯᠤᠨ᠎ᠠ᠂ ᠬᠠᠪᠰᠤᠷᠤᠨ ᠲᠡᠳᠬᠦᠬᠦ ᠠᠵᠢᠯ᠎ᠤᠨ ᠭᠣᠣᠯᠳᠠᠯᠭ᠎ᠠ ᠵᠢ ᠦᠨᠡᠨᠬᠦ ᠳᠣᠪᠣᠶ᠋ᠢᠯᠭ᠋ᠠᠵᠤ᠂ ᠵᠠᠩᠭᠢᠯᠠᠭ᠎ᠠ ᠵᠢᠨ ᠭᠣᠭᠴᠣᠭ᠎ᠠ ᠵᠢ ᠠᠳᠬᠤᠨ᠂ ᠶᠠᠳᠠᠭᠤ᠎ᠠᠴᠠ ᠠᠩᠭᠢᠵᠢᠷᠠᠭᠤᠯᠤᠭᠰᠠᠨ ᠦᠷ᠎ᠡ ᠪᠦᠲᠦᠭᠡᠯ᠎ᠢ ᠪᠡᠬᠢᠵᠢᠭᠦᠯᠦᠨ ᠭᠦᠨᠵᠡᠭᠡᠶ᠋ᠢᠷᠡᠭᠦᠯᠵᠦ᠂ ᠶᠠᠳᠠᠭᠤ᠎ᠠᠴᠠ ᠠᠩᠭᠢᠵᠢᠷᠠᠭᠤᠯᠬᠤ ᠶᠠᠰᠤ ᠴᠢᠨᠠᠷ᠎ᠢ ᠳᠡᠭᠡᠭᠰᠢᠯᠡᠭᠦᠯᠦᠨ᠎ᠡ ᠭᠡᠵᠡᠢ᠃ ᠪᠠᠶ᠋ᠢᠴᠠᠭ᠋ᠠᠬᠤ ᠳᠤᠭᠤᠶ᠋ᠢᠯᠠᠩ ᠱᠠᠭ᠋ᠠᠷᠳᠠᠭᠰᠠᠨ᠎ᠨᠢ᠂ ᠲᠣᠰᠬᠣᠨ᠎ᠳᠤ ᠰᠠᠭᠤᠭ᠎ᠠ ᠭᠡᠰᠢᠭᠦᠳ᠎ᠨᠢ ᠡᠭᠦᠷᠭᠡ ᠬᠠᠷᠢᠭᠤᠴᠠᠯᠭ᠎ᠠ᠎ᠪᠠᠨ ᠭᠦᠢ᠍ᠴᠡᠳᠬᠡᠵᠦ᠂ ᠡᠯ᠎ᠡ ᠵᠤᠢ᠌ᠯ᠎ᠤᠨ ᠰᠠᠬᠢᠯᠭ᠎ᠠ ᠪᠠᠲᠤ ᠳᠦᠷᠢᠮ᠎ᠢ ᠴᠢᠩᠭ᠎ᠠ ᠬᠡᠷᠡᠭᠵᠢᠭᠦᠯᠦᠨ᠂ ᠬᠠᠪᠰᠤᠷᠤᠨ ᠲᠡᠳᠬᠦᠬᠦ ᠠᠵᠢᠯ᠎ᠢ ᠰᠢᠯᠢᠳᠡᠭ ᠰᠤᠷᠲᠠᠯ ᠵᠶ᠋ᠠᠷ ᠰᠠᠶ᠋ᠢᠲᠤᠷ ᠬᠢᠬᠦ ᠬᠡᠷᠡᠭᠲᠡᠶ ᠭᠡᠪᠡ᠃ ᠪᠠᠶ᠋ᠢᠴᠠᠭ᠋ᠠᠬᠤ ᠳᠤᠭᠤᠶ᠋ᠢᠯᠠᠩ ᠴᠢᠬᠤᠯᠠᠴᠢᠯᠠᠬᠤ᠎ᠳᠠᠭᠠᠨ᠂ ᠰᠠᠯᠠᠭ᠎ᠠ ᠮᠥᠴᠢᠷ᠎ᠤᠨ ᠣᠨᠴᠠᠯᠢᠭ᠎ᠢ ᠪᠠᠳᠠᠷᠠᠭᠤᠯᠬᠤ ᠵᠢ ᠴᠢᠬᠤᠯᠠᠴᠢᠯᠠᠵᠤ᠂ ᠠᠮᠢ ᠠᠬᠤᠢ ᠵᠢᠨ ᠣᠶ᠋ᠢᠯᠠᠭ᠋ᠠᠭᠳᠠᠬᠤᠨ᠎ᠢ ᠵᠤᠵᠠᠭ᠋ᠠᠳᠬᠠᠵᠤ᠂ ᠬᠠᠮᠠᠭ᠋ᠠᠯᠠᠯᠲᠠ ᠵᠢᠨ ᠴᠢᠨᠠᠷᠲᠠᠶ ᠲᠠᠷᠢᠶᠠᠯᠠᠬᠤ ᠮᠡᠷᠭᠡᠵᠢᠯ ᠵᠶ᠋ᠠᠷ ᠪᠣᠬᠢᠷᠲᠤᠯ ᠥᠬᠡᠶ ᠬᠥᠭᠵᠢᠯᠲᠡ ᠵᠢ ᠠᠬᠢᠭᠤᠯᠵᠤ᠂ ᠠᠯᠤᠰ ᠬᠡᠲᠦ᠎ᠳᠤ ᠠᠰᠢᠭᠲᠠᠶ ᠰᠠᠭᠤᠷᠢ ᠵᠢ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ᠎ᠯᠤᠭ᠎ᠠ ᠵᠣᠯᠭ᠋ᠠᠭᠤᠯᠬᠤ ᠬᠡᠷᠡᠭᠲᠡᠢ ᠭᠡᠰᠡᠨ ᠪᠠᠢ᠌ᠨ᠎ᠠ᠃
ᠪᠠᠶ᠋ᠢᠴᠠᠭ᠋ᠠᠬᠤ ᠳᠤᠭᠤᠶ᠋ᠢᠯᠠᠩ᠎ᠨᠢ ᠪᠠᠰᠠ᠂ ᠲᠣᠰᠬᠣᠨ᠎ᠳᠤ ᠰᠠᠭᠤᠭ᠎ᠠ ᠭᠡᠰᠢᠭᠦᠳ᠎ᠤᠨ ᠣᠷᠣᠨ ᠰᠠᠭᠤᠴᠠ᠎ᠳᠤ ᠭᠦᠨᠵᠡᠭᠡᠶ᠋ᠢᠷᠡᠨ᠂ ᠲᠡᠳᠡᠨ᠎ᠤ ᠠᠮᠢᠳᠤᠷᠠᠯ᠎ᠤᠨ ᠪᠠᠶ᠋ᠢᠳᠠᠯ᠎ᠢ᠎ᠨᠢ ᠬᠠᠯᠠᠮᠵᠢᠯᠠᠨ ᠲᠣᠬᠣᠨᠢᠭᠤᠯᠪᠠ᠃