ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠠᠮᠢ ᠠᠬᠤᠢ᠎ᠶᠢᠨ ᠬᠠᠮᠠᠭᠠᠯᠠᠯᠲᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ
ᠪᠣᠬᠢᠷᠳᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ
ᠢᠯᠡ ᠵᠠᠰᠠᠭ   -   ᠠᠵᠢᠯᠲᠠᠨ᠎ᠤ ᠶᠠᠪᠣᠳᠠᠯ᠎ᠢ ᠵᠣᠬᠢᠶᠠᠨ ᠪᠠᠶ᠋ᠢᠭᠤᠯᠬᠤ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠶ ᠣᠷᠴᠢᠨ ᠲᠣᠭᠣᠷᠢᠨ᠎ᠤ ᠲᠢᠩᠬᠢᠮ ᠬᠤᠪᠢᠰᠬᠠᠯᠲᠤ ᠺᠢᠨᠣ᠋ ᠪᠤᠯᠬᠤ 《ᠽᠦᠨ ᠢ ᠵᠢᠨ ᠬᠤᠷᠠᠯ》᠎ᠢ ᠵᠣᠬᠢᠶᠠᠨ ᠪᠠᠶ᠋ᠢᠭᠤᠯᠵᠤ ᠦᠵᠡᠵᠡᠭᠡᠪᠡ
ᠨᠡᠶ᠋ᠢᠲᠡᠯᠡᠭᠰᠡᠨ ᠴᠠᠭ᠄ 2021-04-25

     4 ᠳ᠋ᠤᠭᠡᠷ ᠰᠠᠷ᠎ᠠ ᠵᠢᠨ 20᠎ᠤ ᠦᠳᠡ ᠵᠢᠨ ᠬᠣᠶ᠋ᠢᠨ᠎ᠠ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠶ ᠣᠷᠴᠢᠨ ᠲᠣᠭᠣᠷᠢᠨ᠎ᠤ ᠲᠢᠩᠬᠢᠮ ᠨᠠᠮ᠎ᠤᠨ ᠭᠡᠰᠢᠭᠦᠨ ᠺᠠᠳ᠋ᠷᠴᠤᠳ᠎ᠢ ᠵᠣᠬᠢᠶᠠᠨ ᠪᠠᠶ᠋ᠢᠭᠤᠯᠤᠨ ᠬᠤᠪᠢᠰᠬᠠᠯᠳᠤ ᠡᠬᠡ ᠣᠷᠣᠨᠴᠢ ᠦᠵᠡᠯ᠎ᠤᠨ ᠬᠥᠮᠦᠵᠢᠯ᠎ᠤᠨ ᠺᠢᠨᠣ᠋ ᠪᠤᠯᠬᠤ 《ᠽᠦᠨ ᠢ ᠵᠢᠨ ᠬᠤᠷᠠᠯ》᠎ᠢ ᠰᠣᠨᠢᠷᠬᠠᠵᠤ᠂ ᠪᠠᠢ᠌ᠭᠤᠯᠭ᠎ᠠ᠎ᠳᠤ᠎ᠪᠠᠨ ᠠᠵᠢᠯᠯᠠᠵᠤ ᠪᠠᠢ᠌ᠭ᠎ᠠ ᠤᠳᠤᠷᠢᠳᠤᠯᠭ᠎ᠠ ᠵᠢᠴᠢ ᠲᠢᠩᠬᠢᠮ᠎ᠤᠨ ᠰᠢᠰᠲ᠋ᠧᠮ᠎ᠤᠨ 200 ᠰᠢᠬᠠᠮ ᠨᠠᠮ᠎ᠤᠨ ᠭᠡᠰᠢᠭᠦᠨ ᠺᠠᠳ᠋ᠷᠴᠤᠳ ᠰᠤᠨᠢᠷᠬᠠᠨ ᠦᠵᠡᠵᠡᠭᠡᠪᠡ᠃
      ᠲᠤᠰ ᠺᠢᠨᠣ᠋᠎ᠳᠤ ᠭᠣᠣᠯᠳᠠᠭᠤ 1935 ᠣᠨ᠎ᠤ 1 ᠳ᠋ᠤᠭᠡᠷ ᠰᠠᠷ᠎ᠠ᠎ᠳᠤ᠂ ᠤᠯᠠᠭ᠋ᠠᠨ ᠴᠡᠷᠢᠭ ᠲᠠᠪᠤᠳᠤᠭ᠋ᠠᠷ ᠤᠳᠠᠭ᠋ᠠᠨ᠎ᠤ 《ᠪᠦᠰᠡᠯᠡᠨ ᠤᠰᠠᠳᠬᠠᠯᠲᠠ》 ᠵᠢ ᠡᠰᠡᠷᠭᠦᠴᠡᠭᠡᠳ ᠢᠯᠠᠭᠳᠠᠭᠰᠠᠨ ᠪᠠ ᠤᠷᠲᠤ ᠵᠠᠮ᠎ᠤᠨ ᠠᠶᠠᠨ ᠳᠠᠶ᠋ᠢᠨ᠎ᠤ ᠡᠬᠢᠨ᠎ᠤ ᠬᠤᠭᠤᠴᠠᠭ᠋ᠠᠨ᠎ᠳᠤ ᠬᠦᠨᠳᠦ ᠨᠣᠴᠢᠲᠠᠶ ᠨᠤᠭᠤᠷᠠᠯ᠎ᠳᠤ ᠤᠴᠠᠷᠠᠭᠰᠠᠨ ᠲᠡᠦᠬᠡᠨ ᠵᠠᠩᠭᠢᠯᠠᠭ᠎ᠠ ᠵᠢᠨ ᠴᠠᠭ ᠮᠦᠴᠡ᠎ᠳᠤ᠂ ᠨᠠᠮ᠎ᠤᠨ ᠲᠥᠪ ᠬᠣᠷᠢᠶ᠎ᠠ ᠭᠦᠢ᠍ᠵᠧᠦ ᠵᠢᠨ ᠽᠦᠨ ᠢ᠎ᠳᠤ ᠤᠯᠤᠰ ᠲᠥᠷᠥ ᠵᠢᠨ ᠲᠣᠪᠴᠢᠶᠠᠨ᠎ᠤ ᠥᠷᠭᠡᠳᠬᠡᠭᠰᠡᠨ ᠬᠤᠷᠠᠯ᠎ᠢ ᠬᠤᠷᠠᠯᠳᠤᠭᠤᠯᠵᠤ᠂ ᠬᠡᠷᠡᠭ ᠳᠡᠭᠡᠷ᠎ᠡ᠎ᠪᠠᠨ ᠨᠠᠮ᠎ᠤᠨ ᠲᠥᠪ ᠬᠣᠷᠢᠶ᠎ᠠ ᠪᠠ ᠤᠯᠠᠭ᠋ᠠᠨ ᠴᠡᠷᠢᠭ᠎ᠲᠠᠬᠢ ᠮᠠᠤ ᠽᠤ᠌ ᠳ᠋ᠦᠩ᠎ᠤᠨ ᠤᠳᠤᠷᠢᠳᠬᠤ ᠪᠠᠶ᠋ᠢᠷᠢ ᠰᠠᠭᠤᠷᠢ ᠵᠢ ᠲᠣᠭᠲᠠᠭ᠋ᠠᠵᠤ᠂ ᠮᠠᠤ ᠽᠤ᠌ ᠳ᠋ᠦᠩ ᠵᠶ᠋ᠠᠷ ᠭᠣᠣᠯ ᠲᠥᠯᠥᠭᠡᠯᠡᠭᠴᠢ᠎ᠪᠠᠨ ᠪᠣᠯᠭ᠋ᠠᠭᠰᠠᠨ ᠮᠠᠷᠺᠰ᠎ᠤᠨ ᠦᠵᠡᠯ᠎ᠤᠨ ᠵᠥᠪ ᠱᠤᠭᠤᠮ᠎ᠤᠨ ᠨᠠᠮ᠎ᠤᠨ ᠲᠥᠪ ᠬᠣᠷᠢᠶ᠎ᠠ᠎ᠳᠠᠬᠢ ᠤᠳᠤᠷᠢᠳᠬᠤ ᠪᠠᠶ᠋ᠢᠷᠢ ᠰᠠᠭᠤᠷᠢ ᠵᠢ ᠡᠬᠢᠯᠡᠨ ᠲᠣᠭᠲᠠᠭ᠋ᠠᠵᠤ᠂ ᠮᠠᠤ ᠽᠤ᠌ ᠳ᠋ᠦᠩ ᠵᠶ᠋ᠠᠷ ᠭᠤᠤᠯ ᠪᠤᠯᠭ᠋ᠠᠭᠰᠠᠨ ᠨᠢᠭᠡᠳᠦᠭᠡᠷ ᠦᠶ᠎ᠡ ᠵᠢᠨ ᠲᠥᠪ ᠬᠣᠷᠢᠶᠠᠨ᠎ᠤ ᠤᠳᠤᠷᠢᠳᠬᠤ ᠬᠠᠮᠲᠤ ᠡᠬᠢᠯᠡᠨ ᠪᠦᠷᠢᠯᠳᠦᠵᠦ᠂ ᠨᠠᠮ᠎ᠤᠨ ᠪᠡᠶ᠎ᠡ᠎ᠪᠠᠨ ᠳᠠᠭ᠋ᠠᠭ᠋ᠠᠵᠤ ᠡᠵᠡᠨ ᠮᠡᠳᠡᠨ ᠳᠤᠮᠳᠠᠳᠤ ᠤᠯᠤᠰ᠎ᠤᠨ ᠬᠤᠪᠢᠰᠬᠠᠯ᠎ᠤᠨ ᠪᠣᠳᠠᠲᠠᠶ ᠠᠰᠠᠭᠤᠳᠠᠯ᠎ᠢ ᠰᠢᠢ᠍ᠳᠪᠦᠷᠢᠯᠡᠬᠦ ᠰᠢᠨ᠎ᠡ ᠱᠠᠳᠤ ᠦᠶ᠎ᠡ ᠵᠢ ᠡᠬᠢᠯᠡᠭᠦᠯᠵᠦ᠂ ᠬᠠᠮᠤᠭ᠎ᠤᠨ ᠠᠶᠤᠯ ᠲᠦᠭᠰᠢᠭᠦᠷᠢᠲᠡᠶ ᠵᠠᠩᠭᠢᠯᠠᠭ᠎ᠠ ᠵᠢᠨ ᠴᠠᠭ ᠮᠦᠴᠡ᠎ᠳᠤ ᠨᠠᠮ᠎ᠢ ᠠᠪᠤᠷᠠᠨ᠂ ᠤᠯᠠᠭ᠋ᠠᠨ ᠴᠡᠷᠢᠭ᠎ᠢ ᠠᠪᠤᠷᠠᠨ᠂ ᠳᠤᠮᠳᠠᠳᠤ ᠤᠯᠤᠰ᠎ᠤᠨ ᠬᠤᠪᠢᠰᠬᠠᠯ᠎ᠢ ᠠᠪᠤᠷᠠᠭᠰᠠᠨ ᠪᠠᠢ᠌ᠨ᠎ᠠ᠂ ᠡᠨᠡ ᠪᠣᠯ ᠨᠠᠮ᠎ᠤᠨ ᠲᠡᠦᠬᠡᠨ᠎ᠳᠠᠬᠢ ᠦᠬᠦᠵᠦ ᠰᠡᠭᠡᠬᠦ᠎ᠳᠤ ᠬᠤᠯᠪᠤᠭᠳᠠᠭᠰᠠᠨ ᠨᠢᠭᠡ ᠤᠳᠠᠭ᠋ᠠᠨ᠎ᠤ ᠡᠷᠭᠢᠯᠲᠡ ᠮᠥᠨ᠃ ᠡᠨᠡ ᠬᠦ᠌ ᠺᠢᠨᠣ᠋᠎ᠨᠢ ᠠᠭᠤᠤ ᠶᠡᠬᠡ ᠬᠤᠪᠢᠰᠬᠠᠯᠳᠤ ᠲᠡᠦᠬᠡ ᠵᠢ ᠲᠠᠬᠢᠨᠳᠠ ᠡᠷᠬᠢᠴᠡᠭᠦᠯᠵᠦ᠂ ᠤᠯᠠᠭ᠋ᠠᠨ ᠴᠡᠷᠢᠭ᠎ᠤᠨ ᠤᠷᠳᠤ ᠵᠠᠮ᠎ᠤᠨ ᠠᠶᠠᠨ ᠲᠠᠢ᠍ᠢ᠍ᠨ᠎ᠤ ᠠᠭᠤᠤ ᠶᠡᠬᠡ ᠬᠤᠪᠢᠰᠬᠠᠯ᠎ᠤᠨ ᠠᠬᠢᠴᠠ ᠵᠢ ᠦᠨᠡᠨ ᠪᠣᠳᠠᠲᠠᠢ᠎ᠪᠠᠷ ᠰᠡᠷᠭᠦᠭᠡᠵᠦ᠂ ᠽᠦᠨ ᠢ ᠵᠢᠨ ᠬᠤᠷᠠᠯ᠎ᠤᠨ ᠲᠡᠦᠬᠡ ᠵᠢᠨ ᠪᠦᠬᠦ ᠪᠠᠶ᠋ᠢᠳᠠᠯ᠎ᠢ ᠲᠠᠬᠢᠨᠳᠠ ᠢᠯᠡᠷᠡᠭᠦᠯᠵᠦ᠂ ᠠᠭᠤᠤ ᠶᠡᠬᠡ ᠤᠷᠳᠤ ᠵᠠᠮ᠎ᠤᠨ ᠠᠶᠠᠨ ᠲᠠᠢ᠍ᠢ᠍ᠨ᠎ᠤ ᠵᠣᠷᠢᠭ ᠰᠠᠨᠠᠭ᠎ᠠ ᠪᠠ ᠽᠦᠨ ᠢ ᠵᠢᠨ ᠬᠤᠷᠠᠯ᠎ᠤᠨ ᠵᠣᠷᠢᠭ ᠰᠠᠨᠠᠭ᠎ᠠ ᠵᠢ ᠠᠮᠢᠳᠤᠯᠢᠭ ᠵᠶ᠋ᠠᠷ ᠲᠠᠶ᠋ᠢᠯᠪᠤᠷᠢᠯᠠᠵᠠᠢ᠃       ᠠᠤᠭ᠎ᠠ ᠪᠣᠭᠣᠮᠲᠠ ᠠᠯᠤᠰ᠎ᠤᠨ ᠵᠠᠮ᠎ᠳᠠᠬᠢ ᠲᠡᠮᠦᠷ ᠴᠢᠯᠠᠭᠤᠨ ᠮᠡᠲᠦ ᠬᠠᠳᠠᠭᠤ ᠴᠢᠩᠭ᠎ᠠ ᠬᠦᠴᠢᠷᠳᠡᠯ᠎ᠢ ᠲᠠᠪᠠᠨ ᠲᠤᠭᠤᠯᠬᠤ ᠲᠦᠷᠦᠭᠦᠤ ᠠᠯᠬᠤᠮ ᠪᠠᠢ᠌ᠬᠤᠯ᠎ᠠ ᠡᠳᠦᠭᠡ ᠪᠠᠰᠠ ᠶᠠᠭᠤᠨ᠎ᠳᠤᠷ ᠵᠤᠪᠠᠨᠢᠬᠤ ᠤᠴᠢᠷ ᠪᠤᠢ ᠊ᠶ᠎ᠠ ᠭᠡᠮᠡᠨ᠂ ᠤᠯᠠᠨ ᠵᠶ᠋ᠠᠷ ᠵᠶ᠋ᠠᠨ ᠨᠠᠮ᠎ᠤᠨ ᠲᠡᠦᠬᠡ ᠵᠢ ᠭᠦᠨᠵᠡᠭᠡᠢ ᠰᠤᠷᠤᠯᠴᠠᠵᠤ᠂ ᠨᠠᠮ᠎ᠤᠨ ᠶᠡᠷᠦ ᠪᠤᠰᠤ ᠵᠢᠨ ᠲᠡᠦᠬᠡᠨ ᠶᠠᠪᠤᠴᠠ᠎ᠠᠴᠠ ᠦᠵᠡᠯ ᠰᠠᠨᠠᠭ᠋ᠠᠨ᠎ᠤ ᠠᠤᠭ᠎ᠠ ᠬᠦᠴᠦᠨ᠎ᠢ ᠤᠢ᠍ᠢ᠍ᠯᠠᠭ᠋ᠠᠨ ᠮᠡᠳᠡᠷᠡᠵᠦ᠂ ᠤᠶᠤᠨ ᠤᠬᠠᠭ᠋ᠠᠨ᠎ᠤ ᠬᠦᠴᠦᠨ ᠴᠢᠳᠠᠯ᠎ᠢ ᠰᠢᠩᠭᠡᠭᠡᠨ ᠠᠪᠴᠤ᠂ ᠤᠬ ᠰᠠᠨᠠᠭ᠎ᠠ᠎ᠪᠠᠨ ᠪᠠᠲᠤ ᠰᠠᠬᠢᠵᠤ᠂ ᠦᠷᠭᠦᠯᠵᠢᠯᠡᠨ ᠤᠷᠤᠭᠰᠢᠯᠠᠵᠤ᠂ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠠᠵᠢᠯ᠎ᠤᠨ ᠰᠢᠨ᠎ᠡ ᠪᠠᠶ᠋ᠢᠳᠠᠯ᠎ᠢ ᠡᠭᠦᠳᠦᠨ᠎ᠡ ᠭᠡᠵᠦ ᠢᠯᠡᠳᠬᠡᠵᠡᠭᠡᠪᠡ᠃

ᠢᠷᠡᠯᠲᠡ᠄ ᠠᠮᠢ ᠠᠬᠤᠶ ᠣᠷᠴᠢᠨ ᠲᠤᠭᠤᠷᠢᠨ᠎ᠤ ᠲᠢᠩᠬᠢᠮ
          
ᠬᠠᠮᠢᠶ᠎ᠡ ᠪᠦᠬᠦᠢ ᠰᠣᠨᠢᠨ
ᠰᠢᠤᠢ ᠶᠦᠩ ᠵᠢᠶᠦ᠋ᠨ ᠵᠡᠷᠭᠡ ᠨᠥᠬᠥᠳ᠎ᠢ ᠲᠤᠰᠢᠶᠠᠯ᠎ᠳᠤ ᠪᠠ ᠲᠤᠰᠢᠶᠠᠯ᠎ᠤᠨ ᠳᠡᠰ᠎ᠲᠤ ᠲᠣᠮᠢᠯᠠᠵᠤ ᠪᠠᠭᠤᠯᠭ᠋ᠠᠬᠤ ᠲᠤᠬᠠᠶ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠶ ᠣᠷᠴᠢᠨ ᠲᠣᠭᠣᠷᠢᠨ᠎ᠤ ᠲᠢᠩᠬᠢᠮ᠎ᠤᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠮᠡᠳᠡᠭᠳᠡᠯ
ᠰᠢᠤᠢ ᠶᠦᠩ ᠮᠢᠩ ᠵᠡᠷᠭᠡ ᠨᠥᠬᠥᠳ᠎ᠢ ᠲᠤᠰᠢᠶᠠᠯ᠎ᠳᠤ ᠲᠣᠮᠢᠯᠠᠵᠤ ᠲᠤᠰᠢᠶᠠᠯ᠎ᠠᠴᠠ ᠪᠠᠭᠤᠯᠭ᠋ᠠᠬᠤ ᠲᠤᠬᠠᠶ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠶ ᠣᠷᠴᠢᠨ ᠲᠣᠭᠣᠷᠢᠨ᠎ᠤ ᠲᠢᠩᠬᠢᠮ᠎ᠤᠨ ᠮᠡᠳᠡᠭᠳᠡᠯ
ᠵᠦᠩ ᠢᠦᠢ ᠰᠢᠶᠠᠩ ᠵᠡᠷᠭᠡ ᠨᠥᠬᠥᠳ᠎ᠢ ᠲᠤᠰᠢᠶᠠᠯ᠎ᠳᠤ ᠲᠣᠮᠢᠯᠠᠵᠤ ᠲᠤᠰᠢᠶᠠᠯ᠎ᠠᠴᠠ ᠪᠠᠭᠤᠯᠭ᠋ᠠᠬᠤ ᠲᠤᠬᠠᠢ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠨᠠᠮ᠎ᠤᠨ ᠤᠳᠤᠷᠢᠳᠬᠤ ᠲᠤᠭᠤᠢ᠌ᠯᠠᠩ᠎ᠤᠨ ᠮᠡᠳᠡᠭᠳᠡᠯ
ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ ᠳᠤᠮᠳᠠᠳᠤ ᠤᠯᠤᠰ᠎ᠤᠨ ᠡᠪ ᠬᠠᠮᠲᠤ ᠨᠠᠮ ᠪᠠᠶ᠋ᠢᠭᠤᠯᠤᠭᠳᠠᠭᠰᠠᠨ 100 ᠵᠢᠯ᠎ᠤᠨ ᠤᠢ ᠵᠢ ᠪᠡᠯᠭᠡᠯᠡᠬᠦ ᠶᠡᠬᠡ ᠬᠤᠷᠠᠯ᠎ᠢ ᠲᠦᠪᠯᠡᠷᠡᠭᠦᠯᠦᠨ ᠬᠦᠯᠢᠶᠡᠨ ᠠᠪᠴᠤ ᠦᠵᠡᠪᠡ
ᠵᠢᠩᠬᠢᠨᠢ ᠳᠡᠭᠡᠳᠦ ᠵᠡᠷᠭᠡ ᠵᠢᠨ ᠮᠡᠷᠭᠡᠵᠢᠯ᠎ᠤᠨ ᠴᠣᠯᠠ ᠮᠡᠳᠡᠭᠦᠯᠬᠦ᠎ᠪᠠᠷ ᠪᠠᠶ᠋ᠢᠭ᠎ᠠ ᠬᠥᠮᠦᠰ᠎ᠤᠨ ᠨᠡᠷᠡᠰ᠎ᠤᠨ ᠪᠦᠷᠢᠳᠬᠡᠯ᠎ᠢ ᠵᠠᠷᠯᠠᠨ ᠨᠡᠶ᠋ᠢᠲᠡᠯᠡᠬᠦ ᠲᠤᠬᠠᠶ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠶ ᠣᠷᠴᠢᠨ ᠲᠣᠭᠣᠷᠢᠨ᠎ᠤ ᠲᠢᠩᠬᠢᠮ᠎ᠤᠨ ᠠᠯᠪᠠᠨ ᠵᠠᠷᠯᠠᠯ
 
             蒙ICP备05000248号