ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠠᠮᠢ ᠠᠬᠤᠢ᠎ᠶᠢᠨ ᠬᠠᠮᠠᠭᠠᠯᠠᠯᠲᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ
ᠪᠣᠬᠢᠷᠳᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ
ᠢᠯᠡ ᠵᠠᠰᠠᠭ   -   ᠠᠵᠢᠯᠲᠠᠨ᠎ᠤ ᠶᠠᠪᠣᠳᠠᠯ᠎ᠢ ᠵᠣᠬᠢᠶᠠᠨ ᠪᠠᠶ᠋ᠢᠭᠤᠯᠬᠤ
ᠠᠮᠢ ᠠᠬᠤᠢ ᠣᠷᠴᠢᠨ ᠲᠣᠭᠣᠷᠢᠨ᠎ᠤ ᠲᠢᠩᠬᠢᠮ 《ᠨᠠᠮ᠎ᠤᠨ ᠠᠴᠢ ᠵᠢ ᠮᠠᠭᠲᠠᠵᠤ ᠨᠠᠢ᠍ᠮᠠᠨ ᠰᠠᠷ᠎ᠠ ᠵᠢᠨ ᠨᠢᠭᠡᠨ ᠵᠶ᠋ᠠᠨ ᠤᠭᠳᠤᠵᠤ ᠠᠭᠤᠤ ᠶᠡᠬᠡ ᠴᠠᠭ ᠦᠶ᠎ᠡ᠎ᠪᠠᠨ ᠮᠠᠭᠳᠠᠨ ᠲᠠᠭᠤᠯᠠᠶ᠎ᠠ》 ᠭᠡᠬᠦ ᠠᠬᠠᠮᠠᠳ ᠺᠠᠳ᠋ᠷᠴᠤᠳ᠎ᠤᠨ ᠤᠷᠠᠨ ᠪᠢᠴᠢᠯᠭᠡ ᠤᠷᠠᠨ ᠵᠢᠷᠤᠭ᠎ᠤᠨ ᠦᠵᠡᠰᠬᠦᠯᠡᠩ᠎ᠤᠨ ᠠᠵᠢᠯᠯᠠᠭ᠎ᠠ ᠦᠷᠨᠢᠭᠦᠯᠪᠡ
ᠨᠡᠶ᠋ᠢᠲᠡᠯᠡᠭᠰᠡᠨ ᠴᠠᠭ᠄ 2021-08-10

      ᠡᠨᠡ ᠵᠢᠯ ᠪᠣᠯ ᠳᠤᠮᠳᠠᠳᠤ ᠤᠯᠤᠰ᠎ᠤᠨ ᠡᠪ ᠬᠠᠮᠲᠤ ᠨᠠᠮ ᠪᠠᠶ᠋ᠢᠭᠤᠯᠤᠭᠳᠠᠭᠰᠠᠨ 100 ᠵᠢᠯ᠎ᠤᠨ ᠤᠢ ᠪᠣᠯᠤᠨ᠎ᠠ᠂   ᠮᠦᠨ ᠴᠦ᠍ ᠴᠡᠷᠢᠭ ᠪᠠᠶ᠋ᠢᠭᠤᠯᠤᠭᠳᠠᠭᠰᠠᠨ 94 ᠵᠢᠯ᠎ᠤᠨ ᠤᠢ ᠪᠣᠯᠤᠨ᠎ᠠ᠃ ᠨᠠᠮ᠎ᠤᠨ ᠲᠡᠦᠬᠡ ᠵᠢᠨ ᠰᠤᠷᠤᠯᠴᠠᠯᠭ᠎ᠠ ᠬᠥᠮᠦᠵᠢᠯ᠎ᠢ ᠭᠦᠨᠵᠡᠭᠡᠶ᠋ᠢᠷᠡᠭᠦᠯᠦᠨ ᠪᠣᠳᠠᠲᠠᠶ᠋ᠢᠵᠢᠭᠤᠯᠬᠤ ᠵᠢᠨ ᠲᠤᠰᠠᠳᠠ᠂ 《8 · 1》᠎ᠤ ᠴᠡᠷᠢᠭ ᠪᠠᠶ᠋ᠢᠭᠤᠯᠤᠭᠳᠠᠭᠰᠠᠨ ᠪᠠᠶᠠᠷ ᠬᠦᠷᠴᠦ ᠢᠷᠡᠬᠦ ᠲᠠᠰᠢᠷᠠᠮ ᠵᠶ᠋ᠠᠷ᠂ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠪᠠᠢ᠌ᠭᠤᠯᠭ᠎ᠠ ᠵᠢᠨ ᠨᠠᠮ᠎ᠤᠨ ᠬᠤᠷᠢᠶ᠎ᠠ᠂ ᠠᠵᠢᠯ᠎ᠠᠴᠠ᠎ᠪᠠᠨ ᠰᠠᠯᠵᠤ ᠠᠮᠠᠷᠠᠭᠰᠠᠨ ᠪᠠ ᠠᠵᠢᠯ᠎ᠠᠴᠠ᠎ᠪᠠᠨ ᠠᠮᠠᠷᠠᠭᠰᠠᠨ ᠺᠠᠳ᠋ᠷᠴᠤᠳ᠎ᠤᠨ ᠠᠵᠢᠯ᠎ᠤᠨ ᠭᠠᠵᠠᠷ᠎ᠤᠨ ᠨᠠᠮ᠎ᠤᠨ ᠡᠭᠦᠷ ᠳᠤᠮᠳᠠᠳᠤ ᠤᠯᠤᠰ᠎ᠤᠨ ᠤᠷᠠᠨ ᠪᠢᠴᠢᠯᠭᠡ ᠤᠷᠠᠨ ᠵᠢᠷᠤᠭᠴᠢᠳ᠎ᠤᠨ ᠨᠥᠬᠥᠷᠯᠡᠯ᠎ᠤᠨ ᠬᠤᠷᠠᠯ᠎ᠤᠨ ᠵᠠᠩᠵᠤᠨ᠎ᠤ ᠢᠨᠢᠶᠡᠮᠰᠦᠭᠯᠡᠯ ᠰᠣᠶᠣᠯ ᠤᠷᠠᠯᠢᠭ᠎ᠤᠨ ᠰᠣᠯᠢᠯᠴᠠᠭ᠋ᠠᠨ᠎ᠤ ᠲᠥᠪ᠎ᠲᠠᠢ ᠬᠠᠮᠲᠤᠷᠠᠨ 《ᠨᠠᠮ᠎ᠤᠨ ᠠᠴᠢ ᠵᠢ ᠮᠠᠭᠲᠠᠵᠤ ᠨᠠᠢ᠍ᠮᠠᠨ ᠰᠠᠷ᠎ᠠ ᠵᠢᠨ ᠨᠢᠭᠡᠨ ᠵᠶ᠋ᠠᠨ ᠤᠭᠳᠤᠵᠤ ᠠᠭᠤᠤ ᠶᠡᠬᠡ ᠴᠠᠭ ᠦᠶ᠎ᠡ᠎ᠪᠠᠨ ᠮᠠᠭᠳᠠᠨ ᠲᠠᠭᠤᠯᠠᠶ᠎ᠠ》 ᠭᠡᠬᠦ ᠠᠬᠠᠮᠠᠳ ᠺᠠᠳ᠋ᠷᠴᠤᠳ᠎ᠤᠨ ᠤᠷᠠᠨ ᠪᠢᠴᠢᠯᠭᠡ ᠤᠷᠠᠨ ᠵᠢᠷᠤᠭ᠎ᠤᠨ ᠠᠵᠢᠯᠯᠠᠭ᠎ᠠ ᠵᠢᠨ ᠦᠵᠡᠭᠦᠯᠦᠯᠭᠡ ᠡᠷᠬᠢᠯᠡᠵᠦ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠪᠦᠷᠢᠯᠳᠦᠬᠦᠨ᠂ ᠳᠡᠳ᠋ ᠳᠠᠷᠤᠭ᠎ᠠ ᠮᠦᠸᠸ ᠰᠢᠶᠤᠤ ᠯᠢᠶᠠᠨ ᠲᠤᠰ ᠠᠵᠢᠯᠯᠠᠭ᠎ᠠ᠎ᠳᠤ ᠣᠷᠣᠯᠴᠠᠪᠠ᠃ ᠠᠵᠢᠯᠯᠠᠭ᠎ᠠ ᠵᠢᠨ ᠳᠤᠮᠳᠠ᠂ ᠮᠦᠸᠸ ᠰᠢᠶᠤᠤ ᠯᠢᠶᠠᠨ ᠴᠡᠷᠢᠭ᠎ᠤᠨ ᠠᠯᠪᠠ᠎ᠠᠴᠠ ᠬᠠᠯᠠᠭᠳᠠᠭᠰᠠᠨ ᠠᠬᠠᠮᠠᠳ ᠺᠠᠳ᠋ᠷ᠂ ᠪᠡᠯᠡᠳᠬᠡᠯ ᠠᠯᠪᠠᠨ᠎ᠤ ᠬᠢᠮᠢ ᠵᠢᠨ ᠰᠡᠷᠭᠡᠶ᠋ᠢᠯᠡᠯᠲᠡ ᠵᠢᠨ ᠰᠤᠮᠤᠨ ᠠᠩᠬᠢ ᠵᠢᠨ   ᠪᠠᠶ᠋ᠢᠯᠳᠤᠭᠴᠢᠳ᠎ᠲᠤ ᠪᠠᠶᠠᠷ᠎ᠤᠨ ᠡᠳᠦᠷ᠎ᠤᠨ ᠮᠡᠨᠳᠦᠴᠢᠯᠡᠯ ᠬᠦᠷᠭᠡᠵᠦ᠂ ᠠᠬᠤᠢ ᠲᠠᠯᠠᠪᠠᠢ᠎ᠳᠤ 《ᠮᠠᠷᠲᠠᠭᠳᠠᠰᠢ ᠦᠭᠡᠢ ᠴᠡᠷᠢᠭ᠎ᠤᠨ ᠠᠶᠠᠨ᠎ᠢ ᠲᠠᠬᠢᠨ ᠦᠷᠭᠦᠯᠵᠢᠯᠡᠭᠦᠯᠦᠶ᠎ᠡ》 ᠭᠡᠬᠦ ᠤᠷᠠᠨ ᠪᠢᠴᠢᠯᠭᠡ ᠵᠢᠨ ᠪᠦᠲᠦᠭᠡᠯ᠎ᠢ ᠪᠢᠴᠢᠭᠯᠡᠵᠦ᠂ ᠡᠭᠦᠨ ᠵᠶ᠋ᠠᠷ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠲᠡᠮᠦᠷ ᠴᠡᠷᠢᠭ᠎ᠢ ᠵᠣᠷᠢᠭᠵᠢᠭᠤᠯᠵᠤ᠂ ᠦᠵᠡᠰᠬᠦᠯᠡᠩᠲᠦ ᠰᠠᠶ᠋ᠢᠬᠠᠨ ᠥᠪᠥᠷ ᠮᠣᠩᠭᠣᠯ᠎ᠢ ᠪᠦᠳᠦᠭᠡᠨ ᠪᠠᠶ᠋ᠢᠭᠤᠯᠬᠤ᠎ᠳᠤ ᠢᠳᠡᠪᠬᠢ ᠬᠦᠴᠦᠨ᠎ᠢ ᠬᠤᠷᠠᠮᠳᠤᠭᠤᠯᠵᠠᠢ᠃ ᠡᠭᠦᠨ᠎ᠤ ᠬᠠᠮᠲᠤ ᠲᠠᠷᠠᠭ᠋ᠠᠴᠢ᠎ᠪᠠᠷ ᠲᠢᠩᠬᠢᠮ᠎ᠤᠨ ᠠᠬᠠᠮᠠᠳ ᠺᠠᠳ᠋ᠷᠴᠤᠳ᠎ᠤᠨ ᠰᠣᠶᠣᠯ᠎ᠤᠨ ᠵᠢᠭᠰᠠᠭ᠋ᠠᠯ᠎ᠤᠨ ᠭᠠᠵᠠᠷ᠎ᠤᠨ ᠪᠠᠶ᠋ᠢᠭᠤᠯᠤᠯᠲᠠ ᠵᠢ ᠴᠢᠩᠭ᠋ᠠᠳᠬᠠᠵᠤ᠂ ᠨᠠᠰᠤᠨ᠎ᠤ ᠠᠮᠠᠷᠠᠯᠲᠠ᠎ᠪᠠᠨ ᠠᠪᠤᠭᠰᠠᠨ ᠠᠬᠠᠮᠠᠳ ᠺᠠᠳ᠋ᠷᠴᠤᠳ᠎ᠤᠨ ᠠᠵᠢᠯ᠎ᠤᠨ ᠴᠢᠯᠥᠭᠡᠨ᠎ᠤ ᠰᠣᠶᠣᠯ᠎ᠤᠨ ᠠᠮᠢᠳᠤᠷᠠᠯ᠎ᠢ ᠤᠯᠠᠨ ᠠᠷᠭ᠎ᠠ ᠵᠠᠮ᠂ ᠤᠯᠠᠨ ᠠᠷᠭ᠎ᠠ ᠬᠡᠯᠪᠡᠷᠢ᠎ᠪᠠᠷ ᠪᠠᠶᠠᠯᠢᠭᠵᠢᠭᠤᠯᠵᠤ᠂ ᠰᠣᠶᠣᠯ ᠰᠡᠳᠬᠢᠯᠭᠡ ᠵᠢ ᠪᠣᠯᠪᠠᠰᠤᠷᠠᠭᠤᠯᠵᠤ᠂ ᠠᠬᠠᠮᠠᠳ ᠨᠥᠬᠥᠳ᠎ᠤᠨ ᠤᠯᠤᠰ ᠲᠦᠷᠦ ᠵᠢᠨ ᠳᠠᠪᠠᠭᠤᠯᠢᠭ᠎ᠢ ᠰᠠᠶ᠋ᠢᠲᠤᠷ ᠪᠠᠳᠠᠷᠠᠭᠤᠯᠬᠤ ᠬᠡᠷᠡᠭᠲᠡᠶ ᠭᠡᠵᠦ ᠴᠢᠬᠤᠯᠠᠴᠢᠯᠠᠪᠠ᠃  
      ᠲᠤᠰ ᠤᠳᠠᠭ᠋ᠠᠨ᠎ᠤ ᠤᠷᠠᠨ ᠪᠢᠴᠢᠯᠭᠡ ᠤᠷᠠᠨ ᠵᠢᠷᠤᠭ᠎ᠤᠨ ᠦᠵᠡᠰᠬᠦᠯᠡᠩ᠎ᠨᠢ 《ᠨᠠᠮ᠎ᠤᠨ ᠠᠴᠢ ᠵᠢ ᠮᠡᠳᠡᠷᠡᠵᠦ᠂ ᠨᠠᠮ ᠵᠶ᠋ᠠᠨ ᠲᠠᠭ᠋ᠠᠬᠤ》᠎ᠪᠠᠷ ᠭᠣᠣᠯ ᠰᠡᠳᠦᠪ ᠪᠣᠯᠭ᠋ᠠᠵᠤ᠂ ᠴᠡᠷᠢᠭ ᠠᠩᠬᠢ ᠵᠢᠨ ᠤᠷᠠᠨ ᠪᠢᠴᠢᠯᠭᠡᠲᠡᠨ ᠸᠠᠩ ᠶᠢᠨ ᠴᠢᠩ᠂ ᠴᠠᠩ ᠶᠦᠩ ᠭᠠᠩ ᠵᠡᠷᠭᠡ ᠤᠷᠠᠨ ᠪᠢᠴᠢᠯᠭᠡ ᠤᠷᠠᠨ ᠵᠢᠷᠤᠭ᠎ᠤᠨ ᠨᠡᠷᠡᠳᠦ ᠬᠥᠮᠦᠰ᠎ᠢ ᠤᠷᠢᠵᠤ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠂ ᠠᠮᠢ ᠠᠬᠤᠢ ᠣᠷᠴᠢᠨ ᠲᠣᠭᠣᠷᠢᠨ᠎ᠤ ᠶᠡᠷᠦᠩᠬᠡᠶ᠋ᠢᠯᠡᠭᠰᠡᠨ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠶᠡᠷᠦᠩᠬᠡᠢ ᠠᠩᠬᠢ ᠵᠢᠨ ᠠᠵᠢᠯ᠎ᠠᠴᠠ᠎ᠪᠠᠨ ᠠᠮᠠᠷᠠᠭᠰᠠᠨ ᠬᠡᠰᠡᠭ ᠠᠬᠠᠮᠠᠳ ᠺᠠᠳ᠋ᠷ᠂ ᠪᠡᠯᠡᠳᠬᠡᠯ ᠠᠯᠪᠠᠨ᠎ᠤ ᠰᠡᠷᠭᠡᠶ᠋ᠢᠯᠡᠨ ᠬᠠᠮᠠᠭ᠋ᠠᠯᠠᠬᠤ ᠰᠤᠮᠤᠨ ᠠᠩᠬᠢ ᠵᠢᠨ ᠪᠠᠶ᠋ᠢᠯᠳᠤᠭᠴᠢᠳ᠎ᠲᠠᠢ ᠨᠢᠭᠡ ᠲᠠᠩᠬᠢᠮ᠎ᠳᠤ ᠴᠤᠭᠯᠠᠷᠠᠵᠤ᠂ ᠭᠠᠷ᠎ᠲᠠᠬᠢ ᠪᠢᠷ ᠪᠡᠬᠡᠰ ᠵᠶ᠋ᠠᠷ ᠵᠶ᠋ᠠᠨ ᠥᠨᠢ ᠡᠭᠦᠷᠢᠳᠡ ᠨᠠᠮ᠎ᠤᠨ ᠦᠭᠡ ᠵᠢ ᠰᠣᠨᠣᠰᠴᠤ᠂ ᠨᠠᠮ ᠵᠶ᠋ᠠᠨ ᠲᠠᠭ᠋ᠠᠵᠦ ᠶᠠᠪᠤᠬᠤ ᠨᠠᠮ ᠵᠶ᠋ᠠᠨ ᠬᠠᠶ᠋ᠢᠷᠠᠯᠠᠬᠤ ᠰᠡᠳᠬᠢᠯ᠎ᠤᠨ ᠦᠭᠡ᠎ᠪᠠᠨ ᠢᠯᠡᠳᠬᠡᠵᠡᠢ᠃

ᠢᠷᠡᠯᠲᠡ᠄ ᠥᠪᠥᠷ ᠮᠣᠩᠭᠣᠯ᠎ᠤᠨ ᠠᠮᠢ ᠠᠬᠤᠶ ᠣᠷᠴᠢᠨ ᠲᠤᠭᠤᠷᠢᠨ᠎ᠤ ᠲᠢᠩᠬᠢᠮ
          
ᠬᠠᠮᠢᠶ᠎ᠡ ᠪᠦᠬᠦᠢ ᠰᠣᠨᠢᠨ
《〈ᠦᠵᠡᠰᠬᠦᠯᠡᠩᠲᠦ ᠰᠠᠢ᠌ᠬᠠᠨ ᠳᠤᠮᠳᠠᠳᠤ ᠤᠯᠤᠰ᠂ ᠪᠢ ᠪᠣᠯ ᠠᠵᠢᠯᠯᠠᠭᠴᠢ〉 ᠠᠷᠠᠳ ᠢᠷᠭᠡᠳ᠎ᠤᠨ ᠠᠮᠢ ᠠᠬᠤᠢ ᠵᠢᠨ ᠪᠣᠯᠪᠠᠰᠤᠨ᠎ᠤ ᠤᠬᠠᠮᠰᠠᠷ᠎ᠢ ᠳᠡᠭᠡᠭᠰᠢᠯᠡᠭᠦᠯᠬᠦ ᠠᠵᠢᠯᠯᠠᠭ᠋ᠠᠨ᠎ᠤ ᠲᠥᠯᠥᠪᠯᠡᠭᠡ ᠵᠢᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠡᠷᠡᠭᠵᠢᠭᠦᠯᠬᠦ ᠲᠥᠰᠥᠯ》᠎ᠢ ᠳᠠᠷᠤᠮᠠᠯᠯᠠᠨ ᠲᠠᠷᠬᠠᠭ᠋ᠠᠬᠤ ᠲᠤᠬᠠᠢ ᠮᠡᠳᠡᠭᠳᠡᠯ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 《ᠠᠷᠪᠠᠨ ᠳᠥᠷᠪᠡᠳᠦᠭᠡᠷ ᠲᠠᠪᠤᠨ ᠵᠢᠯ》᠎ᠤᠨ ᠬᠥᠷᠥᠰᠥ ᠰᠢᠷᠣᠢ᠂ ᠭᠠᠵᠠᠷ ᠳᠣᠣᠷᠠᠬᠢ ᠤᠰᠤ ᠪᠣᠯᠣᠨ ᠮᠠᠯᠵᠢᠬᠤ ᠲᠠᠷᠢᠶᠠᠯᠠᠬᠤ ᠣᠷᠣᠨ᠎ᠤ ᠠᠮᠢ ᠠᠬᠤᠢ ᠵᠢᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠲᠥᠯᠦᠪᠵᠢᠭᠦᠯᠭᠡ ᠵᠢ ᠳᠠᠷᠤᠮᠠᠯᠯᠠᠨ ᠶᠠᠪᠤᠭᠤᠯᠬᠤ ᠲᠤᠬᠠᠢ ᠮᠡᠳᠡᠭᠳᠡᠯ
ᠪᠥᠬᠥ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠰᠢᠰᠲ᠋ᠧᠮ᠎ᠤᠨ ᠠᠩᠬᠠᠳᠤᠭ᠋ᠠᠷ ᠬᠤᠭᠤᠴᠠᠭ᠋ᠠᠨ᠎ᠤ 《ᠠᠮᠢ ᠠᠬᠤᠢ ᠬᠤᠨᠳᠠᠭ᠋ᠠᠲᠤ》 ᠥᠳᠥᠨ ᠪᠥᠮᠪᠥᠭᠡ ᠵᠢᠨ ᠤᠷᠤᠯᠳᠤᠭ᠋ᠠᠨ ᠪᠤᠭᠤᠲᠤ᠎ᠳᠤ ᠲᠡᠭᠦᠰ ᠠᠮᠵᠢᠯᠲᠠ᠎ᠲᠠᠢ ᠥᠨᠳᠥᠷᠯᠡᠪᠡ
ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠠᠵᠢᠯ᠎ᠠᠴᠠ᠎ᠪᠠᠨ ᠳᠠᠷᠬᠠᠯᠠᠭᠳᠠᠭᠰᠠᠨ ᠠᠵᠢᠯ᠎ᠠᠴᠠ᠎ᠪᠠᠨ ᠠᠮᠠᠷᠠᠭᠰᠠᠨ ᠬᠥᠮᠥᠰ᠎ᠤᠨ ᠨᠠᠮ᠎ᠤᠨ ᠶᠡᠷᠦᠩᠬᠡᠢ ᠡᠭᠦᠷ 《ᠤᠮᠠᠷᠠᠲᠤ ᠬᠢᠯᠢ ᠵᠢᠨ ᠪᠤᠭᠤᠷᠤᠯ ᠬᠣᠰᠢᠭᠤᠴᠢ ᠪᠣᠯᠵᠤ᠂ ᠦᠨᠳᠦᠰᠦᠲᠡᠨ᠎ᠤ ᠪᠦᠯᠬᠦᠮᠳᠡᠯ᠎ᠤᠨ ᠥᠯᠢᠭᠡᠷ ᠳᠠᠭᠤᠷᠢᠶᠠᠯ ᠪᠣᠯᠬᠤ》 ᠭᠣᠣᠯ ᠰᠡᠳᠦᠪᠲᠦ ᠨᠠᠮ᠎ᠤᠨ ᠡᠳᠦᠷ᠎ᠤᠨ ᠠᠵᠢᠯᠯᠠᠭ᠎ᠠ ᠵᠢ ᠵᠣᠬᠢᠶᠠᠨ ᠪᠠᠢ᠌ᠭᠤᠯᠵᠤ ᠥᠷᠨᠢᠭᠦᠯᠪᠡ
ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ 《ᠨᠠᠮ᠎ᠤᠨ ᠠᠴᠢ᠎ᠳᠤ ᠲᠠᠯᠠᠷᠬᠠᠵᠤ ᠨᠠᠮ᠎ᠤᠨ ᠦᠭᠡ ᠵᠢ ᠰᠣᠨᠣᠰᠴᠤ ᠨᠠᠮ ᠵᠶ᠋ᠠᠨ ᠲᠠᠭ᠋ᠠᠬᠤ》 ᠭᠣᠣᠯ ᠰᠡᠳᠦᠪᠲᠦ ᠨᠠᠮ᠎ᠤᠨ ᠡᠳᠦᠷᠯᠢᠭ᠎ᠤᠨ ᠠᠵᠢᠯᠯᠠᠭ᠎ᠠ ᠥᠷᠨᠢᠭᠦᠯᠪᠡ
 
             蒙ICP备05000248号