8 ᠳ᠋ᠤᠭ᠋ᠠᠷ ᠰᠠᠷ᠎ᠠ ᠵᠢᠨ 3᠎ᠤ ᠡᠳᠦᠷ᠎ᠤᠨ ᠦᠳᠡ ᠵᠢᠨ ᠬᠣᠶ᠋ᠢᠨ᠎ᠠ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠶ ᠵᠢᠨ ᠣᠷᠴᠢᠨ ᠲᠣᠭᠣᠷᠢᠨ᠎ᠤ ᠲᠢᠩᠬᠢᠮ᠎ᠤᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠣᠨᠣᠯ᠎ᠤᠨ ᠰᠤᠷᠤᠯᠴᠠᠯᠭ᠎ᠠ ᠵᠢᠨ ᠭᠣᠤᠯ ᠳᠤᠭᠤᠶ᠋ᠢᠯᠠᠩ (ᠥᠷᠭᠡᠳᠬᠡᠭᠰᠡᠨ)᠎ᠤᠨ 2021 ᠣᠨ᠎ᠤ 14 ᠳ᠋ᠤᠭᠡᠷ ᠤᠳᠠᠭ᠋ᠠᠨ᠎ᠤ ᠰᠤᠷᠤᠯᠴᠠᠯᠭ᠎ᠠ ᠵᠢᠨ ᠬᠤᠷᠠᠯ ᠬᠤᠷᠠᠯᠳᠤᠭᠤᠯᠪᠠ᠃ ᠬᠤᠷᠠᠯ ᠳᠡᠭᠡᠷ᠎ᠡ᠂ ᠬᠤᠷᠠᠯ᠎ᠳᠤ ᠣᠷᠣᠯᠴᠠᠭᠰᠠᠳ ᠬᠠᠲᠤᠨ ᠭᠣᠣᠯ᠎ᠤᠨ ᠰᠠᠪᠠ ᠭᠠᠵᠠᠷ᠎ᠤᠨ ᠠᠮᠢ ᠠᠬᠤᠶ ᠵᠢᠨ ᠣᠷᠴᠢᠨ ᠲᠣᠭᠣᠷᠢᠨ᠎ᠤ ᠰᠡᠷᠡᠮᠵᠢ ᠵᠢᠨ ᠹᠢᠯᠢᠮ ᠪᠠ ᠥᠪᠡᠷᠲᠡᠭᠡᠨ ᠵᠠᠰᠠᠬᠤ ᠣᠷᠣᠨ᠎ᠤ ᠬᠠᠲᠤᠨ ᠭᠣᠣᠯ᠎ᠤᠨ ᠰᠠᠪᠠ ᠭᠠᠵᠠᠷ᠎ᠤᠨ ᠠᠮᠢ ᠠᠬᠤᠶ ᠵᠢᠨ ᠬᠠᠮᠠᠭ᠋ᠠᠯᠠᠯᠲᠠ ᠵᠢᠨ ᠲᠣᠪᠣᠶ᠋ᠢᠮ ᠠᠰᠠᠭᠤᠳᠠᠯ᠎ᠤᠨ ᠲᠠᠯᠳᠠᠭᠤᠷ ᠰᠤᠷᠪᠤᠯᠵᠢᠯᠠᠭᠰᠠᠨ ᠹᠢᠯᠢᠮ᠎ᠢ ᠬᠢᠨᠠᠮᠠᠭ᠋ᠠᠶ ᠦᠵᠡᠵᠦ᠂ ᠪᠠᠰᠠ ᠬᠠᠲᠤᠨ ᠭᠣᠣᠯ᠎ᠤᠨ ᠰᠠᠪᠠ ᠭᠠᠵᠠᠷ᠎ᠤᠨ ᠠᠮᠢ ᠠᠬᠤᠢ ᠵᠢᠨ ᠬᠠᠮᠠᠭ᠋ᠠᠯᠠᠯᠲᠠ ᠪᠣᠯᠤᠨ ᠴᠢᠨᠠᠷ ᠰᠠᠶ᠋ᠢᠲᠠᠢ ᠬᠥᠭᠵᠢᠯᠲᠡ ᠵᠢ ᠠᠬᠢᠭᠤᠯᠬᠤ᠎ᠳᠤ ᠶᠠᠷᠢᠭᠰᠠᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠪᠠ ᠤᠯᠤᠰ᠎ᠤᠨ ᠴᠡᠴᠡᠷᠯᠢᠭ ᠵᠶ᠋ᠠᠷ ᠭᠣᠣᠯ ᠴᠣᠭᠴᠠ ᠪᠣᠯᠭ᠋ᠠᠭᠰᠠᠨ ᠪᠠᠶ᠋ᠢᠭ᠋ᠠᠯᠢ ᠵᠢᠨ ᠬᠠᠮᠠᠭ᠋ᠠᠯᠠᠯᠲᠠ ᠵᠢᠨ ᠭᠠᠵᠠᠷ᠎ᠤᠨ ᠰᠢᠰᠲᠸᠮ᠎ᠢ ᠪᠠᠶ᠋ᠢᠭᠤᠯᠬᠤ ᠲᠤᠬᠠᠢ ᠶᠡᠷᠦᠩᠬᠡᠢ ᠱᠦᠵᠢ ᠰᠢ ᠵᠢᠨ ᠫᠢᠩ᠎ᠤᠨ ᠶᠠᠷᠢᠭᠰᠠᠨ ᠴᠢᠬᠤᠯᠠ ᠵᠢᠭ᠋ᠠᠪᠤᠷᠢ ᠴᠣᠬᠣᠯᠠᠪᠤᠷᠢ ᠵᠢᠨ ᠵᠣᠷᠢᠭ ᠰᠠᠨᠠᠭ᠎ᠠ ᠵᠢ ᠰᠤᠷᠤᠯᠴᠠᠵᠠᠢ᠃ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠪᠠᠢ᠌ᠭᠤᠯᠭ᠎ᠠ᠎ᠳᠤ᠎ᠪᠠᠨ ᠪᠠᠶ᠋ᠢᠭ᠎ᠠ ᠲᠢᠩᠬᠢᠮ᠎ᠤᠨ ᠤᠳᠤᠷᠢᠳᠤᠯᠭ᠎ᠠ᠂ ᠲᠢᠩᠬᠢᠮ᠎ᠤᠨ ᠪᠠᠢ᠌ᠭᠤᠯᠭ᠎ᠠ ᠵᠢᠨ ᠡᠯ᠎ᠡ ᠭᠠᠵᠠᠷ ᠠᠯᠪᠠᠨ ᠭᠡᠷ᠂ ᠲᠣᠮᠢᠯᠠᠭᠰᠠᠨ ᠪᠠᠶ᠋ᠢᠭᠤᠯᠤᠮᠵᠢ ᠵᠢᠨ ᠪᠦᠬᠦ ᠠᠵᠢᠯᠳᠠᠨ᠂ ᠬᠠᠷᠢᠶ᠎ᠠ ᠠᠵᠢᠯ ᠦᠢ᠍ᠯᠡᠰ᠎ᠤᠨ ᠨᠢᠭᠡᠴᠢ ᠵᠢᠨ ᠪᠦᠬᠦ ᠨᠠᠮ᠎ᠤᠨ ᠭᠡᠰᠢᠭᠦᠨ ᠲᠤᠰ ᠬᠤᠷᠠᠯ᠎ᠳᠤ ᠣᠷᠣᠯᠴᠠᠪᠠ᠃
ᠬᠤᠷᠠᠯ᠎ᠤᠨ ᠳᠠᠷᠠᠭ᠎ᠠ᠂ ᠨᠠᠮ᠎ᠤᠨ ᠭᠡᠰᠢᠭᠦᠨ ᠺᠠᠳ᠋ᠷᠴᠤᠳ᠎ᠠᠴᠠ ᠥᠪᠡᠷᠲᠡᠭᠡᠨ ᠵᠠᠰᠠᠬᠤ ᠣᠷᠣᠨ᠎ᠤ ᠬᠠᠲᠤᠨ ᠭᠣᠣᠯ᠎ᠤᠨ ᠰᠠᠪᠠ ᠭᠠᠵᠠᠷ᠎ᠤᠨ ᠠᠮᠢ ᠠᠬᠤᠶ ᠵᠢᠨ ᠬᠠᠮᠠᠭ᠋ᠠᠯᠠᠯᠲᠠ ᠪᠠ ᠴᠢᠨᠠᠷ ᠰᠠᠶ᠋ᠢᠲᠠᠶ ᠬᠥᠭᠵᠢᠯᠲᠡ᠎ᠳᠤ ᠲᠤᠯᠭ᠋ᠠᠷᠠᠵᠤ ᠪᠠᠶ᠋ᠢᠭ᠎ᠠ ᠬᠦᠨᠳᠦ ᠬᠡᠴᠡᠭᠦᠦ ᠪᠠᠶ᠋ᠢᠳᠠᠯ᠎ᠢ ᠭᠦᠢ᠍ᠴᠡᠳ ᠲᠠᠨᠢᠵᠤ᠂ ᠠᠵᠢᠯ᠎ᠤᠨ ᠳᠤᠮᠳᠠ᠎ᠪᠠᠨ ᠣᠷᠣᠰᠢᠵᠤ ᠪᠠᠶ᠋ᠢᠭ᠎ᠠ ᠵᠥᠷᠢᠶ᠎ᠡ ᠪᠣᠯᠤᠨ ᠬᠦᠷᠦᠯᠴᠡᠬᠦ ᠦᠭᠡᠶ ᠲᠠᠯ᠎ᠠ᠎ᠪᠠᠨ ᠵᠥᠪ ᠵᠶ᠋ᠠᠷ ᠲᠠᠨᠢᠵᠤ᠂ ᠰᠡᠷᠡᠮᠵᠢᠯᠡᠭᠦᠯᠬᠦ ᠹᠢᠯᠢᠮ ᠪᠠ ᠳᠠᠯᠳᠠᠭᠤᠷ ᠰᠤᠷᠪᠤᠯᠵᠢᠯᠠᠭᠰᠠᠨ ᠹᠢᠯᠢᠮ᠎ᠠᠴᠠ ᠦᠨᠡᠨ ᠬᠦ᠌ ᠤᠬᠠᠭ᠋ᠠᠷᠠᠨ ᠰᠡᠬᠡᠭᠡᠷᠡᠵᠦ᠂ ᠤᠯᠤᠰ ᠲᠦᠷᠦ ᠵᠢᠨ ᠲᠠᠯ᠎ᠠ᠎ᠠᠴᠠ ᠭᠦᠨᠵᠡᠭᠡᠢ ᠲᠤᠩᠭ᠋ᠠᠨ ᠪᠣᠳᠣᠯᠬᠢᠯᠠᠵᠤ᠂ ᠴᠡᠭᠴᠡᠯᠡᠨ ᠰᠠᠶ᠋ᠢᠵᠢᠷᠠᠭᠤᠯᠬᠤ ᠪᠠ ᠠᠰᠠᠭᠤᠳᠠᠯ᠎ᠢ ᠰᠢᠢ᠍ᠳᠪᠦᠷᠢᠯᠡᠬᠦ ᠤᠯᠤᠰ ᠲᠦᠷᠦ ᠵᠢᠨ ᠤᠬᠠᠮᠰᠠᠷ᠂ ᠦᠵᠡᠯ ᠰᠠᠨᠠᠭ᠋ᠠᠨ᠎ᠤ ᠤᠬᠠᠮᠰᠠᠷ᠂ ᠠᠵᠢᠯᠯᠠᠭ᠋ᠠᠨ᠎ᠤ ᠤᠬᠠᠮᠰᠠᠷ ᠵᠶ᠋ᠠᠨ ᠤᠯᠠᠮ ᠨᠢᠭᠡ ᠠᠯᠬᠤᠮ ᠴᠢᠩᠭ᠋ᠠᠳᠬᠠᠵᠤ᠂ ᠨᠠᠮ᠎ᠤᠨ ᠲᠥᠪ ᠬᠣᠷᠢᠶᠠᠨ᠎ᠤ ᠡᠯ᠎ᠡ ᠵᠦᠢ᠍ᠯ᠎ᠤᠨ ᠪᠠᠶ᠋ᠢᠷᠢᠯᠠᠭᠤᠯᠤᠯᠲᠠ ᠵᠢᠨ ᠱᠠᠭ᠋ᠠᠷᠳᠠᠯᠭ᠎ᠠ ᠵᠢ ᠪᠦᠬᠦ ᠲᠠᠯ᠎ᠠ᠎ᠪᠠᠷ ᠭᠦᠨᠵᠡᠭᠡᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ᠂ ᠦᠵᠡᠰᠬᠦᠯᠡᠩᠲᠦ ᠰᠠᠶ᠋ᠢᠬᠠᠨ ᠳᠤᠮᠳᠠᠳᠤ ᠤᠯᠤᠰ᠎ᠢ ᠪᠦᠳᠦᠭᠡᠨ ᠪᠠᠶ᠋ᠢᠭᠤᠯᠬᠤ᠎ᠳᠤ ᠨᠡᠩ ᠤᠯᠠᠨ ᠢᠳᠡᠪᠬᠢᠲᠡᠢ ᠬᠤᠪᠢ ᠨᠡᠮᠡᠷᠢ ᠦᠵᠡᠭᠦᠯᠬᠦ ᠬᠡᠷᠡᠭᠲᠡᠢ ᠭᠡᠵᠦ ᠵᠢᠭ᠋ᠠᠵᠤ ᠭᠠᠷᠭ᠋ᠠᠪᠠ᠃