ᠶᠡᠷᠦᠩᠬᠡᠢ ᠱᠦᠵᠢ ᠰᠢ ᠵᠢᠨ ᠫᠢᠩ᠎ᠤᠨ 《ᠲᠤᠯᠤᠭ᠋ᠠᠨ ᠰᠠᠷ᠎ᠠ ᠵᠢᠨ ᠨᠢᠭᠡᠨ》᠎ᠳᠤ ᠶᠠᠷᠢᠭᠰᠠᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠵᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠨᠠᠮ᠎ᠤᠨ ᠲᠡᠦᠬᠡ ᠵᠢᠨ ᠰᠤᠷᠤᠯᠴᠠᠯᠭ᠎ᠠ ᠬᠥᠮᠦᠵᠢᠯ᠎ᠢ ᠦᠷᠭᠦᠯᠵᠢᠯᠡᠨ ᠭᠦᠨᠵᠡᠭᠡᠢ ᠥᠷᠨᠢᠭᠦᠯᠬᠦ ᠵᠢᠨ ᠲᠤᠰᠠᠳᠠ᠂ 8 ᠳ᠋ᠤᠭ᠋ᠠᠷ ᠰᠠᠷ᠎ᠠ ᠵᠢᠨ 10᠎ᠤ ᠦᠳᠡ ᠵᠢᠨ ᠡᠮᠦᠨ᠎ᠡ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠠᠴᠠ ᠨᠠᠮ᠎ᠤᠨ ᠭᠡᠰᠢᠭᠦᠨ ᠺᠠᠳ᠋ᠷᠴᠤᠳ᠎ᠢ ᠵᠣᠬᠢᠶᠠᠨ ᠪᠠᠶ᠋ᠢᠭᠤᠯᠤᠨ ᠥᠪᠡᠷᠲᠡᠭᠡᠨ ᠵᠠᠰᠠᠬᠤ ᠣᠷᠣᠨ᠎ᠤ ᠦᠵᠡᠰᠬᠦᠯᠡᠩ᠎ᠤᠨ ᠣᠷᠳᠣᠨ᠎ᠳᠤ 《ᠤᠬ ᠰᠠᠨᠠᠭ᠎ᠠ᠎ᠪᠠᠨ ᠦᠯᠦ ᠮᠠᠷᠳᠠᠨ ᠡᠭᠦᠷᠭᠡ ᠬᠠᠷᠢᠭᠤᠴᠠᠯᠭ᠎ᠠ᠎ᠪᠠᠨ ᠪᠠᠲᠤ ᠴᠡᠭᠡᠵᠢᠯᠡᠶ᠎ᠡ — ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠡᠦᠬᠡ ᠵᠢᠨ ᠦᠵᠡᠰᠬᠦᠯᠡᠩ》᠎ᠢ ᠲᠣᠭᠣᠷᠢᠨ ᠦᠵᠡᠪᠡ᠃ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠱᠦᠵᠢ᠂ ᠲᠢᠩᠬᠢᠮ᠎ᠤᠨ ᠳᠠᠷᠤᠭ᠎ᠠ ᠶᠠᠩ ᠵᠢᠶᠸ ᠦᠵᠡᠰᠬᠦᠯᠡᠩ᠎ᠢ ᠲᠣᠭᠣᠷᠢᠨ ᠦᠵᠡᠪᠡ᠃
ᠦᠵᠡᠰᠬᠦᠯᠡᠩ᠎ᠳᠤ 《ᠳᠤᠮᠳᠠᠳᠤ ᠤᠯᠤᠰ᠎ᠤᠨ ᠡᠪ ᠬᠠᠮᠲᠤ ᠨᠠᠮ᠎ᠢ ᠪᠠᠶ᠋ᠢᠭᠤᠯᠤᠨ᠎ᠠ᠂ ᠰᠢᠨ᠎ᠡ ᠠᠷᠠᠳᠴᠢᠯᠠᠭᠰᠠᠨ ᠬᠤᠪᠢᠰᠬᠠᠯ᠎ᠤᠨ ᠠᠭᠤᠤ ᠶᠡᠬᠡ ᠢᠯᠠᠯᠲᠠ ᠵᠢ ᠲᠡᠮᠡᠴᠡᠨ ᠣᠯᠤᠶ᠎ᠠ》᠂ 《ᠪᠦᠬᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠢ ᠪᠠᠶ᠋ᠢᠭᠤᠯᠵᠤ᠂ ᠨᠡᠶ᠋ᠢᠭᠡᠮ ᠵᠢᠷᠤᠮ᠎ᠤᠨ ᠬᠤᠪᠢᠰᠬᠠᠯ ᠪᠣᠯᠤᠨ ᠪᠦᠳᠦᠭᠡᠨ ᠪᠠᠶ᠋ᠢᠭᠤᠯᠤᠯᠲᠠ ᠬᠢᠶ᠎ᠠ》᠂ 《ᠥᠭᠡᠷᠡᠴᠢᠯᠡᠯᠲᠡ ᠨᠡᠭᠡᠭᠡᠯᠳᠠ ᠵᠢ ᠬᠡᠷᠡᠭᠵᠢᠭᠦᠯᠵᠦ᠂ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠢ ᠡᠭᠦᠳᠦᠨ ᠪᠠᠶ᠋ᠢᠭᠤᠯᠵᠤ ᠬᠥᠭᠵᠢᠭᠦᠯᠦᠶ᠎ᠡ》᠂ 《ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠢ ᠰᠢᠨ᠎ᠡ ᠴᠠᠭ ᠦᠶ᠎ᠡ᠎ᠳᠤ ᠣᠷᠣᠭᠤᠯᠬᠤ ᠵᠢ ᠠᠬᠢᠭᠤᠯᠵᠤ᠂ ᠴᠢᠨᠡᠭᠡᠯᠢᠭ ᠨᠡᠶ᠋ᠢᠭᠡᠮ᠎ᠢ ᠪᠦᠬᠦ ᠲᠠᠯ᠎ᠠ᠎ᠪᠠᠷ ᠪᠡᠶᠡᠯᠡᠭᠦᠯᠵᠦ᠂ ᠨᠡᠶ᠋ᠢᠭᠡᠮ ᠵᠢᠷᠤᠮ᠎ᠤᠨ ᠣᠳᠣᠬᠢᠴᠢᠯᠠᠭᠰᠠᠨ ᠤᠯᠤᠰ᠎ᠢ ᠪᠦᠬᠦ ᠲᠠᠯ᠎ᠠ᠎ᠪᠠᠷ ᠪᠦᠳᠦᠭᠡᠨ ᠪᠠᠶ᠋ᠢᠭᠤᠯᠬᠤ ᠰᠢᠨ᠎ᠡ ᠠᠶᠠᠨ᠎ᠢ ᠡᠬᠢᠯᠡᠭᠦᠯᠦᠶ᠎ᠡ》 ᠭᠡᠬᠦ ᠲᠦᠷᠪᠡᠨ ᠬᠡᠰᠡᠭ ᠵᠶ᠋ᠠᠷ ᠪᠦᠷᠢᠯᠳᠦᠵᠡᠢ᠃ 1300 ᠭᠠᠷᠤᠢ ᠬᠡᠷᠡᠯ ᠵᠢᠷᠤᠭ ᠵᠢᠷᠤᠭᠲᠤ ᠬᠦᠰᠦᠨᠦᠭᠲᠦ ᠵᠢᠨ ᠦᠰᠦᠭ ᠪᠢᠴᠢᠭ᠎ᠤᠨ ᠬᠡᠪᠯᠡᠯ᠂ 200 ᠰᠢᠬᠠᠮ ᠪᠣᠳᠠᠲᠤ ᠪᠣᠳᠠᠰ᠎ᠤᠨ ᠦᠵᠡᠭᠦᠯᠭᠡ ᠵᠢᠨ ᠪᠣᠳᠠᠰ᠎ᠨᠢ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠳᠤᠮᠳᠠᠳᠤ ᠤᠯᠤᠰ᠎ᠤᠨ ᠠᠷᠠᠳ ᠲᠦᠮᠡᠨ᠎ᠢ ᠪᠦᠯᠬᠦᠮᠳᠡᠭᠦᠯᠦᠨ ᠳᠠᠭ᠋ᠠᠭᠤᠯᠵᠤ ᠵᠠᠭᠤᠨ ᠵᠢᠯ᠎ᠤᠨ ᠭᠡᠷᠡᠯ ᠰᠠᠴᠤᠷᠠᠩᠭᠤᠢ ᠲᠡᠦᠬᠡᠨ ᠶᠠᠪᠤᠴᠠ ᠵᠢ ᠳᠡᠯᠭᠡᠨ ᠦᠵᠡᠭᠦᠯᠵᠡᠢ᠃
ᠵᠠᠭᠤᠨ ᠵᠢᠯ᠎ᠤᠨ ᠤᠭ ᠰᠠᠨᠠᠭ᠎ᠠ ᠶᠠᠪᠤᠬᠤ ᠲᠤᠰᠤᠮ ᠪᠠᠳᠤᠵᠢᠮᠤᠢ᠃ ᠦᠵᠡᠭᠦᠯᠭᠡ ᠵᠢ ᠰᠣᠨᠢᠷᠬᠠᠬᠤ᠎ᠪᠠᠷ ᠲᠠᠮᠵᠢᠨ᠂ ᠨᠠᠮ᠎ᠤᠨ ᠭᠡᠰᠢᠭᠦᠨ ᠺᠠᠳ᠋ᠷᠴᠤᠳ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ 《ᠵᠢᠵᠢᠭᠬᠡᠨ ᠤᠯᠠᠭ᠋ᠠᠨ ᠣᠩᠭᠣᠴᠠ》᠎ᠠᠴᠠ ᠳᠤᠮᠳᠠᠳᠤ ᠤᠯᠤᠰ᠎ᠤᠨ 《ᠥᠨᠳᠥᠷ ᠰᠦᠷᠯᠢᠭ ᠲᠤᠮᠤ ᠣᠩᠭᠣᠴᠠ》 ᠵᠢ ᠵᠠᠮᠴᠢᠯᠠᠬᠤ ᠠᠭᠤᠤ ᠶᠡᠬᠡ ᠠᠶᠠᠨ ᠵᠠᠮ᠎ᠢ ᠡᠷᠭᠢᠴᠡᠭᠦᠯᠵᠦ᠂ ᠤᠯᠠᠭ᠋ᠠᠨ ᠵᠠᠰᠠᠭ ᠬᠢᠯᠪᠠᠷ ᠪᠤᠰᠤ᠎ᠪᠠᠷ ᠢᠷᠡᠭᠰᠡᠨ᠂ ᠰᠢᠨ᠎ᠡ ᠳᠤᠮᠳᠠᠳᠤ ᠤᠯᠤᠰ ᠬᠢᠯᠪᠠᠷ ᠪᠤᠰᠤ᠎ᠪᠠᠷ ᠢᠷᠡᠭᠰᠡᠨ᠂ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠢ ᠬᠢᠯᠪᠠᠷ ᠪᠤᠰᠤ᠎ᠪᠠᠷ ᠢᠷᠡᠭᠰᠡᠨ᠎ᠢ ᠨᠡᠩ ᠭᠦᠨᠵᠡᠭᠡᠢ ᠲᠠᠨᠢᠪᠠ᠃ ᠤᠯᠠᠨ ᠵᠶ᠋ᠠᠷ ᠵᠶ᠋ᠠᠨ᠂ ᠵᠠᠭᠤᠨ ᠵᠢᠯ᠎ᠤᠨ ᠨᠠᠮ᠎ᠤᠨ ᠲᠡᠦᠬᠡ᠎ᠠᠴᠠ ᠤᠶᠤᠨ ᠰᠠᠨᠠᠭ᠋ᠠᠨ᠎ᠤ ᠰᠢᠮ᠎ᠡ ᠲᠡᠵᠢᠭᠡᠯ ᠪᠣᠯᠤᠨ ᠤᠷᠤᠭᠰᠢᠯᠠᠯᠲᠠ ᠵᠢᠨ ᠬᠦᠴᠦᠨ᠎ᠢ ᠰᠢᠩᠭᠡᠭᠡᠨ ᠠᠪᠴᠤ᠂ ᠬᠤᠪᠢᠰᠬᠠᠯ᠎ᠤᠨ ᠴᠢᠰᠤᠨ ᠰᠤᠳᠠᠰᠤ ᠵᠢ ᠦᠷᠭᠦᠯᠵᠢᠯᠡᠭᠦᠯᠵᠦ᠂ ᠢᠷᠠᠭᠤ ᠠᠯᠳᠠᠷᠲᠤ ᠤᠯᠠᠮᠵᠢᠯᠠᠯ ᠵᠶ᠋ᠠᠨ ᠪᠠᠳᠠᠷᠠᠭᠤᠯᠵᠤ᠂ ᠠᠷᠠᠳ ᠲᠦᠮᠡᠨ᠎ᠳᠤ ᠦᠢ᠍ᠯᠡᠴᠢᠯᠡᠬᠦ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠪᠣᠯᠤᠨ ᠡᠭᠦᠷᠭᠡ ᠬᠠᠷᠢᠭᠤᠴᠠᠯᠭ᠎ᠠ᠎ᠪᠠᠨ ᠪᠠᠲᠤᠳᠬᠠᠵᠤ᠂ ᠴᠤᠭ ᠪᠠᠳᠠᠷᠠᠩᠭᠤᠢ ᠥᠭᠡᠳᠡᠯᠡᠨ ᠳᠠᠪᠰᠢᠬᠤ ᠤᠶᠤᠨ ᠰᠠᠨᠠᠭ᠋ᠠᠨ᠎ᠤ ᠳᠦᠷᠰᠦ ᠪᠠᠶ᠋ᠢᠳᠠᠯ᠂ ᠡᠷᠡᠰ ᠰᠢᠭᠤᠷᠬᠠᠢ᠎ᠪᠠᠷ ᠤᠷᠤᠭᠰᠢᠯᠠᠨ ᠳᠠᠪᠰᠢᠬᠤ ᠲᠡᠮᠡᠴᠡᠯ᠎ᠤᠨ ᠳᠦᠷᠰᠦ ᠪᠠᠶ᠋ᠢᠳᠠᠯ ᠵᠶ᠋ᠠᠷ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠠᠵᠢᠯ᠎ᠳᠤ ᠨᠡᠩ ᠤᠯᠠᠨ ᠬᠤᠪᠢ ᠨᠡᠮᠡᠷᠢ ᠦᠵᠡᠭᠦᠯᠦᠨ᠎ᠡ ᠭᠡᠵᠦ ᠢᠯᠡᠳᠬᠡᠵᠡᠭᠡᠪᠡ᠃