ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠠᠮᠢ ᠠᠬᠤᠢ᠎ᠶᠢᠨ ᠬᠠᠮᠠᠭᠠᠯᠠᠯᠲᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ
ᠪᠣᠬᠢᠷᠳᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ
ᠢᠯᠡ ᠵᠠᠰᠠᠭ   -   ᠠᠵᠢᠯᠲᠠᠨ᠎ᠤ ᠶᠠᠪᠣᠳᠠᠯ᠎ᠢ ᠵᠣᠬᠢᠶᠠᠨ ᠪᠠᠶ᠋ᠢᠭᠤᠯᠬᠤ
ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ ᠺᠠᠳ᠋ᠷ ᠠᠵᠢᠯᠳᠠᠨ ᠵᠶ᠋ᠠᠨ ᠵᠤᠬᠢᠶᠠᠨ ᠪᠠᠢ᠌ᠭᠤᠯᠤᠨ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠡᠦᠬᠡ ᠵᠢᠨ ᠲᠤᠰᠬᠠᠢ ᠰᠡᠳᠦᠪᠲᠦ ᠲᠠᠢ᠌ᠯᠤᠮᠵᠢ ᠵᠢ ᠰᠤᠨᠢᠷᠬᠠᠪᠠ
ᠨᠡᠶ᠋ᠢᠲᠡᠯᠡᠭᠰᠡᠨ ᠴᠠᠭ᠄ 2021-08-11

    7 ᠳ᠋ᠤᠭ᠋ᠠᠷ ᠰᠠᠷ᠎ᠠ ᠵᠢᠨ 7᠎ᠤ ᠤᠷᠤᠢ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠠᠴᠠ ᠨᠠᠮ᠎ᠤᠨ ᠲᠡᠦᠬᠡ ᠵᠢᠨ ᠰᠤᠷᠤᠯᠴᠠᠯᠭ᠎ᠠ ᠬᠥᠮᠦᠵᠢᠯ᠎ᠤᠨ ᠤᠷᠤᠢ ᠵᠢᠨ ᠰᠤᠷᠭ᠋ᠠᠭᠤᠯᠢ ᠵᠢ ᠵᠣᠬᠢᠶᠠᠨ ᠪᠠᠶ᠋ᠢᠭᠤᠯᠵᠤ᠂ ᠲᠥᠪ᠎ᠤᠨ ᠨᠠᠮ᠎ᠤᠨ ᠰᠤᠷᠭ᠋ᠠᠭᠤᠯᠢ (ᠤᠯᠤᠰ᠎ᠤᠨ ᠵᠠᠰᠠᠭ ᠵᠠᠬᠢᠷᠭ᠋ᠠᠨ᠎ᠤ ᠳᠡᠭᠡᠳᠦ ᠰᠤᠷᠭ᠋ᠠᠭᠤᠯᠢ) ᠵᠢᠨ ᠰᠦᠯᠵᠢᠶᠡᠨ᠎ᠤ ᠬᠢᠴᠢᠶᠡᠯ᠎ᠳᠠᠬᠢ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠡᠦᠬᠡ ᠵᠢᠨ ᠲᠤᠰᠬᠠᠢ ᠰᠡᠳᠦᠪᠲᠦ ᠲᠠᠶ᠋ᠢᠯᠤᠮᠵᠢ 《ᠨᠠᠮ᠎ᠤᠨ ᠠᠷᠪᠠᠨ ᠨᠢᠭᠡᠳᠦᠭᠡᠷ ᠬᠤᠭᠤᠴᠠᠭ᠋ᠠᠨ᠎ᠤ ᠲᠥᠪ ᠬᠣᠷᠢᠶᠠᠨ᠎ᠤ ᠭᠤᠷᠪᠠᠳᠤᠭ᠋ᠠᠷ ᠪᠦᠬᠦᠳᠡ ᠬᠤᠷᠠᠯᠳᠤᠭ᠋ᠠᠨ ᠪᠠ ᠠᠭᠤᠤ ᠶᠡᠬᠡ ᠲᠡᠦᠬᠡ ᠵᠢᠨ ᠡᠷᠭᠢᠯᠲᠡ》 ᠵᠢ ᠬᠠᠮᠳᠤ᠎ᠪᠠᠷ ᠰᠣᠨᠢᠷᠬᠠᠵᠤ᠂ ᠪᠠᠢ᠌ᠭᠤᠯᠭ᠎ᠠ᠎ᠳᠤ᠎ᠪᠠᠨ ᠪᠠᠢ᠌ᠭ᠎ᠠ ᠲᠢᠩᠬᠢᠮ᠎ᠤᠨ ᠤᠳᠤᠷᠢᠳᠤᠯᠭ᠎ᠠ ᠵᠢᠴᠢ ᠲᠢᠩᠬᠢᠮ᠎ᠤᠨ ᠰᠢᠰᠲ᠋ᠧᠮ᠎ᠤᠨ ᠨᠠᠮ᠎ᠤᠨ ᠭᠡᠰᠢᠭᠦᠨ ᠺᠠᠳ᠋ᠷ ᠲᠤᠰ ᠰᠤᠷᠤᠯᠴᠠᠯᠭ᠎ᠠ᠎ᠳᠤ ᠣᠷᠣᠯᠴᠠᠪᠠ᠃    
      ᠨᠠᠮ᠎ᠤᠨ ᠠᠷᠪᠠᠨ ᠨᠢᠭᠡᠳᠦᠭᠡᠷ ᠬᠤᠭᠤᠴᠠᠭ᠋ᠠᠨ᠎ᠤ ᠲᠥᠪ ᠬᠣᠷᠢᠶᠠᠨ᠎ᠤ ᠭᠤᠷᠪᠠᠳᠤᠭ᠋ᠠᠷ ᠪᠥᠬᠥᠳᠡ ᠬᠤᠷᠠᠯᠳᠤᠭ᠋ᠠᠨ᠎ᠨᠢ ᠰᠢᠨ᠎ᠡ ᠳᠤᠮᠳᠠᠳᠤ ᠤᠯᠤᠰ ᠪᠠᠶ᠋ᠢᠭᠤᠯᠤᠭᠳᠠᠭᠰᠠᠨ᠎ᠠᠴᠠ ᠨᠠᠭ᠋ᠠᠰᠢᠬᠢ ᠨᠠᠮ᠎ᠤᠨ ᠲᠡᠦᠬᠡᠨ ᠳᠡᠭᠡᠷᠡᠬᠢ ᠠᠯᠤᠰ ᠬᠡᠳᠤ ᠵᠢᠨ ᠠᠴᠢ ᠬᠣᠯᠪᠣᠭᠳᠠᠯ ᠪᠦᠬᠦᠢ ᠠᠭᠤᠤ ᠶᠡᠬᠡ ᠡᠷᠭᠢᠯᠲᠡ ᠵᠢ ᠪᠡᠶᠡᠯᠡᠭᠦᠯᠵᠦ᠂ ᠥᠭᠡᠷᠡᠴᠢᠯᠡᠯᠲᠡ ᠨᠡᠭᠡᠭᠡᠯᠳᠡ ᠪᠠ ᠨᠡᠶ᠋ᠢᠭᠡᠮ ᠵᠢᠷᠤᠮ᠎ᠤᠨ ᠣᠳᠣᠬᠢᠴᠢᠯᠠᠯᠲᠠ ᠵᠢᠨ ᠠᠭᠤᠤ ᠶᠡᠬᠡ ᠠᠶᠠᠨ ᠵᠠᠮ᠎ᠢ ᠨᠡᠭᠡᠭᠡᠭᠰᠡᠨ ᠪᠠᠶ᠋ᠢᠨ᠎ᠠ᠃ ᠲᠠᠶ᠋ᠢᠯᠤᠮᠵᠢ ᠵᠢ ᠲᠡᠦᠬᠡ ᠵᠢᠨ ᠡᠷᠭᠢᠯᠲᠡ᠂ ᠬᠤᠪᠢ ᠵᠠᠶᠠᠭ᠎ᠠ ᠵᠢ ᠲᠣᠭᠲᠠᠭ᠋ᠠᠭᠰᠠᠨ 41 ᠡᠳᠦᠷ ᠪᠣᠯᠤᠨ ᠠᠭᠤᠤ ᠶᠡᠬᠡ ᠲᠡᠦᠬᠡ ᠵᠢᠨ ᠡᠷᠭᠢᠯᠲᠡ ᠵᠢ ᠪᠡᠶᠡᠯᠡᠭᠦᠯᠦᠭᠰᠡᠨ ᠭᠡᠬᠦ ᠭᠤᠷᠪᠠᠨ ᠬᠡᠰᠡᠭ᠎ᠲᠤ ᠬᠤᠪᠢᠶᠠᠵᠤ᠂ ᠪᠦᠭᠦᠳᠡ ᠬᠤᠷᠠᠯᠳᠤᠭ᠋ᠠᠨ᠎ᠤ ᠭᠠᠷᠮᠠᠭ᠋ᠠᠶ ᠭᠠᠪᠢᠶ᠎ᠠ ᠵᠢᠳᠬᠦᠯ᠎ᠢ ᠲᠠᠶ᠋ᠢᠯᠪᠤᠷᠢᠯᠠᠵᠠᠶ᠃ ᠨᠠᠮ᠎ᠤᠨ ᠭᠡᠰᠢᠭᠦᠨ ᠺᠠᠳ᠋ᠷᠴᠤᠳ ᠢᠯᠡᠷᠬᠡᠶ᠋ᠢᠯᠡᠬᠦ᠎ᠳᠤ᠎ᠪᠠᠨ᠂ ᠡᠷᠬᠡᠪᠰᠢ ᠡᠪ ᠬᠠᠮᠲᠤ ᠶᠣᠰᠣᠨ᠎ᠤ ᠬᠦᠰᠡᠯᠡᠩ ᠪᠠ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠢᠲᠡᠭᠡᠯ ᠵᠣᠷᠢᠭ ᠵᠶ᠋ᠠᠨ ᠢᠮᠠᠭᠲᠠ ᠭᠤᠶ᠋ᠢᠪᠢᠰᠢ ᠦᠭᠡᠶ ᠪᠠᠲᠤᠳᠬᠠᠵᠤ᠂ ᠨᠠᠮ᠎ᠤᠨ ᠠᠷᠪᠠᠨ ᠨᠢᠭᠡᠳᠦᠭᠡᠷ ᠬᠤᠭᠤᠴᠠᠭ᠋ᠠᠨ᠎ᠤ ᠲᠥᠪ ᠬᠣᠷᠢᠶᠠᠨ᠎ᠤ ᠭᠤᠷᠪᠠᠳᠤᠭ᠋ᠠᠷ ᠪᠦᠬᠦᠳᠠ ᠬᠤᠷᠠᠯᠳᠤᠭ᠋ᠠᠨ᠎ᠤ ᠨᠡᠭᠡᠭᠡᠭᠰᠡᠨ ᠵᠥᠪ ᠵᠠᠮ ᠵᠶ᠋ᠠᠷ ᠦᠷᠭᠦᠯᠵᠢᠯᠡᠨ   ᠵᠠᠮᠨᠠᠵᠤ᠂ ᠠᠭᠤᠤ ᠶᠡᠬᠡ ᠥᠭᠡᠷᠡᠴᠢᠯᠡᠯᠲᠡ ᠨᠡᠭᠡᠭᠡᠯᠳᠠ ᠵᠢᠨ ᠵᠣᠷᠢᠭ ᠰᠠᠨᠠᠭ᠎ᠠ ᠪᠣᠯᠤᠨ ᠨᠠᠮ ᠪᠠᠶ᠋ᠢᠭᠤᠯᠬᠤ ᠵᠣᠷᠢᠭ ᠰᠠᠨᠠᠭ᠎ᠠ ᠵᠢ ᠪᠠᠳᠠᠷᠠᠭᠤᠯᠵᠤ᠂ ᠠᠷᠠᠳ ᠲᠦᠮᠡᠨ ᠵᠶ᠋ᠠᠷ ᠭᠣᠣᠯ ᠪᠣᠯᠭ᠋ᠠᠬᠤ ᠵᠢ ᠪᠠᠷᠢᠮᠲᠠᠯᠠᠵᠤ᠂ ᠰᠢᠨ᠎ᠡ ᠳᠦᠷᠰᠦ ᠪᠠᠶ᠋ᠢᠳᠠᠯ᠎ᠢ ᠪᠠᠳᠠᠷᠠᠭᠤᠯᠵᠤ᠂ ᠰᠢᠨ᠎ᠡ ᠳᠦᠷᠰᠦ ᠪᠠᠶ᠋ᠢᠳᠠᠯ᠎ᠢ ᠢᠯᠡᠷᠡᠭᠦᠯᠵᠦ᠂ ᠠᠮᠢ ᠠᠬᠤᠢ ᠣᠷᠴᠢᠨ ᠲᠣᠭᠣᠷᠢᠨ᠎ᠤ ᠦᠢ᠍ᠯᠡᠰ᠎ᠤᠨ ᠴᠢᠨᠠᠷ ᠰᠠᠶ᠋ᠢᠲᠠᠢ ᠬᠥᠭᠵᠢᠯᠲᠡ ᠵᠢ ᠠᠬᠢᠭᠤᠯᠬᠤ᠂ ᠮᠠᠨ᠎ᠤ ᠤᠯᠤᠰ᠎ᠤᠨ ᠤᠮᠠᠷᠠᠲᠤ ᠵᠢᠨ ᠴᠢᠬᠤᠯᠠ ᠠᠮᠢ ᠠᠬᠤᠢ ᠵᠢᠨ ᠠᠮᠤᠷ ᠲᠦᠪᠰᠢᠨ᠎ᠤ ᠬᠠᠯᠬᠠᠪᠴᠢ ᠵᠢ ᠪᠡᠬᠢᠵᠢᠭᠦᠯᠬᠦ᠎ᠳᠤ ᠢᠳᠡᠪᠬᠢᠲᠡᠢ ᠬᠤᠪᠢ ᠨᠡᠮᠡᠷᠢ ᠦᠵᠡᠭᠦᠯᠬᠦ ᠬᠡᠷᠡᠭᠲᠡᠢ ᠭᠡᠵᠦ ᠵᠢᠭ᠋ᠠᠵᠤ ᠭᠠᠷᠭ᠋ᠠᠪᠠ᠃

ᠢᠷᠡᠯᠲᠡ᠄ ᠥᠪᠥᠷ ᠮᠣᠩᠭᠣᠯ᠎ᠤᠨ ᠠᠮᠢ ᠠᠬᠤᠶ ᠣᠷᠴᠢᠨ ᠲᠤᠭᠤᠷᠢᠨ᠎ᠤ ᠲᠢᠩᠬᠢᠮ
          
ᠬᠠᠮᠢᠶ᠎ᠡ ᠪᠦᠬᠦᠢ ᠰᠣᠨᠢᠨ
ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ ᠨᠠᠮ᠎ᠤᠨ ᠭᠡᠰᠢᠭᠦᠨ ᠺᠠᠳ᠋ᠷᠴᠤᠳ᠎ᠢ ᠵᠣᠬᠢᠶᠠᠨ ᠪᠠᠶ᠋ᠢᠭᠤᠯᠵᠤ 《ᠤᠭ ᠰᠠᠨᠠᠭ᠎ᠠ᠎ᠪᠠᠨ ᠦᠯᠦ ᠮᠠᠷᠳᠠᠨ ᠡᠭᠦᠷᠭᠡ ᠬᠠᠷᠢᠭᠤᠴᠠᠯᠭ᠎ᠠ᠎ᠪᠠᠨ ᠪᠠᠲᠤ ᠴᠡᠭᠡᠵᠢᠯᠡᠶ᠎ᠡ — ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠡᠦᠬᠡ ᠵᠢᠨ ᠦᠵᠡᠰᠭᠦᠯᠡᠩ》᠎ᠢ ᠰᠤᠨᠢᠷᠬᠠᠪᠠ
ᠠᠮᠢ ᠠᠬᠤᠢ ᠣᠷᠴᠢᠨ ᠲᠣᠭᠣᠷᠢᠨ᠎ᠤ ᠲᠢᠩᠬᠢᠮ 《ᠨᠠᠮ᠎ᠤᠨ ᠠᠴᠢ ᠵᠢ ᠮᠠᠭᠲᠠᠵᠤ ᠨᠠᠢ᠍ᠮᠠᠨ ᠰᠠᠷ᠎ᠠ ᠵᠢᠨ ᠨᠢᠭᠡᠨ ᠵᠶ᠋ᠠᠨ ᠤᠭᠳᠤᠵᠤ ᠠᠭᠤᠤ ᠶᠡᠬᠡ ᠴᠠᠭ ᠦᠶ᠎ᠡ᠎ᠪᠠᠨ ᠮᠠᠭᠳᠠᠨ ᠲᠠᠭᠤᠯᠠᠶ᠎ᠠ》 ᠭᠡᠬᠦ ᠠᠬᠠᠮᠠᠳ ᠺᠠᠳ᠋ᠷᠴᠤᠳ᠎ᠤᠨ ᠤᠷᠠᠨ ᠪᠢᠴᠢᠯᠭᠡ ᠤᠷᠠᠨ ᠵᠢᠷᠤᠭ᠎ᠤᠨ ᠦᠵᠡᠰᠬᠦᠯᠡᠩ᠎ᠤᠨ ᠠᠵᠢᠯᠯᠠᠭ᠎ᠠ ᠦᠷᠨᠢᠭᠦᠯᠪᠡ
《〈ᠦᠵᠡᠰᠬᠦᠯᠡᠩᠲᠦ ᠰᠠᠢ᠌ᠬᠠᠨ ᠳᠤᠮᠳᠠᠳᠤ ᠤᠯᠤᠰ᠂ ᠪᠢ ᠪᠣᠯ ᠠᠵᠢᠯᠯᠠᠭᠴᠢ〉 ᠠᠷᠠᠳ ᠢᠷᠭᠡᠳ᠎ᠤᠨ ᠠᠮᠢ ᠠᠬᠤᠢ ᠵᠢᠨ ᠪᠣᠯᠪᠠᠰᠤᠨ᠎ᠤ ᠤᠬᠠᠮᠰᠠᠷ᠎ᠢ ᠳᠡᠭᠡᠭᠰᠢᠯᠡᠭᠦᠯᠬᠦ ᠠᠵᠢᠯᠯᠠᠭ᠋ᠠᠨ᠎ᠤ ᠲᠥᠯᠥᠪᠯᠡᠭᠡ ᠵᠢᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠡᠷᠡᠭᠵᠢᠭᠦᠯᠬᠦ ᠲᠥᠰᠥᠯ》᠎ᠢ ᠳᠠᠷᠤᠮᠠᠯᠯᠠᠨ ᠲᠠᠷᠬᠠᠭ᠋ᠠᠬᠤ ᠲᠤᠬᠠᠢ ᠮᠡᠳᠡᠭᠳᠡᠯ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 《ᠠᠷᠪᠠᠨ ᠳᠥᠷᠪᠡᠳᠦᠭᠡᠷ ᠲᠠᠪᠤᠨ ᠵᠢᠯ》᠎ᠤᠨ ᠬᠥᠷᠥᠰᠥ ᠰᠢᠷᠣᠢ᠂ ᠭᠠᠵᠠᠷ ᠳᠣᠣᠷᠠᠬᠢ ᠤᠰᠤ ᠪᠣᠯᠣᠨ ᠮᠠᠯᠵᠢᠬᠤ ᠲᠠᠷᠢᠶᠠᠯᠠᠬᠤ ᠣᠷᠣᠨ᠎ᠤ ᠠᠮᠢ ᠠᠬᠤᠢ ᠵᠢᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠲᠥᠯᠦᠪᠵᠢᠭᠦᠯᠭᠡ ᠵᠢ ᠳᠠᠷᠤᠮᠠᠯᠯᠠᠨ ᠶᠠᠪᠤᠭᠤᠯᠬᠤ ᠲᠤᠬᠠᠢ ᠮᠡᠳᠡᠭᠳᠡᠯ
ᠪᠥᠬᠥ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠰᠢᠰᠲ᠋ᠧᠮ᠎ᠤᠨ ᠠᠩᠬᠠᠳᠤᠭ᠋ᠠᠷ ᠬᠤᠭᠤᠴᠠᠭ᠋ᠠᠨ᠎ᠤ 《ᠠᠮᠢ ᠠᠬᠤᠢ ᠬᠤᠨᠳᠠᠭ᠋ᠠᠲᠤ》 ᠥᠳᠥᠨ ᠪᠥᠮᠪᠥᠭᠡ ᠵᠢᠨ ᠤᠷᠤᠯᠳᠤᠭ᠋ᠠᠨ ᠪᠤᠭᠤᠲᠤ᠎ᠳᠤ ᠲᠡᠭᠦᠰ ᠠᠮᠵᠢᠯᠲᠠ᠎ᠲᠠᠢ ᠥᠨᠳᠥᠷᠯᠡᠪᠡ
 
             蒙ICP备05000248号