ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠠᠮᠢ ᠠᠬᠤᠢ᠎ᠶᠢᠨ ᠬᠠᠮᠠᠭᠠᠯᠠᠯᠲᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ
ᠪᠣᠬᠢᠷᠳᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ
ᠢᠯᠡ ᠵᠠᠰᠠᠭ   -   ᠠᠵᠢᠯᠲᠠᠨ᠎ᠤ ᠶᠠᠪᠣᠳᠠᠯ᠎ᠢ ᠵᠣᠬᠢᠶᠠᠨ ᠪᠠᠶ᠋ᠢᠭᠤᠯᠬᠤ
《〈ᠦᠵᠡᠰᠬᠦᠯᠡᠩᠲᠦ ᠰᠠᠢ᠌ᠬᠠᠨ ᠳᠤᠮᠳᠠᠳᠤ ᠤᠯᠤᠰ᠂ ᠪᠢ ᠪᠣᠯ ᠠᠵᠢᠯᠯᠠᠭᠴᠢ〉 ᠠᠷᠠᠳ ᠢᠷᠭᠡᠳ᠎ᠤᠨ ᠠᠮᠢ ᠠᠬᠤᠢ ᠵᠢᠨ ᠪᠣᠯᠪᠠᠰᠤᠨ᠎ᠤ ᠤᠬᠠᠮᠰᠠᠷ᠎ᠢ ᠳᠡᠭᠡᠭᠰᠢᠯᠡᠭᠦᠯᠬᠦ ᠠᠵᠢᠯᠯᠠᠭ᠋ᠠᠨ᠎ᠤ ᠲᠥᠯᠥᠪᠯᠡᠭᠡ ᠵᠢᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠡᠷᠡᠭᠵᠢᠭᠦᠯᠬᠦ ᠲᠥᠰᠥᠯ》᠎ᠢ ᠳᠠᠷᠤᠮᠠᠯᠯᠠᠨ ᠲᠠᠷᠬᠠᠭ᠋ᠠᠬᠤ ᠲᠤᠬᠠᠢ ᠮᠡᠳᠡᠭᠳᠡᠯ
ᠨᠡᠶ᠋ᠢᠲᠡᠯᠡᠭᠰᠡᠨ ᠴᠠᠭ᠄ 2023-12-15

      ᠡᠯ᠎ᠡ ᠠᠶ᠋ᠢᠮᠠᠭ ᠬᠣᠲᠠ ᠵᠢᠨ ᠠᠮᠢ ᠠᠬᠤᠢ ᠵᠢᠨ ᠣᠷᠴᠢᠨ ᠲᠣᠭᠣᠷᠢᠨ᠎ᠤ ᠲᠣᠪᠴᠢᠶ᠎ᠠ᠂ ᠨᠠᠮ᠎ᠤᠨ ᠬᠣᠷᠢᠶ᠎ᠠ ᠵᠢᠨ ᠤᠬᠠᠭᠤᠯᠬᠤ ᠬᠡᠯᠲᠡᠰ᠂ ᠣᠶᠤᠨ᠎ᠤ ᠪᠣᠯᠪᠠᠰᠤᠨ᠎ᠤ ᠠᠯᠪᠠᠨ ᠭᠡᠷ᠂ ᠰᠤᠷᠭ᠋ᠠᠨ ᠬᠥᠮᠦᠵᠢᠯ᠎ᠤᠨ ᠲᠣᠪᠴᠢᠶ᠎ᠠ᠂ ᠡᠪᠯᠡᠯ᠎ᠤᠨ ᠬᠣᠷᠢᠶ᠎ᠠ᠂ ᠡᠮᠡᠭᠲᠡᠶ᠋ᠢᠴᠦᠳ᠎ᠤᠨ ᠬᠣᠯᠪᠣᠭ᠋ᠠᠲᠤ ᠬᠤᠷᠠᠯ᠎ᠳᠤ᠄

      ᠰᠢ ᠵᠢᠨ ᠫᠢᠩ᠎ᠤᠨ ᠠᠮᠢ ᠠᠬᠤᠢ ᠵᠢᠨ ᠪᠣᠯᠪᠠᠰᠤᠨ᠎ᠤ ᠦᠵᠡᠯ ᠰᠠᠨᠠᠭ᠎ᠠ ᠵᠢ ᠭᠦᠨᠵᠡᠭᠡᠢ ᠰᠤᠷᠤᠯᠴᠠᠨ ᠤᠬᠠᠭᠤᠯᠵᠤ  ᠲᠤᠭᠤᠰᠢᠯᠠᠭᠤᠯᠬᠤ ᠵᠢᠨ ᠲᠥᠯᠥᠭᠡ᠂ ᠠᠷᠪᠠᠨ ᠳᠥᠷᠪᠡᠳᠦᠭᠡᠷ ᠲᠠᠪᠤᠨ ᠵᠢᠯ᠎ᠤᠨ ᠲᠥᠯᠦᠪᠵᠢᠭᠦᠯᠭᠡ ᠵᠢᠨ ᠬᠤᠭᠤᠴᠠᠭ᠋ᠠᠨ᠎ᠳᠠᠬᠢ ᠠᠮᠢ ᠠᠬᠤᠢ ᠵᠢᠨ ᠪᠣᠯᠪᠠᠰᠤᠨ᠎ᠤ ᠤᠬᠠᠭᠤᠯᠭ᠎ᠠ ᠬᠥᠮᠦᠵᠢᠯ᠎ᠤᠨ ᠠᠵᠢᠯ᠎ᠢ ᠤᠯᠠᠮ ᠨᠢᠭᠡ ᠠᠯᠬᠤᠮ ᠴᠢᠩᠭ᠋ᠠᠳᠬᠠᠵᠤ᠂ ᠠᠷᠠᠳ ᠢᠷᠭᠡᠳ᠎ᠤᠨ ᠠᠮᠢ ᠠᠬᠤᠢ ᠵᠢᠨ ᠪᠣᠯᠪᠠᠰᠤᠨ᠎ᠤ ᠤᠬᠠᠮᠰᠠᠷ ᠪᠠ ᠠᠵᠢᠯᠯᠠᠭ᠎ᠠ ᠵᠢ ᠳᠡᠭᠡᠭᠰᠢᠯᠡᠭᠦᠯᠵᠦ᠂ ᠠᠮᠢ ᠠᠬᠤᠢ ᠣᠷᠴᠢᠨ ᠲᠣᠭᠣᠷᠢᠨ᠎ᠢ ᠵᠠᠰᠠᠬᠤ ᠪᠦᠬᠦ ᠠᠷᠠᠳ᠎ᠤᠨ ᠠᠵᠢᠯᠯᠠᠭ᠋ᠠᠨ᠎ᠤ ᠰᠢᠰᠲ᠋ᠧᠮ᠎ᠢ ᠪᠠᠢ᠌ᠭᠤᠯᠵᠤ᠂ ᠪᠦᠬᠦ ᠤᠯᠤᠰ᠎ᠤᠨ《〈ᠦᠵᠡᠰᠬᠦᠯᠡᠩᠲᠦ ᠰᠠᠢ᠌ᠬᠠᠨ ᠳᠤᠮᠳᠠᠳᠤ ᠤᠯᠤᠰ᠂ ᠪᠢ ᠪᠣᠯ ᠠᠵᠢᠯᠯᠠᠭᠴᠢ〉 ᠠᠷᠠᠳ ᠢᠷᠭᠡᠳ᠎ᠤᠨ ᠠᠮᠢ ᠠᠬᠤᠢ ᠵᠢᠨ ᠪᠣᠯᠪᠠᠰᠤᠨ᠎ᠤ ᠤᠬᠠᠮᠰᠠᠷ᠎ᠢ ᠳᠡᠭᠡᠭᠰᠢᠯᠡᠭᠦᠯᠬᠦ ᠠᠵᠢᠯᠯᠠᠭ᠎ᠠ ᠵᠢᠨ ᠲᠥᠯᠥᠪᠯᠡᠭᠡ (2021 — 2025 ᠣᠨ)》 ᠵᠢ ᠦᠨᠳᠦᠰᠦᠯᠡᠪᠡᠯ᠂ 《ᠠᠷᠠᠳ ᠢᠷᠭᠡᠳ᠎ᠤᠨ ᠠᠮᠢ ᠠᠬᠤᠢ ᠵᠢᠨ ᠪᠣᠯᠪᠠᠰᠤᠨ᠎ᠤ ᠤᠬᠠᠮᠰᠠᠷ᠎ᠢ ᠳᠡᠭᠡᠭᠰᠢᠯᠡᠭᠦᠯᠬᠦ ᠠᠵᠢᠯᠯᠠᠭ᠎ᠠ ᠵᠢᠨ ᠲᠥᠯᠥᠪᠯᠡᠭᠡ》 ᠵᠢ ᠦᠨᠳᠦᠰᠦᠯᠡᠪᠡᠯ᠂ ᠪᠥᠬᠥ ᠣᠷᠣᠨ᠎ᠤ ᠪᠣᠳᠠᠲᠠᠢ᠎ᠲᠠᠢ᠎ᠪᠠᠨ ᠤᠶᠠᠯᠳᠤᠭᠤᠯᠤᠨ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠵᠢᠨ ᠣᠷᠴᠢᠨ ᠲᠣᠭᠣᠷᠢᠨ᠎ᠤ ᠲᠢᠩᠬᠢᠮ᠂ ᠤᠬᠠᠭᠤᠯᠬᠤ ᠬᠡᠯᠲᠡᠰ᠂ ᠣᠶᠤᠨ᠎ᠤ ᠪᠣᠯᠪᠠᠰᠤᠨ᠎ᠤ ᠠᠯᠪᠠᠨ ᠭᠡᠷ᠂ ᠰᠤᠷᠭ᠋ᠠᠨ ᠬᠥᠮᠦᠵᠢᠯ᠎ᠤᠨ ᠲᠢᠩᠬᠢᠮ᠂ ᠡᠪᠯᠡᠯ᠎ᠤᠨ ᠬᠣᠷᠢᠶ᠎ᠠ᠂ ᠡᠮᠡᠭᠲᠡᠶ᠋ᠢᠴᠦᠳ᠎ᠤᠨ ᠬᠣᠯᠪᠣᠭ᠋ᠠᠲᠤ ᠬᠤᠷᠠᠯ ᠵᠡᠷᠭᠡ ᠵᠢᠷᠭᠤᠭ᠋ᠠᠨ ᠰᠠᠯᠠᠭ᠎ᠠ ᠮᠥᠴᠢᠷ ᠬᠠᠮᠲᠤᠷᠠᠨ 《〈ᠦᠵᠡᠰᠬᠦᠯᠡᠩᠲᠦ ᠰᠠᠢ᠌ᠬᠠᠨ ᠳᠤᠮᠳᠠᠳᠤ ᠤᠯᠤᠰ᠂ ᠪᠢ ᠪᠣᠯ ᠠᠵᠢᠯᠯᠠᠭᠴᠢ〉 ᠠᠷᠠᠳ ᠢᠷᠭᠡᠳ᠎ᠤᠨ ᠠᠮᠢ ᠠᠬᠤᠢ ᠵᠢᠨ ᠪᠣᠯᠪᠠᠰᠤᠨ᠎ᠤ ᠦᠵᠡᠯ ᠤᠬᠠᠮᠰᠠᠷ᠎ᠢ ᠳᠡᠭᠡᠭᠰᠢᠯᠡᠭᠦᠯᠬᠦ ᠠᠵᠢᠯᠯᠠᠭ᠋ᠠᠨ᠎ᠤ ᠲᠥᠯᠥᠪᠯᠡᠭᠡ ᠵᠢᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠡᠷᠡᠭᠵᠢᠭᠦᠯᠬᠦ ᠲᠥᠰᠥᠯ》᠎ᠢ ᠨᠠᠢ᠌ᠷᠠᠭᠤᠯᠤᠨ ᠵᠣᠬᠢᠶᠠᠵᠤ᠂ ᠡᠳᠦᠭᠡ ᠲᠠᠨᠠᠷ᠎ᠲᠤ ᠳᠠᠷᠤᠮᠠᠯᠯᠠᠨ ᠲᠠᠷᠬᠠᠭ᠋ᠠᠪᠠ᠃ ᠡᠯ᠎ᠡ ᠠᠶ᠋ᠢᠮᠠᠭ ᠬᠣᠲᠠ ᠵᠢᠨ ᠡᠯ᠎ᠡ ᠰᠠᠯᠠᠭ᠎ᠠ ᠮᠥᠴᠢᠷ᠎ᠤᠳ ᠵᠣᠬᠢᠶᠠᠨ ᠪᠠᠢ᠌ᠭᠤᠯᠤᠯᠲᠠ ᠵᠢᠨ ᠤᠳᠤᠷᠢᠳᠤᠯᠭ᠎ᠠ᠎ᠪᠠᠨ ᠴᠢᠩᠭ᠋ᠠᠳᠬᠠᠵᠤ᠂ ᠬᠠᠷᠢᠯᠴᠠᠨ ᠵᠣᠬᠢᠴᠠᠭᠤᠯᠤᠨ ᠬᠠᠮᠵᠢᠯᠴᠠᠵᠤ᠂ ᠬᠢᠨᠠᠮᠠᠭ᠋ᠠᠢ ᠲᠤᠭᠤᠰᠢᠯᠠᠭᠤᠯᠤᠨ ᠨᠠᠢ᠌ᠳᠠᠪᠤᠷᠢᠵᠢᠭᠤᠯᠬᠤ ᠵᠢ ᠬᠦᠰᠡᠵᠦ ᠪᠠᠢ᠌ᠨ᠎ᠠ᠃


ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠮᠢ ᠠᠬᠤᠢ ᠤᠷᠴᠢᠨ ᠲᠤᠭᠤᠷᠢᠨ᠎ᠤ ᠲᠢᠩᠬᠢᠮ
          
ᠬᠠᠮᠢᠶ᠎ᠡ ᠪᠦᠬᠦᠢ ᠰᠣᠨᠢᠨ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 《ᠠᠷᠪᠠᠨ ᠳᠥᠷᠪᠡᠳᠦᠭᠡᠷ ᠲᠠᠪᠤᠨ ᠵᠢᠯ》᠎ᠤᠨ ᠬᠥᠷᠥᠰᠥ ᠰᠢᠷᠣᠢ᠂ ᠭᠠᠵᠠᠷ ᠳᠣᠣᠷᠠᠬᠢ ᠤᠰᠤ ᠪᠣᠯᠣᠨ ᠮᠠᠯᠵᠢᠬᠤ ᠲᠠᠷᠢᠶᠠᠯᠠᠬᠤ ᠣᠷᠣᠨ᠎ᠤ ᠠᠮᠢ ᠠᠬᠤᠢ ᠵᠢᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠲᠥᠯᠦᠪᠵᠢᠭᠦᠯᠭᠡ ᠵᠢ ᠳᠠᠷᠤᠮᠠᠯᠯᠠᠨ ᠶᠠᠪᠤᠭᠤᠯᠬᠤ ᠲᠤᠬᠠᠢ ᠮᠡᠳᠡᠭᠳᠡᠯ
ᠪᠥᠬᠥ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠰᠢᠰᠲ᠋ᠧᠮ᠎ᠤᠨ ᠠᠩᠬᠠᠳᠤᠭ᠋ᠠᠷ ᠬᠤᠭᠤᠴᠠᠭ᠋ᠠᠨ᠎ᠤ 《ᠠᠮᠢ ᠠᠬᠤᠢ ᠬᠤᠨᠳᠠᠭ᠋ᠠᠲᠤ》 ᠥᠳᠥᠨ ᠪᠥᠮᠪᠥᠭᠡ ᠵᠢᠨ ᠤᠷᠤᠯᠳᠤᠭ᠋ᠠᠨ ᠪᠤᠭᠤᠲᠤ᠎ᠳᠤ ᠲᠡᠭᠦᠰ ᠠᠮᠵᠢᠯᠲᠠ᠎ᠲᠠᠢ ᠥᠨᠳᠥᠷᠯᠡᠪᠡ
ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠠᠵᠢᠯ᠎ᠠᠴᠠ᠎ᠪᠠᠨ ᠳᠠᠷᠬᠠᠯᠠᠭᠳᠠᠭᠰᠠᠨ ᠠᠵᠢᠯ᠎ᠠᠴᠠ᠎ᠪᠠᠨ ᠠᠮᠠᠷᠠᠭᠰᠠᠨ ᠬᠥᠮᠥᠰ᠎ᠤᠨ ᠨᠠᠮ᠎ᠤᠨ ᠶᠡᠷᠦᠩᠬᠡᠢ ᠡᠭᠦᠷ 《ᠤᠮᠠᠷᠠᠲᠤ ᠬᠢᠯᠢ ᠵᠢᠨ ᠪᠤᠭᠤᠷᠤᠯ ᠬᠣᠰᠢᠭᠤᠴᠢ ᠪᠣᠯᠵᠤ᠂ ᠦᠨᠳᠦᠰᠦᠲᠡᠨ᠎ᠤ ᠪᠦᠯᠬᠦᠮᠳᠡᠯ᠎ᠤᠨ ᠥᠯᠢᠭᠡᠷ ᠳᠠᠭᠤᠷᠢᠶᠠᠯ ᠪᠣᠯᠬᠤ》 ᠭᠣᠣᠯ ᠰᠡᠳᠦᠪᠲᠦ ᠨᠠᠮ᠎ᠤᠨ ᠡᠳᠦᠷ᠎ᠤᠨ ᠠᠵᠢᠯᠯᠠᠭ᠎ᠠ ᠵᠢ ᠵᠣᠬᠢᠶᠠᠨ ᠪᠠᠢ᠌ᠭᠤᠯᠵᠤ ᠥᠷᠨᠢᠭᠦᠯᠪᠡ
ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ 《ᠨᠠᠮ᠎ᠤᠨ ᠠᠴᠢ᠎ᠳᠤ ᠲᠠᠯᠠᠷᠬᠠᠵᠤ ᠨᠠᠮ᠎ᠤᠨ ᠦᠭᠡ ᠵᠢ ᠰᠣᠨᠣᠰᠴᠤ ᠨᠠᠮ ᠵᠶ᠋ᠠᠨ ᠲᠠᠭ᠋ᠠᠬᠤ》 ᠭᠣᠣᠯ ᠰᠡᠳᠦᠪᠲᠦ ᠨᠠᠮ᠎ᠤᠨ ᠡᠳᠦᠷᠯᠢᠭ᠎ᠤᠨ ᠠᠵᠢᠯᠯᠠᠭ᠎ᠠ ᠥᠷᠨᠢᠭᠦᠯᠪᠡ
ᠪᠠᠢ᠌ᠭᠤᠯᠭ᠎ᠠ ᠵᠢᠨ ᠨᠠᠮ᠎ᠤᠨ ᠬᠣᠷᠢᠶᠠᠨ᠎ᠤ ᠨᠠᠮ᠎ᠤᠨ ᠡᠭᠦᠷ ᠨᠠᠮ᠎ᠤᠨ ᠭᠡᠰᠢᠭᠦᠨ᠎ᠤ ᠬᠤᠷᠠᠯ ᠬᠢᠪᠡ
 
             蒙ICP备05000248号