1 ᠰᠠᠷ᠎ᠠ ᠵᠢᠨ 10᠎ᠤ ᠡᠳᠦᠷ᠂ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠠᠵᠢᠯ᠎ᠠᠴᠠ᠎ᠪᠠᠨ ᠳᠠᠷᠬᠠᠯᠠᠭᠳᠠᠭᠰᠠᠨ ᠪᠠ ᠠᠵᠢᠯ᠎ᠠᠴᠠ᠎ᠪᠠᠨ ᠠᠮᠠᠷᠠᠭᠰᠠᠨ ᠬᠥᠮᠥᠰ᠎ᠤᠨ ᠨᠠᠮ᠎ᠤᠨ ᠶᠡᠷᠦᠩᠬᠡᠢ ᠡᠭᠦᠷ᠎ᠠᠴᠠ 《ᠤᠮᠠᠷᠠᠲᠤ ᠬᠢᠯᠢ ᠵᠢᠨ ᠪᠤᠭᠤᠷᠤᠯ ᠬᠣᠰᠢᠭᠤᠴᠢ ᠪᠣᠯᠵᠤ᠂ ᠦᠨᠳᠦᠰᠦᠲᠡᠨ᠎ᠤ ᠪᠦᠯᠬᠦᠮᠳᠡᠯ᠎ᠤᠨ ᠥᠯᠢᠭᠡᠷ ᠳᠠᠭᠤᠷᠢᠶᠠᠯ ᠪᠣᠯᠬᠤ》 ᠭᠣᠣᠯ ᠰᠡᠳᠦᠪᠲᠦ ᠨᠠᠮ᠎ᠤᠨ ᠡᠳᠦᠷ᠎ᠤᠨ ᠠᠵᠢᠯᠯᠠᠭ᠎ᠠ ᠵᠢ ᠵᠣᠬᠢᠶᠠᠨ ᠪᠠᠢ᠌ᠭᠤᠯᠤᠨ ᠥᠷᠨᠢᠭᠦᠯᠵᠦ᠂ ᠠᠬᠠᠮᠠᠳ ᠺᠠᠳ᠋ᠷᠴᠤᠳ᠎ᠤᠨ ᠨᠢᠭᠡᠳᠦᠭᠡᠷ᠂ ᠬᠣᠶᠠᠳᠤᠭ᠋ᠠᠷ ᠨᠠᠮ᠎ᠤᠨ ᠡᠭᠦᠷ᠎ᠤᠨ ᠨᠠᠮ᠎ᠤᠨ ᠭᠡᠰᠢᠭᠦᠳ᠎ᠢ ᠵᠣᠬᠢᠶᠠᠨ ᠪᠠᠢ᠌ᠭᠤᠯᠤᠨ ᠥᠪᠥᠷ ᠮᠣᠩᠭᠣᠯ᠎ᠤᠨ ᠦᠵᠡᠰᠬᠦᠯᠡᠩ᠎ᠤᠨ ᠣᠷᠳᠣᠨ᠎ᠳᠤ ᠣᠴᠢᠭᠤᠯᠤᠨ 《ᠨᠠᠮ᠎ᠤᠨ ᠠᠴᠢ᠎ᠳᠤ ᠲᠠᠯᠠᠷᠬᠠᠵᠤ᠂ ᠨᠠᠮ᠎ᠤᠨ ᠦᠭᠡ ᠵᠢ ᠰᠣᠨᠣᠰᠴᠤ᠂ ᠨᠠᠮ ᠵᠶ᠋ᠠᠨ ᠲᠠᠭ᠋ᠠᠬᠤ》 ᠭᠣᠣᠯ ᠰᠡᠳᠦᠪᠲᠦ ᠦᠵᠡᠭᠦᠯᠭᠡ ᠵᠢ ᠲᠣᠭᠣᠷᠢᠨ ᠦᠵᠡᠭᠦᠯᠪᠡ᠃
ᠨᠠᠮ᠎ᠤᠨ ᠭᠡᠰᠢᠭᠦᠨ ᠺᠠᠳ᠋ᠷᠴᠤᠳ ᠲᠠᠢ᠌ᠯᠪᠤᠷᠢᠯᠠᠭᠴᠢ ᠵᠢᠨ ᠳᠠᠭ᠋ᠠᠭᠤᠯᠭ᠎ᠠ ᠳᠣᠣᠷ᠎ᠠ 《ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ》᠎ᠪᠠᠷ ᠭᠣᠣᠯ ᠰᠢᠵᠢᠮ ᠪᠣᠯᠭ᠋ᠠᠵᠤ᠂ 《〈ᠲᠠᠪᠤᠨ ᠥᠭᠦᠯᠡᠪᠦᠷᠢ〉 ᠵᠢᠨ ᠪᠣᠳᠠᠲᠤ ᠬᠡᠷᠡᠭ ᠪᠠ ᠶᠣᠰᠣ ᠤᠴᠢᠷ》 ᠵᠶ᠋ᠠᠷ ᠡᠬᠡ ᠳᠡᠪᠲᠡᠷ᠎ᠤᠨ ᠬᠤᠪᠢᠶᠠᠷᠢ ᠪᠣᠯᠭ᠋ᠠᠭᠰᠠᠨ ᠲᠠᠪᠤᠨ ᠬᠡᠰᠡᠭ ᠠᠭᠤᠯᠭ᠎ᠠ ᠵᠢᠨ ᠦᠵᠡᠭᠦᠯᠭᠡ ᠵᠢ ᠲᠣᠭᠣᠷᠢᠨ ᠦᠵᠡᠪᠡ᠃ ᠲᠣᠭᠣᠷᠢᠨ ᠦᠵᠡᠵᠦ ᠪᠠᠷᠠᠭᠰᠠᠨ᠎ᠤ ᠳᠠᠷᠠᠭ᠎ᠠ᠂ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠠᠵᠢᠯ᠎ᠠᠴᠠ᠎ᠪᠠᠨ ᠳᠠᠷᠬᠠᠯᠠᠭᠳᠠᠭᠰᠠᠨ ᠪᠠ ᠠᠵᠢᠯ᠎ᠠᠴᠠ᠎ᠪᠠᠨ ᠠᠮᠠᠷᠠᠭᠰᠠᠨ ᠬᠥᠮᠥᠰ᠎ᠤᠨ ᠨᠠᠮ᠎ᠤᠨ ᠶᠡᠷᠦᠩᠬᠡᠢ ᠡᠭᠦᠷ 2024 ᠣᠨ᠎ᠤ ᠠᠩᠬᠠᠳᠤᠭ᠋ᠠᠷ ᠤᠳᠠᠭ᠎ᠠ ᠵᠢᠨ ᠨᠠᠮ᠎ᠤᠨ ᠡᠭᠦᠷ᠎ᠤᠨ ᠥᠷᠭᠡᠳᠬᠡᠭᠰᠡᠨ ᠬᠤᠷᠠᠯ ᠬᠤᠷᠠᠯᠳᠤᠭᠤᠯᠵᠤ᠂ ᠶᠡᠷᠦᠩᠬᠡᠢ ᠱᠦᠵᠢ ᠰᠢ ᠵᠢᠨ ᠫᠢᠩ᠎ᠤᠨ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶᠠᠨ᠎ᠤ ᠤᠯᠤᠰ ᠲᠥᠷᠥ ᠵᠢᠨ ᠲᠣᠪᠴᠢᠶᠠᠨ᠎ᠤ ᠲᠤᠰᠬᠠᠢ ᠰᠡᠳᠦᠪᠲᠦ ᠠᠷᠠᠳᠴᠢᠯᠠᠯ᠎ᠤᠨ ᠠᠮᠢᠳᠤᠷᠠᠯ᠎ᠤᠨ ᠬᠤᠷᠠᠯ ᠳᠡᠭᠡᠷᠡᠬᠢ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠪᠠ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠬᠤᠭᠤᠴᠠᠭ᠋ᠠᠨ᠎ᠤ ᠬᠣᠷᠢᠶᠠᠨ᠎ᠤ ᠳᠣᠯᠣᠳᠤᠭ᠋ᠠᠷ ᠪᠦᠭᠦᠳᠡ ᠬᠤᠷᠠᠯ᠎ᠤᠨ ᠠᠯᠪᠠᠨ ᠮᠡᠳᠡᠭᠡ ᠵᠢ ᠳᠠᠮᠵᠢᠭᠤᠯᠤᠨ ᠰᠤᠷᠤᠯᠴᠠᠬᠤ ᠪᠠ 《ᠰᠢᠨ᠎ᠡ ᠴᠠᠭ ᠦᠶ᠎ᠡ ᠵᠢᠨ ᠠᠵᠢᠯ᠎ᠠᠴᠠ᠎ᠪᠠᠨ ᠳᠠᠷᠬᠠᠯᠠᠭᠳᠠᠭᠰᠠᠨ ᠪᠠ ᠠᠵᠢᠯ᠎ᠠᠴᠠ᠎ᠪᠠᠨ ᠠᠮᠠᠷᠠᠭᠰᠠᠨ ᠺᠠᠳ᠋ᠷᠴᠤᠳ᠎ᠤᠨ ᠨᠠᠮ᠎ᠤᠨ ᠪᠠᠢ᠌ᠭᠤᠯᠤᠯᠲᠠ ᠵᠢᠨ ᠠᠵᠢᠯ᠎ᠢ ᠴᠢᠩᠭ᠋ᠠᠳᠬᠠᠬᠤ ᠲᠤᠬᠠᠢ ᠰᠠᠨᠠᠯ》᠎ᠢ ᠲᠤᠭᠤᠰᠢᠯᠠᠭᠤᠯᠤᠨ ᠨᠠᠢ᠌ᠳᠠᠪᠤᠷᠢᠵᠢᠭᠤᠯᠬᠤ ᠵᠢᠨ ᠲᠣᠭᠣᠷᠢᠨ᠎ᠳᠤ᠂ 《ᠵᠢᠷᠭᠤᠭ᠋ᠠᠨ ᠰᠠᠶ᠋ᠢᠨ》᠎ᠤ ᠪᠠᠷᠢᠮᠵᠢᠶ᠎ᠠ᠎ᠪᠠᠷ ᠤᠮᠠᠷᠠᠲᠤ ᠬᠢᠯᠢ ᠵᠢᠨ ᠪᠤᠷᠤᠭᠤᠯᠴᠤᠳ ᠬᠣᠰᠢᠭᠤᠴᠢ ᠲᠥᠷᠥᠯ ᠲᠡᠮᠳᠡᠭᠲᠦ ᠵᠢ ᠡᠭᠦᠳᠦᠨ ᠪᠠᠢ᠌ᠭᠤᠯᠬᠤ ᠨᠠᠮ᠎ᠤᠨ ᠡᠭᠦᠷ᠎ᠤᠨ ᠠᠵᠢᠯ᠎ᠢ ᠳᠠᠶ᠋ᠢᠴᠢᠯᠠᠨ ᠪᠠᠢ᠌ᠷᠢᠯᠠᠭᠤᠯᠪᠠ᠃
ᠭᠡᠰᠢᠭᠦᠳ ᠬᠣᠢ᠌ᠨ᠎ᠠ ᠬᠣᠢ᠌ᠨ᠎ᠠ᠎ᠠᠴᠠ᠎ᠪᠠᠨ ᠶᠠᠷᠢᠶ᠎ᠠ ᠲᠠᠯᠪᠢᠪᠠ᠃ ᠡᠭᠦᠳᠦᠨ ᠪᠠᠢ᠌ᠭᠤᠯᠬᠤ ᠠᠵᠢᠯ᠎ᠳᠤ ᠢᠲᠡᠭᠡᠯ ᠲᠡᠭᠦᠯᠳᠡᠷ ᠪᠠᠢ᠌ᠵᠤ᠂ ᠤᠭ ᠰᠠᠨᠠᠭ᠎ᠠ᠎ᠪᠠᠨ ᠦᠯᠦ ᠬᠤᠪᠢᠷᠠᠭᠤᠯᠤᠨ᠂ ᠡᠭᠦᠷᠭᠡ ᠬᠠᠷᠢᠭᠤᠴᠠᠯᠭ᠎ᠠ᠎ᠪᠠᠨ ᠬᠣᠢ᠌ᠷᠭᠤᠰᠢᠬᠤ ᠦᠭᠡᠢ᠎ᠪᠠᠷ ᠡᠷᠡᠰ ᠪᠡᠶᠡᠯᠡᠭᠦᠯᠵᠦ᠂ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠠᠬᠠᠮᠠᠳ ᠺᠠᠳ᠋ᠷᠴᠤᠳ᠂ ᠨᠠᠮ᠎ᠤᠨ ᠭᠡᠰᠢᠭᠦᠳ᠎ᠢ ᠳᠠᠭ᠋ᠠᠭᠤᠯᠵᠤ᠂ 《ᠲᠠᠪᠤᠨ ᠶᠡᠬᠡ ᠡᠭᠦᠷᠭᠡ》 ᠪᠣᠯᠣᠨ ᠵᠢᠱ᠌ᠢᠶᠡᠴᠢ ᠥᠪᠡᠷᠲᠡᠭᠡᠨ ᠵᠠᠰᠠᠬᠤ ᠣᠷᠣᠨ᠎ᠢ ᠪᠦᠬᠦ ᠲᠠᠯ᠎ᠠ᠎ᠪᠠᠷ ᠪᠦᠲᠦᠭᠡᠨ ᠪᠠᠢ᠌ᠭᠤᠯᠬᠤ ᠬᠣᠶᠠᠷ ᠶᠡᠬᠡ ᠶᠠᠪᠤᠳᠠᠯ᠎ᠢ ᠰᠠᠶ᠋ᠢᠲᠤᠷ ᠪᠡᠶᠡᠯᠡᠭᠦᠯᠬᠦ᠎ᠳᠤ ᠬᠦᠴᠦ ᠨᠡᠮᠡᠷᠢᠯᠡᠵᠦ᠂ 《ᠠᠬᠠᠮᠠᠳ ᠣᠷᠴᠢᠨ ᠲᠣᠭᠣᠷᠢᠨ᠎ᠢ ᠬᠠᠮᠠᠭ᠋ᠠᠯᠠᠭ᠌ᠰᠠᠳ》᠎ᠤᠨ ᠲᠤᠰᠬᠠᠢ ᠮᠡᠷᠭᠡᠵᠢᠯ᠎ᠤᠨ ᠳᠠᠪᠠᠭᠤᠯᠢᠭ᠎ᠲᠤ ᠰᠠᠭᠤᠷᠢᠯᠠᠵᠤ᠂ ᠰᠠᠨᠠᠭ᠋ᠠᠴᠢᠯᠠᠭ᠎ᠠ᠎ᠠᠴᠠ᠎ᠪᠠᠨ ᠰᠠᠨᠠᠯ ᠵᠥᠪᠯᠡᠯᠭᠡ ᠳᠤᠷᠠᠳᠤᠨ ᠠᠷᠭ᠎ᠠ ᠤᠬᠠᠭ᠋ᠠᠨ ᠭᠠᠷᠭ᠋ᠠᠵᠤ᠂ ᠭᠦᠨᠵᠡᠭᠡᠢ ᠪᠠᠢ᠌ᠴᠠᠭ᠋ᠠᠨ ᠰᠤᠳᠤᠯᠤᠯᠲᠠ ᠬᠢᠵᠦ᠂ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠦᠢ᠍ᠯᠡᠰ᠎ᠲᠤ 《ᠪᠤᠭᠤᠷᠤᠯᠴᠤᠳ》᠎ᠤᠨ ᠬᠦᠴᠦᠨ ᠴᠢᠳᠠᠯ᠎ᠢ ᠲᠠᠰᠤᠷᠠᠯᠳᠡ ᠦᠭᠡᠢ ᠨᠡᠮᠡᠷᠢᠯᠡᠨ᠎ᠡ᠃