12 ᠰᠠᠷ᠎ᠠ ᠵᠢᠨ 21᠎ᠤ ᠡᠳᠦᠷ᠎ᠠᠴᠠ 22 ᠤᠨ ᠡᠳᠦᠷ ᠪᠣᠯᠲᠠᠯ᠎ᠠ᠂ ᠪᠦᠬᠦ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠰᠢᠰᠲ᠋ᠧᠮ᠎ᠤᠨ ᠠᠩᠬᠠᠳᠤᠭ᠋ᠠᠷ ᠬᠤᠭᠤᠴᠠᠭ᠋ᠠᠨ᠎ᠤ 《ᠠᠮᠢ ᠠᠬᠤᠢ ᠬᠤᠨᠳᠠᠭ᠋ᠠᠲᠤ》 ᠥᠲᠥᠨ ᠪᠥᠮᠪᠥᠭᠡ ᠵᠢᠨ ᠤᠷᠤᠯᠳᠤᠭ᠋ᠠᠨ ᠪᠤᠭᠤᠲᠤ ᠵᠢᠨ ᠬᠥᠩᠭᠡᠨ ᠠᠵᠤ ᠦᠢ᠍ᠯᠡᠳᠪᠦᠷᠢ ᠵᠢᠨ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ ᠵᠢᠨ ᠪᠡᠶ᠎ᠡ ᠵᠢᠨ ᠲᠠᠮᠢᠷ᠎ᠤᠨ ᠣᠷᠳᠣᠨ᠎ᠳᠤ ᠶᠠᠪᠤᠭᠳᠠᠵᠤ᠂ ᠪᠦᠬᠦ ᠣᠷᠣᠨ᠎ᠠᠴᠠ ᠢᠷᠡᠭᠰᠡᠨ 150 ᠭᠠᠷᠤᠢ ᠲᠠᠮᠢᠷᠴᠢᠨ ᠨᠢᠭᠡ ᠲᠠᠩᠬᠢᠮ᠎ᠳᠤ ᠴᠤᠭᠯᠠᠷᠠᠵᠤ᠂ ᠤᠷᠤᠯᠳᠤᠭ᠋ᠠᠨ᠎ᠤ ᠲᠠᠯ᠎ᠠ᠎ᠪᠠᠷ ᠰᠠᠨᠠᠯ ᠵᠶ᠋ᠠᠨ ᠰᠣᠯᠢᠯᠴᠠᠪᠠ᠃
ᠪᠤᠭᠤᠲᠤ ᠬᠤᠳᠠ ᠵᠢᠨ ᠨᠠᠮ᠎ᠤᠨ ᠬᠣᠷᠢᠶ᠎ᠠ ᠵᠢᠨ ᠪᠠᠢ᠌ᠩᠭᠤ ᠵᠢᠨ ᠭᠡᠰᠢᠭᠦᠨ᠂ ᠬᠤᠳᠠ ᠵᠢᠨ ᠳᠡᠳ᠋ ᠳᠠᠷᠤᠭ᠎ᠠ ᠳ᠋ᠦᠩ ᡁᠢ ᠶᠦᠩ ᠤᠭᠲᠤᠬᠤ ᠦᠭᠡ ᠬᠡᠯᠡᠵᠦ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠪᠦᠷᠢᠯᠳᠦᠬᠦᠨ᠂ ᠲᠢᠩᠬᠢᠮ᠎ᠤᠨ ᠳᠡᠳ᠋ ᠳᠠᠷᠤᠭ᠎ᠠ ᠹᠠᠨ ᠮᠢᠩ ᠱ᠌ᠢ ᠶᠠᠷᠢᠶ᠎ᠠ ᠲᠠᠯᠪᠢᠭᠰᠠᠨ ᠪᠥᠭᠡᠳ ᠤᠷᠤᠯᠳᠤᠭ᠋ᠠᠨ ᠵᠢᠩᠬᠢᠨᠢ᠎ᠪᠠᠷ ᠡᠬᠢᠯᠡᠭᠰᠡᠨ᠎ᠢ ᠵᠠᠷᠯᠠᠪᠠ᠃ ᠤᠷᠤᠯᠳᠤᠭ᠋ᠠᠨ᠎ᠤ ᠲᠠᠯᠠᠪᠤᠷ᠎ᠲᠤ᠂ ᠤᠷᠤᠯᠳᠤᠭ᠋ᠠᠨ᠎ᠳᠤ ᠣᠷᠣᠯᠴᠠᠭᠰᠠᠨ ᠡᠯ᠎ᠡ ᠲᠠᠮᠢᠷᠴᠢᠳ ᠬᠠᠷᠢᠯᠴᠠᠨ ᠥᠷᠢᠰᠦᠯᠳᠦᠵᠦ᠂ ᠭᠣᠢ᠌ᠳᠠ ᠰᠠᠢ᠌ᠬᠠᠨ ᠰᠡᠷᠭᠡᠢ᠌ᠯᠡᠨ ᠬᠣᠷᠢᠭᠯᠠᠯᠲᠠ ᠪᠠ ᠲᠡᠮᠡᠴᠡᠭᠡᠨᠨᠤᠭᠤᠳᠨᠢ ᠦᠵᠡᠭᠴᠢᠳ᠎ᠤᠨ ᠤᠷᠮ᠎ᠠ ᠪᠠᠬ᠎ᠠ ᠵᠢ ᠲᠠᠲᠠᠵᠤ᠂ ᠲᠤᠬᠠᠢ ᠵᠢᠨ ᠲᠠᠯᠠᠪᠠᠢ ᠵᠢᠨ ᠠᠭᠤᠷ ᠠᠮᠢᠰᠬᠤᠯ ᠪᠠᠴᠢᠮ ᠪᠥᠭᠡᠳ ᠬᠦᠷ ᠬᠥᠭᠵᠢᠶᠡᠨ᠎ᠲᠠᠢ ᠪᠠᠢ᠌ᠯ᠎ᠠ᠃
ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠪᠦᠷᠢᠯᠳᠦᠬᠦᠨ᠂ ᠳᠡᠳ᠋ ᠲᠢᠩᠬᠢᠮ᠎ᠤᠨ ᠳᠠᠷᠤᠭ᠎ᠠ ᠹᠠᠨ ᠮᠢᠩ ᠱ᠌ᠢ ᠶᠠᠷᠢᠶ᠎ᠠ ᠲᠠᠯᠪᠢᠪᠠ
2 ᠡᠳᠦᠷ᠎ᠤᠨ ᠰᠢᠷᠦᠭᠦᠨ ᠥᠷᠢᠰᠥᠯᠳᠦᠭᠡᠨ ᠵᠶ᠋ᠡᠷ ᠳᠡᠮᠵᠢᠨ᠂ ᠬᠣᠯᠢᠮᠠᠭ ᠪᠦᠯᠬᠦᠮ᠎ᠤᠨ ᠤᠷᠤᠯᠳᠤᠭ᠋ᠠᠨ᠎ᠤ ᠲᠡᠷᠢᠭᠦᠨ᠂ ᠳᠡᠳ᠋᠂ ᠭᠤᠲᠠᠭ᠋ᠠᠷ ᠲᠤᠰᠪᠦᠷᠢ ᠨᠢᠭᠡ᠂ ᠤᠳᠤᠷᠢᠳᠬᠤ ᠺᠠᠳ᠋ᠷ᠎ᠤᠨ ᠳᠤᠭᠤᠢ᠌ᠯᠠᠩ᠎ᠤᠨ ᠬᠣᠣᠰᠯᠠᠨ ᠴᠣᠬᠢᠬᠤ᠂ ᠠᠵᠢᠯᠲᠠᠨ ᠠᠵᠢᠯᠴᠢᠨ᠎ᠤ ᠳᠤᠭᠤᠢ᠌ᠯᠠᠩ᠎ᠤᠨ ᠡᠷᠡᠭᠲᠡᠢ ᠵᠢᠨ ᠬᠣᠣᠰᠯᠠᠨ ᠴᠣᠬᠢᠬᠤ᠂ ᠡᠮᠡᠭᠲᠡᠢ ᠵᠢᠨ ᠬᠣᠣᠰᠯᠠᠨ ᠴᠣᠬᠢᠬᠤ᠂ ᠬᠣᠯᠢᠮᠠᠭ ᠬᠣᠣᠰᠯᠠᠨ ᠴᠣᠬᠢᠬᠤ ᠤᠷᠤᠯᠳᠤᠭ᠋ᠠᠨ᠎ᠤ ᠮᠠᠩᠯᠠᠢ᠎ᠳᠤ ᠲᠤᠰᠪᠦᠷᠢ ᠲᠡᠷᠢᠭᠦᠨ᠂ ᠳᠡᠳ᠋᠂ ᠭᠤᠲᠠᠭ᠋ᠠᠷᠢ ᠰᠢᠯᠭ᠋ᠠᠷᠠᠭᠤᠯᠵᠤ᠂ ᠶᠣᠰᠣ ᠮᠣᠷᠠᠯ ᠬᠡᠪ ᠰᠤᠷᠲᠠᠯ᠎ᠤᠨ ᠱᠠᠩᠨᠠᠯ ᠨᠢᠭᠡ᠂ ᠰᠢᠯᠢᠳᠡᠭ ᠵᠣᠬᠢᠶᠠᠨ ᠪᠠᠢ᠌ᠭᠤᠯᠤᠯᠲᠠ ᠵᠢᠨ ᠱᠠᠩᠨᠠᠯ ᠬᠣᠶᠠᠷ᠎ᠢ ᠰᠢᠯᠭ᠋ᠠᠷᠠᠭᠤᠯᠪᠠ᠃
ᠪᠤᠭᠤᠲᠤ ᠬᠣᠲᠠ ᠵᠢᠨ ᠠᠮᠢ ᠠᠬᠤᠢ ᠣᠷᠴᠢᠨ ᠲᠣᠭᠣᠷᠢᠨ᠎ᠤ ᠲᠣᠪᠴᠢᠶ᠎ᠠ ᠵᠢᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠱᠦᠵᠢ᠂ ᠲᠣᠪᠴᠢᠶᠠᠨ ᠳᠠᠷᠤᠭ᠎ᠠ ᠵᠣᠣ ᠸᠸᠨ ᠪᠢᠨ ᠬᠣᠯᠢᠮᠠᠭ ᠪᠦᠯᠬᠦᠮ᠎ᠤᠨ ᠲᠡᠷᠢᠭᠦᠨ᠂ ᠳᠡᠳ᠋᠂ ᠭᠤᠲᠠᠭ᠋ᠠᠷ ᠲᠤ ᠱᠠᠩᠨᠠᠯ ᠭᠠᠷᠳᠠᠭᠤᠯᠪᠠ
ᠲᠤᠰ ᠤᠳᠠᠭ᠋ᠠᠨ᠎ᠤ ᠥᠳᠥᠨ ᠪᠥᠮᠪᠥᠭᠡ ᠵᠢᠨ ᠤᠷᠤᠯᠳᠤᠭ᠋ᠠᠨ᠎ᠳᠤ ᠪᠦᠬᠦ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠰᠢᠰᠲ᠋ᠧᠮ᠎ᠤᠨ ᠢᠳᠡᠪᠬᠢᠲᠡᠢ᠎ᠪᠠᠷ ᠤᠷᠤᠭᠰᠢᠯᠠᠨ ᠲᠠᠪᠰᠢᠬᠤ᠂ ᠪᠦᠯᠬᠦᠮᠳᠡᠨ ᠬᠠᠮᠵᠢᠯᠴᠠᠬᠤ ᠣᠶᠤᠨ ᠰᠠᠨᠠᠭ᠋ᠠᠨ᠎ᠤ ᠳᠦᠷᠰᠦ ᠪᠠᠶ᠋ᠢᠳᠠᠯ᠎ᠢ ᠭᠦᠢ᠍ᠴᠡᠳ ᠢᠯᠡᠷᠡᠭᠦᠯᠵᠦ᠂ ᠤᠯᠠᠨ ᠵᠶ᠋ᠠᠷ ᠵᠶ᠋ᠠᠨ ᠤᠷᠤᠯᠳᠤᠭ᠋ᠠᠨ᠎ᠤ ᠲᠠᠯᠠᠪᠤᠷ᠎ᠲᠠᠬᠢ ᠰᠢᠷᠭ᠋ᠠᠭᠤ ᠬᠠᠲᠠᠭᠤᠵᠢᠯᠲᠠᠢ ᠲᠡᠮᠡᠴᠡᠬᠦ ᠵᠣᠷᠢᠭ ᠰᠠᠨᠠᠭ᠎ᠠ᠂ ᠴᠤᠭ ᠪᠠᠳᠠᠷᠠᠩᠭᠤᠢ ᠥᠭᠡᠳᠡᠯᠡᠨ ᠲᠠᠪᠰᠢᠬᠤ ᠲᠡᠮᠡᠴᠡᠯ᠎ᠤᠨ ᠵᠣᠷᠢᠭ᠂ ᠢᠳᠡᠪᠬᠢᠲᠡᠢ ᠣᠷᠭᠢᠯᠤᠮ᠎ᠠ ᠬᠠᠯᠠᠭᠤᠨ ᠰᠡᠳᠬᠢᠯᠭᠡ ᠵᠢ ᠥᠪᠡᠷ ᠥᠪᠡᠷ᠎ᠤᠨ ᠠᠵᠢᠯ᠎ᠤᠨ ᠪᠠᠶ᠋ᠢᠷᠢ᠎ᠳᠠᠭᠠᠨ ᠣᠷᠣᠭᠤᠯᠵᠤ᠂ ᠰᠠᠨᠠᠭ᠋ᠠᠴᠢᠯᠠᠭ᠎ᠠ᠎ᠠᠴᠠ᠎ᠪᠠᠨ ᠠᠵᠢᠯᠯᠠᠵᠤ᠂ ᠦᠨᠡᠨᠬᠦ ᠠᠳᠬᠤᠨ ᠪᠣᠳᠠᠲᠠᠢ ᠠᠵᠢᠯᠯᠠᠵᠤ᠂ ᠦᠵᠡᠰᠬᠦᠯᠡᠩᠲᠦ ᠰᠠᠢ᠌ᠬᠠᠨ ᠥᠪᠥᠷ ᠮᠣᠩᠭᠣᠯ᠎ᠢ ᠪᠦᠲᠦᠭᠡᠨ ᠪᠠᠢ᠌ᠭᠤᠯᠬᠤ᠂ ᠮᠠᠨ᠎ᠤ ᠤᠯᠤᠰ᠎ᠤᠨ ᠤᠮᠠᠷᠠᠲᠤ ᠵᠢᠨ ᠴᠢᠬᠤᠯᠠ ᠠᠮᠢ ᠠᠬᠤᠢ ᠵᠢᠨ ᠠᠮᠤᠷ ᠲᠦᠪᠰᠢᠨ᠎ᠤ ᠬᠠᠯᠬᠠᠪᠴᠢ ᠵᠢ ᠪᠡᠬᠢᠵᠢᠭᠦᠯᠬᠦ᠎ᠳᠤ ᠨᠡᠩ ᠶᠡᠬᠡ ᠰᠢᠨ᠎ᠡ ᠬᠤᠪᠢ ᠨᠡᠮᠡᠷᠢ ᠦᠵᠡᠭᠦᠯᠦᠨ᠎ᠡ ᠭᠡᠵᠦ ᠢᠯᠡᠳᠬᠡᠵᠡᠭᠡᠪᠡ᠃