ᠬᠥᠬᠡᠬᠣᠲᠠ ᠵᠢᠨ ᠨᠡᠢ᠌ᠭᠡᠮ᠎ᠤᠨ ᠢᠲᠡᠭᠡᠮᠵᠢ ᠵᠢᠨ ᠰᠢᠰᠲ᠋ᠧᠮ᠎ᠤᠨ ᠪᠠᠢ᠌ᠭᠤᠯᠤᠯᠲᠠ ᠵᠢ ᠭᠦᠨᠵᠡᠭᠡᠢ ᠠᠬᠢᠭᠤᠯᠵᠤ᠂ ᠲᠥᠪ ᠭᠣᠣᠯᠴᠢ ᠦᠨᠡᠨᠴᠢ ᠢᠲᠡᠭᠡᠮᠵᠢ᠎ᠲᠠᠢ ᠨᠡᠢ᠌ᠭᠡᠮ᠎ᠤᠨ ᠣᠷᠴᠢᠨ ᠲᠣᠭᠣᠷᠢᠨ᠎ᠢ ᠪᠤᠢ ᠪᠣᠯᠭ᠋ᠠᠵᠤ᠂ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ 《ᠢᠲᠡᠭᠡᠮᠵᠢ᠎ᠲᠠᠢ ᠪᠠᠶ᠋ᠢᠬᠤ ᠵᠢ ᠤᠷᠮᠠᠰᠢᠭᠤᠯᠤᠨ ᠵᠣᠷᠢᠭᠵᠢᠭᠤᠯᠵᠤ᠂ ᠢᠲᠡᠭᠡᠮᠵᠢ ᠠᠯᠳᠠᠭᠰᠠᠳ᠎ᠢ ᠵᠠᠯᠬᠠᠭ᠋ᠠᠨ ᠴᠡᠭᠡᠷᠯᠡᠭᠦᠯᠬᠦ》 ᠲᠣᠭᠲᠠᠴᠠ ᠵᠢ ᠲᠦᠷᠭᠡᠳᠬᠡᠨ ᠪᠠᠢ᠌ᠭᠤᠯᠬᠤ ᠵᠢᠨ ᠲᠥᠯᠥᠭᠡ᠂ ᠣᠢ᠌ᠷ᠎ᠠ᠎ᠳᠤ᠂ ᠬᠥᠬᠡᠬᠣᠲᠠ ᠵᠢᠨ ᠠᠮᠢ ᠠᠬᠤᠢ ᠣᠷᠴᠢᠨ ᠲᠣᠭᠣᠷᠢᠨ᠎ᠤ ᠲᠣᠪᠴᠢᠶ᠎ᠠ ᠲᠣᠰ ᠵᠢᠯ᠎ᠤᠨ ᠨᠡᠢ᠌ᠭᠡᠮ᠎ᠤᠨ ᠢᠲᠡᠭᠡᠮᠵᠢ ᠵᠢᠨ ᠰᠢᠰᠲ᠋ᠧᠮ᠎ᠤᠨ ᠪᠠᠢ᠌ᠭᠤᠯᠤᠯᠲᠠ ᠵᠢᠨ ᠲᠤᠰᠬᠠᠢ ᠰᠡᠳᠦᠪᠲᠦ ᠪᠣᠯᠪᠠᠰᠤᠷᠠᠯ᠎ᠤᠨ ᠠᠩᠭᠢ ᠡᠷᠭᠢᠯᠡᠪᠡ ᠃ ᠬᠥᠬᠡᠬᠣᠲᠠ ᠵᠢᠨ ᠠᠮᠢ ᠠᠬᠤᠢ ᠣᠷᠴᠢᠨ ᠲᠣᠭᠣᠷᠢᠨ᠎ᠤ ᠲᠣᠪᠴᠢᠶ᠎ᠠ ᠵᠢᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠪᠦᠷᠢᠯᠳᠦᠬᠦᠨ᠂ ᠳᠡᠳ᠋ ᠲᠣᠪᠴᠢᠶᠠᠨ ᠳᠠᠷᠤᠭ᠎ᠠ ᠶᠠᠨ ᠱᠧᠩ ᠼᠠᠨ ᠬᠤᠷᠠᠯ᠎ᠢ ᠡᠷᠬᠢᠯᠡᠪᠡ ᠃
ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠬᠦᠷᠢᠶᠡᠯᠡᠩ᠎ᠤᠨ ᠳᠡᠭᠡᠳᠦ ᠵᠡᠷᠭᠡ ᠵᠢᠨ ᠢᠨᠵᠧᠨᠧᠷ ᠪᠠᠢ ᠵᠢᠨ ᠪᠦᠬᠦ ᠣᠷᠣᠨ᠎ᠤ ᠦᠨᠡᠨᠴᠢ ᠢᠲᠡᠭᠡᠮᠵᠢ ᠵᠢᠨ ᠪᠠᠢ᠌ᠭᠤᠯᠤᠯᠲᠠ ᠵᠢᠨ ᠢᠨᠵᠧᠨᠧᠷᠢᠩ᠎ᠤᠨ ᠬᠡᠷᠡᠭᠵᠢᠭᠦᠯᠬᠦ ᠲᠥᠰᠥᠯ᠂ ᠠᠮᠢ ᠠᠬᠤᠢ ᠣᠷᠴᠢᠨ ᠲᠣᠭᠣᠷᠢᠨ᠎ᠤ ᠬᠦᠷᠢᠶᠡᠨ᠎ᠤ ᠦᠨᠡᠨᠴᠢ ᠢᠲᠡᠭᠡᠮᠵᠢ ᠵᠢᠨ ᠪᠠᠢ᠌ᠭᠤᠯᠤᠯᠲᠠ ᠵᠢᠨ ᠢᠨᠵᠧᠨᠧᠷᠢᠩ᠎ᠤᠨ ᠬᠡᠷᠡᠭᠵᠢᠭᠦᠯᠬᠦ ᠲᠥᠰᠥᠯ᠂ ᠪᠣᠬᠢᠷᠲᠤᠯ ᠭᠠᠳᠠᠭᠰᠢᠯᠠᠭᠤᠯᠬᠤ ᠨᠢᠭᠡᠴᠢ ᠵᠢᠨ ᠠᠮᠢ ᠠᠬᠤᠢ ᠣᠷᠴᠢᠨ ᠲᠣᠭᠣᠷᠢᠨ᠎ᠤ ᠢᠲᠡᠭᠡᠮᠵᠢ ᠵᠢᠨ ᠦᠨᠡᠯᠡᠯᠲᠡ ᠵᠢᠨ ᠬᠠᠮᠢᠶᠠᠷᠤᠯᠲᠠ ᠵᠢᠨ ᠠᠷᠭ᠎ᠠ᠂ ᠭᠤᠷᠪᠠᠳᠠᠭᠢ ᠡᠲᠡᠭᠡᠳ᠎ᠤᠨ ᠠᠮᠢ ᠠᠬᠤᠢ ᠣᠷᠴᠢᠨ ᠲᠣᠭᠣᠷᠢᠨ᠎ᠤ ᠦᠢ᠍ᠯᠡᠴᠢᠯᠡᠭᠡᠨ᠎ᠤ ᠪᠠᠢ᠌ᠭᠤᠯᠤᠮᠵᠢ ᠵᠢᠨ ᠢᠲᠡᠭᠡᠮᠵᠢ ᠵᠢᠨ ᠦᠨᠡᠯᠡᠯᠲᠡ ᠵᠢᠨ ᠬᠠᠮᠢᠶᠠᠷᠤᠯᠲᠠ ᠵᠢᠨ ᠲᠦᠷ ᠬᠡᠷᠡᠭᠵᠢᠭᠦᠯᠬᠦ ᠠᠷᠭ᠎ᠠ ᠵᠢᠨ ᠲᠣᠭᠣᠷᠢᠨ᠎ᠳᠤ ᠲᠠᠢ᠌ᠯᠤᠮᠵᠢ ᠬᠢᠵᠦ᠂ ᠬᠤᠷᠠᠯ᠎ᠳᠤ ᠣᠷᠣᠯᠴᠠᠭᠰᠠᠨ ᠬᠥᠮᠥᠰ᠎ᠤᠨ ᠳᠤᠷᠠᠳᠤᠭᠰᠠᠨ ᠠᠰᠠᠭᠤᠯᠲᠠ᠎ᠳᠤ ᠬᠠᠷᠢᠭᠤᠯᠲᠠ ᠥᠭᠪᠡ ᠃ ᠬᠤᠷᠠᠯ᠎ᠤᠨ ᠳᠠᠷᠠᠭ᠎ᠠ ᠤᠯᠠᠨ ᠵᠶ᠋ᠠᠷ ᠵᠶ᠋ᠠᠨ᠂ ᠲᠣᠰ ᠤᠳᠠᠭ᠋ᠠᠨ᠎ᠤ ᠪᠣᠯᠪᠠᠰᠤᠷᠠᠯ᠎ᠨᠢ ᠦᠨᠡᠨᠴᠢ ᠢᠲᠡᠭᠡᠮᠵᠢ ᠵᠢᠨ ᠪᠠᠢ᠌ᠭᠤᠯᠤᠯᠲᠠ ᠵᠢᠨ ᠬᠣᠯᠪᠣᠭᠳᠠᠯ ᠪᠦᠬᠦᠢ ᠲᠥᠷᠥ ᠵᠢᠨ ᠪᠣᠳᠣᠯᠭ᠎ᠠ ᠵᠢ ᠤᠯᠠᠮ ᠨᠢᠭᠡ ᠠᠯᠬᠤᠮ ᠰᠤᠷᠤᠯᠴᠠᠵᠤ᠂ ᠲᠠᠷᠠᠭ᠋ᠠᠴᠢ ᠵᠢᠨ ᠬᠣᠯᠪᠣᠭᠳᠠᠯ ᠪᠦᠬᠦᠢ ᠠᠵᠢᠯ᠎ᠢ ᠥᠷᠨᠢᠭᠦᠯᠬᠦ᠎ᠳᠤ ᠤᠨᠤᠯ᠎ᠤᠨ ᠵᠢᠯᠣᠭᠣᠳᠤᠯᠭ᠎ᠠ ᠬᠠᠩᠭ᠋ᠠᠵᠠᠢ ᠭᠡᠵᠦ ᠢᠯᠡᠷᠬᠡᠢ᠌ᠯᠡᠵᠡᠭᠡᠪᠡ ᠃
ᠬᠥᠬᠡᠬᠣᠲᠠ ᠵᠢᠨ ᠠᠮᠢ ᠠᠬᠤᠢ ᠣᠷᠴᠢᠨ ᠲᠣᠭᠣᠷᠢᠨ᠎ᠤ ᠲᠣᠪᠴᠢᠶ᠎ᠠ ᠵᠢᠨ ᠡᠯ᠎ᠡ ᠰᠠᠯᠠᠭ᠎ᠠ ᠲᠠᠰᠤᠭ᠂ ᠰᠢᠭᠤᠳ ᠬᠠᠷᠢᠶ᠎ᠠ ᠨᠢᠭᠡᠴᠢ᠂ ᠡᠯ᠎ᠡ ᠠᠮᠢ ᠠᠬᠤᠢ ᠣᠷᠴᠢᠨ ᠲᠣᠭᠣᠷᠢᠨ᠎ᠤ ᠬᠤᠪᠢᠶᠠᠷᠢ ᠲᠣᠪᠴᠢᠶ᠎ᠠ᠂ ᠭᠣᠣᠯᠳᠠᠯᠭ᠎ᠠ᠎ᠲᠠᠢ ᠬᠢᠨᠠᠨ ᠬᠠᠮᠢᠶᠠᠷᠬᠤ ᠠᠵᠤ ᠠᠬᠤᠢ᠌ᠯᠠᠯ᠎ᠤᠨ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠬᠠᠷᠢᠭᠤᠴᠠᠯᠭ᠋ᠠᠲᠠᠨ ᠨᠥᠬᠥᠳ ᠪᠣᠯᠪᠠᠰᠤᠷᠠᠯ᠎ᠳᠤ ᠣᠷᠣᠯᠴᠠᠪᠠ ᠃