ᠶᠡᠷᠦᠩᠬᠡᠢ ᠱᠦᠵᠢ ᠰᠢ ᠵᠢᠨ ᠫᠢᠩ᠎ᠤᠨ ᠥᠪᠥᠷ ᠮᠣᠩᠭᠣᠯ᠎ᠳᠤ ᠥᠭᠭᠦᠭᠰᠡᠨ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠰᠠᠶ᠋ᠢᠲᠤᠷ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ ᠨᠠᠮ᠎ᠤᠨ ᠭᠡᠰᠢᠭᠦᠨ ᠺᠠᠳ᠋ᠷᠴᠤᠳ᠎ᠤᠨ ᠦᠨᠡᠨᠴᠢ ᠰᠢᠳᠤᠷᠭᠤ᠎ᠪᠠᠷ ᠬᠠᠮᠠᠭ᠋ᠠᠯᠠᠬᠤ᠂ ᠠᠴᠢ ᠬᠠᠷᠢᠭᠤᠯᠠᠵᠤ ᠡᠷᠡᠯᠬᠡᠭᠯᠡᠨ ᠤᠷᠤᠭᠰᠢᠯᠠᠬᠤ ᠬᠠᠶ᠋ᠢᠷ᠎ᠠ ᠰᠡᠳᠬᠢᠯᠭᠡ ᠵᠢᠨ ᠰᠠᠭᠤᠷᠢ ᠵᠢ ᠭᠦᠨ ᠦᠨᠳᠦᠰᠦᠯᠡᠭᠦᠯᠵᠦ᠂ ᠭᠣᠣᠯ ᠰᠡᠳᠦᠪᠲᠦ ᠬᠥᠮᠦᠵᠢᠯ᠎ᠤᠨ ᠦᠷ᠎ᠡ ᠪᠦᠲᠦᠭᠡᠯ᠎ᠢ ᠪᠠᠲᠤᠳᠬᠠᠨ ᠳᠡᠭᠡᠭᠰᠢᠯᠡᠭᠦᠯᠵᠦ᠂ 《ᠨᠠᠮ᠎ᠤᠨ ᠠᠴᠢ᠎ᠳᠤ ᠲᠠᠯᠠᠷᠬᠠᠵᠤ᠂ ᠨᠠᠮ᠎ᠤᠨ ᠦᠭᠡ ᠵᠢ ᠰᠣᠨᠣᠰᠴᠤ᠂ ᠨᠠᠮ ᠵᠶ᠋ᠠᠨ ᠲᠠᠭ᠋ᠠᠬᠤ》 ᠤᠯᠠᠨ ᠲᠦᠮᠡᠨ᠎ᠤ ᠬᠥᠮᠦᠵᠢᠯ ᠦᠢ᠍ᠯᠡᠳᠦᠯᠭᠡ ᠵᠢᠨ ᠠᠵᠢᠯᠯᠠᠭ᠎ᠠ ᠵᠢ ᠭᠦᠨᠵᠡᠭᠡᠢ᠌ᠷᠡᠭᠦᠯᠦᠨ ᠪᠣᠳᠠᠲᠠᠢ᠌ᠵᠢᠭᠤᠯᠬᠤ ᠵᠢ ᠠᠬᠢᠭᠤᠯᠬᠤ ᠵᠢᠨ ᠲᠥᠯᠥᠭᠡ᠂ 1 ᠰᠠᠷ᠎ᠠ ᠵᠢᠨ 30᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠠᠴᠠ ᠨᠠᠮ᠎ᠤᠨ ᠭᠡᠰᠢᠭᠦᠨ ᠺᠠᠳ᠋ᠷᠴᠤᠳ᠎ᠢ ᠵᠣᠬᠢᠶᠠᠨ ᠪᠠᠢ᠌ᠭᠤᠯᠤᠨ ᠥᠪᠥᠷ ᠮᠣᠩᠭᠣᠯ᠎ᠤᠨ ᠦᠵᠡᠰᠬᠦᠯᠡᠩ᠎ᠤᠨ ᠣᠷᠳᠣᠨ᠎ᠳᠤ 《ᠨᠠᠮ᠎ᠤᠨ ᠠᠴᠢ᠎ᠳᠤ ᠲᠠᠯᠠᠷᠬᠠᠵᠤ᠂ ᠨᠠᠮ᠎ᠤᠨ ᠦᠭᠡ ᠵᠢ ᠰᠣᠨᠣᠰᠴᠤ᠂ ᠨᠠᠮ ᠵᠶ᠋ᠠᠨ ᠲᠠᠭ᠋ᠠᠬᠤ》 ᠭᠣᠣᠯ ᠰᠡᠳᠦᠪᠲᠦ ᠦᠵᠡᠭᠦᠯᠭᠡ ᠵᠢ ᠲᠣᠭᠣᠷᠢᠨ ᠦᠵᠡᠭᠦᠯᠵᠦ᠂ 《ᠨᠠᠮ᠎ᠤᠨ ᠠᠴᠢ᠎ᠳᠤ ᠲᠠᠯᠠᠷᠬᠠᠵᠤ᠂ ᠨᠠᠮ᠎ᠤᠨ ᠦᠭᠡ ᠵᠢ ᠰᠣᠨᠣᠰᠴᠤ᠂ ᠨᠠᠮ ᠵᠶ᠋ᠠᠨ ᠲᠠᠭ᠋ᠠᠬᠤ》 ᠭᠣᠣᠯ ᠰᠡᠳᠦᠪᠲᠦ ᠨᠠᠮ᠎ᠤᠨ ᠡᠳᠦᠷ᠎ᠤᠨ ᠠᠵᠢᠯᠯᠠᠭ᠎ᠠ ᠵᠢ ᠥᠷᠨᠢᠭᠦᠯᠪᠡ᠃
《ᠨᠠᠮ᠎ᠤᠨ ᠠᠴᠢ᠎ᠳᠤ ᠲᠠᠯᠠᠷᠬᠠᠵᠤ᠂ ᠨᠠᠮ᠎ᠤᠨ ᠦᠭᠡ ᠵᠢ ᠰᠣᠨᠣᠰᠴᠤ᠂ ᠨᠠᠮ ᠵᠶ᠋ᠠᠨ ᠲᠠᠭ᠋ᠠᠬᠤ》 ᠭᠡᠬᠦ ᠭᠣᠣᠯ ᠰᠡᠳᠦᠪᠲᠦ ᠦᠵᠡᠭᠦᠯᠭᠡ᠎ᠨᠢ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ᠎ᠪᠠᠷ ᠭᠣᠣᠯ ᠰᠢᠵᠢᠮ ᠪᠣᠯᠭ᠋ᠠᠵᠤ᠂ 《ᠵᠢᠷᠭᠤᠭ᠋ᠠᠨ ᠥᠭᠦᠯᠡᠪᠦᠷᠢ》 ᠵᠢᠨ ᠪᠣᠳᠠᠲᠤ ᠶᠠᠪᠤᠳᠠᠯ ᠪᠠ ᠶᠣᠰᠣ ᠤᠴᠢᠷ ᠵᠶ᠋ᠠᠷ ᠦᠨᠳᠦᠰᠦ ᠪᠣᠯᠭ᠋ᠠᠵᠤ᠂ ᠥᠪᠥᠷ ᠮᠣᠩᠭᠣᠯ᠎ᠤᠨ ᠬᠤᠪᠢᠰᠬᠠᠯ᠂ ᠪᠦᠲᠦᠭᠡᠨ ᠪᠠᠢ᠌ᠭᠤᠯᠤᠯᠲᠠ᠂ ᠥᠭᠡᠷᠡᠴᠢᠯᠡᠯᠲᠡ ᠵᠢᠨ ᠡᠯ᠎ᠡ ᠲᠡᠦᠬᠡᠨ ᠴᠠᠭ ᠦᠶ᠎ᠡ᠎ᠳᠤ ᠬᠡᠴᠢᠨᠡᠨ ᠤᠯᠠᠨ ᠬᠦᠴᠢᠷ ᠪᠡᠷᠬᠡᠰᠢᠶᠡᠯ ᠪᠠ ᠥᠷᠢᠰᠥᠯᠳᠦᠭᠡᠨ᠎ᠳᠤ ᠲᠤᠯᠭ᠋ᠠᠷᠠᠭᠰᠠᠨ ᠴᠤ᠌ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠤ ᠨᠠᠮ᠎ᠳᠠᠭᠠᠨ ᠬᠠᠨᠳᠤᠬᠤ ᠬᠠᠶ᠋ᠢᠷ᠎ᠠ ᠰᠡᠳᠬᠢᠯᠭᠡ ᠪᠠ ᠦᠨᠡᠨᠴᠢ ᠰᠢᠳᠤᠷᠭᠤ ᠵᠢ ᠥᠴᠥᠬᠡᠨ ᠴᠦ᠍ ᠭᠤᠢ᠌ᠪᠢᠯᠵᠠᠭᠤᠯᠵᠤ ᠴᠢᠳᠠᠬᠤ ᠦᠭᠡᠢ ᠭᠡᠳᠡᠭ᠎ᠢ ᠪᠦᠬᠦ ᠲᠠᠯ᠎ᠠ᠎ᠪᠠᠷ ᠳᠡᠯᠭᠡᠨ ᠦᠵᠡᠭᠦᠯᠵᠡᠢ᠃ ᠳᠡᠯᠭᠡᠨ ᠦᠵᠡᠭᠦᠯᠭᠡ ᠵᠢᠨ ᠳᠡᠯᠭᠡᠴᠡ᠎ᠪᠠᠷ ᠤᠯᠠᠨ ᠵᠶ᠋ᠠᠷ ᠵᠶ᠋ᠠᠨ ᠨᠠᠷᠢᠨ ᠬᠢᠨᠠᠮᠠᠭ᠋ᠠᠢ ᠰᠣᠨᠣᠰᠴᠤ᠂ ᠨᠠᠷᠢᠨ ᠬᠢᠨᠠᠮᠠᠭ᠋ᠠᠢ ᠰᠣᠨᠢᠷᠬᠠᠵᠤ᠂ 《ᠵᠢᠷᠭᠤᠭ᠋ᠠᠨ ᠥᠭᠦᠯᠡᠪᠦᠷᠢ》 ᠵᠢᠨ ᠠᠭᠤᠯᠤᠭᠳᠠᠬᠤᠨ ᠪᠠ ᠮᠥᠨ ᠴᠢᠨᠠᠷ᠎ᠢ ᠭᠦᠨᠵᠡᠭᠡᠢ ᠣᠢ᠌ᠯᠠᠭ᠋ᠠᠵᠤ᠂ ᠨᠠᠮ᠎ᠤᠨ ᠲᠥᠪ ᠬᠣᠷᠢᠶ᠎ᠠ᠎ᠠᠴᠠ ᠥᠪᠥᠷ ᠮᠣᠩᠭᠣᠯ᠎ᠤᠨ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠳᠤ ᠬᠠᠨᠳᠤᠭᠤᠯᠤᠭᠰᠠᠨ ᠬᠠᠯᠠᠮᠵᠢᠯᠠᠯ ᠪᠠ ᠭᠦᠨ ᠵᠤᠵᠠᠭ᠋ᠠᠨ ᠬᠠᠶ᠋ᠢᠷ᠎ᠠ ᠬᠠᠯᠠᠮᠵᠢ ᠵᠢ ᠭᠦᠨᠵᠡᠭᠡᠢ ᠣᠢ᠌ᠯᠠᠭ᠋ᠠᠵᠤ᠂ ᠥᠪᠥᠷ ᠮᠣᠩᠭᠣᠯ᠎ᠤᠨ ᠮᠠᠨ᠎ᠤ ᠤᠯᠤᠰ᠎ᠤᠨ ᠤᠮᠠᠷᠠᠲᠤ ᠵᠢᠨ ᠴᠢᠬᠤᠯᠠ ᠠᠮᠢ ᠠᠬᠤᠢ ᠵᠢᠨ ᠠᠮᠤᠷ ᠲᠦᠪᠰᠢᠨ᠎ᠤ ᠬᠠᠯᠬᠠᠪᠴᠢ ᠵᠢ ᠪᠡᠬᠢᠵᠢᠭᠦᠯᠵᠦ ᠪᠠᠢ᠌ᠭ᠎ᠠ ᠴᠢᠬᠤᠯᠠ ᠪᠠᠢ᠌ᠯᠳᠤᠬᠤ ᠪᠣᠳᠣᠯᠭ᠎ᠠ ᠵᠢᠨ ᠪᠠᠶ᠋ᠢᠷᠢ ᠲᠣᠭᠲᠠᠭ᠋ᠠᠯᠲᠠ ᠵᠢ ᠭᠦᠨᠵᠡᠭᠡᠢ ᠲᠠᠨᠢᠪᠠ᠃
ᠨᠠᠮ᠎ᠤᠨ ᠭᠡᠰᠢᠭᠦᠨ ᠺᠠᠳ᠋ᠷᠴᠤᠳ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ᠎ᠪᠠᠷ ᠭᠣᠣᠯ ᠰᠢᠵᠢᠮ ᠪᠣᠯᠭ᠋ᠠᠵᠤ᠂ ᠲᠤᠬᠠᠢ᠌ᠯᠠᠭᠰᠠᠨ ᠠᠵᠢᠯ᠎ᠳᠠᠭᠠᠨ ᠰᠠᠭᠤᠷᠢᠯᠠᠵᠤ᠂ ᠡᠭᠦᠷᠭᠡ ᠬᠠᠷᠢᠭᠤᠴᠠᠯᠭ᠎ᠠ᠎ᠪᠠᠨ ᠡᠭᠦᠷᠭᠡᠯᠡᠬᠦ᠎ᠪᠠᠨ ᠴᠢᠩᠭ᠋ᠠᠳᠬᠠᠵᠤ᠂ ᠮᠣᠩᠭᠣᠯ ᠮᠣᠷᠢᠨ᠎ᠤ ᠵᠣᠷᠢᠭ ᠰᠠᠨᠠᠭ᠎ᠠ ᠪᠣᠯᠣᠨ《ᠤᠮᠠᠷᠠᠲᠤ ᠵᠢᠨ ᠭᠤᠷᠪᠠᠨ ᠣᠷᠣᠨ᠎ᠤ ᠵᠣᠷᠢᠭ ᠰᠠᠨᠠᠭ᠎ᠠ》 ᠵᠢ ᠶᠡᠬᠡᠪᠡᠷ ᠪᠠᠳᠠᠷᠠᠭᠤᠯᠵᠤ᠂ ᠠᠴᠢᠯᠠᠯᠲᠤ ᠰᠡᠳᠬᠢᠯ ᠪᠣᠯᠣᠨ ᠡᠷᠡᠯᠬᠡᠭᠯᠡᠨ ᠤᠷᠤᠭᠰᠢᠯᠠᠬᠤ ᠵᠣᠷᠢᠭ ᠵᠶ᠋ᠠᠷ ᠶᠡᠷᠦᠩᠬᠡᠢ ᠱᠦᠵᠢ ᠰᠢ ᠵᠢᠨ ᠫᠢᠩ᠎ᠤᠨ ᠥᠪᠥᠷ ᠮᠣᠩᠭᠣᠯ᠎ᠳᠤ ᠲᠤᠰᠢᠶᠠᠭᠰᠠᠨ 《ᠲᠠᠪᠤᠨ ᠶᠡᠬᠡ ᠡᠭᠦᠷᠭᠡ》 ᠪᠣᠯᠣᠨ 《ᠵᠢᠱ᠌ᠢᠶᠡᠴᠢ ᠥᠪᠡᠷᠲᠡᠭᠡᠨ ᠵᠠᠰᠠᠬᠤ ᠣᠷᠣᠨ》᠎ᠢ ᠪᠦᠬᠦ ᠲᠠᠯ᠎ᠠ᠎ᠪᠠᠷ ᠪᠦᠲᠦᠭᠡᠨ ᠪᠠᠢ᠌ᠭᠤᠯᠬᠤ ᠬᠣᠶᠠᠷ ᠶᠡᠬᠡ ᠶᠠᠪᠤᠳᠠᠯ᠎ᠢ ᠪᠦᠬᠦ ᠲᠠᠯ᠎ᠠ᠎ᠪᠠᠷ ᠨᠠᠢ᠌ᠳᠠᠪᠤᠷᠢᠵᠢᠭᠤᠯᠵᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠭᠰᠠᠨ ᠥᠪᠥᠷ ᠮᠣᠩᠭᠣᠯ᠎ᠤᠨ ᠰᠢᠨ᠎ᠡ ᠬᠠᠭᠤᠳᠠᠰᠤ ᠵᠢ ᠴᠢᠷᠮᠠᠢ᠌ᠨ ᠪᠢᠴᠢᠭᠯᠡᠬᠦ᠎ᠳᠤ ᠠᠮᠢ ᠠᠬᠤᠢ ᠣᠷᠴᠢᠨ ᠲᠣᠭᠣᠷᠢᠨ᠎ᠤ ᠬᠦᠴᠦᠨ ᠴᠢᠳᠠᠯ ᠵᠶ᠋ᠠᠨ ᠨᠡᠮᠡᠷᠢᠯᠡᠨ᠎ᠡ ᠭᠡᠵᠦ ᠢᠯᠡᠳᠬᠡᠪᠡ᠃