ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠠᠮᠢ ᠠᠬᠤᠢ᠎ᠶᠢᠨ ᠬᠠᠮᠠᠭᠠᠯᠠᠯᠲᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ
ᠪᠣᠬᠢᠷᠳᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ
ᠢᠯᠡ ᠵᠠᠰᠠᠭ   -   ᠠᠵᠢᠯᠲᠠᠨ᠎ᠤ ᠶᠠᠪᠣᠳᠠᠯ᠎ᠢ ᠵᠣᠬᠢᠶᠠᠨ ᠪᠠᠶ᠋ᠢᠭᠤᠯᠬᠤ
ᠪᠠᠢ᠌ᠭᠤᠯᠭ᠎ᠠ ᠵᠢᠨ ᠨᠠᠮ᠎ᠤᠨ ᠬᠣᠷᠢᠶᠠᠨ᠎ᠤ ᠨᠠᠮ᠎ᠤᠨ ᠡᠭᠦᠷ ᠨᠠᠮ᠎ᠤᠨ ᠭᠡᠰᠢᠭᠦᠨ᠎ᠤ ᠬᠤᠷᠠᠯ ᠬᠢᠪᠡ
ᠨᠡᠶ᠋ᠢᠲᠡᠯᠡᠭᠰᠡᠨ ᠴᠠᠭ᠄ 2024-03-05

      2 ᠰᠠᠷ᠎ᠠ ᠵᠢᠨ 19᠎ᠤ ᠡᠳᠦᠷ᠂ ᠲᠢᠩᠬᠢᠮ᠎ᠤᠨ ᠪᠠᠢ᠌ᠭᠤᠯᠤᠯᠭ᠎ᠠ ᠵᠢᠨ ᠨᠠᠮ᠎ᠤᠨ ᠬᠣᠷᠢᠶᠠᠨ᠎ᠤ ᠨᠠᠮ᠎ᠤᠨ ᠡᠭᠦᠷ ᠨᠠᠮ᠎ᠤᠨ ᠭᠡᠰᠢᠭᠦᠨ᠎ᠤ ᠬᠤᠷᠠᠯ ᠬᠢᠪᠡ᠃ ᠶᠡᠷᠦᠩᠬᠡᠢ ᠱᠦᠵᠢ ᠰᠢ ᠵᠢᠨ ᠫᠢᠩ᠎ᠤᠨ ᠲᠥᠪ ᠬᠣᠷᠢᠶᠠᠨ᠎ᠤ ᠤᠯᠤᠰ ᠲᠥᠷᠥ ᠵᠢᠨ ᠲᠣᠪᠴᠢᠶᠠᠨ᠎ᠤ ᠬᠤᠷᠠᠯ ᠪᠣᠯᠣᠨ ᠲᠥᠪ ᠬᠣᠷᠢᠶᠠᠨ᠎ᠤ ᠤᠯᠤᠰ ᠲᠥᠷᠥ ᠵᠢᠨ ᠲᠣᠪᠴᠢᠶᠠᠨ᠎ᠤ ᠠᠷᠪᠠᠨ ᠨᠢᠭᠡᠳᠦᠭᠡᠷ ᠤᠳᠠᠭ᠋ᠠᠨ᠎ᠤ ᠬᠠᠮᠲᠤ ᠵᠢᠨ ᠰᠤᠷᠤᠯᠴᠠᠯᠭ᠎ᠠ ᠳᠡᠭᠡᠷ᠎ᠡ ᠲᠠᠯᠪᠢᠭᠰᠠᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠵᠢ ᠤᠯᠠᠮᠵᠢᠯᠠᠨ ᠰᠤᠷᠤᠯᠴᠠᠵᠤ᠂ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢ᠌ᠭᠡᠮ ᠵᠢᠷᠤᠮ᠎ᠤᠨ ᠦᠵᠡᠯ ᠰᠠᠨᠠᠭ᠋ᠠᠨ᠎ᠤ ᠭᠣᠣᠯ ᠰᠡᠳᠦᠪᠲᠦ ᠬᠥᠮᠦᠵᠢᠯ᠎ᠤᠨ ᠳ᠋ᠦᠩᠨᠡᠯᠲᠡ ᠵᠢᠨ ᠬᠤᠷᠠᠯ᠎ᠤᠨ ᠵᠣᠷᠢᠭ ᠰᠠᠨᠠᠭ᠎ᠠ ᠪᠣᠯᠣᠨ ᠲᠥᠷᠥ ᠵᠢᠨ ᠶᠠᠪᠤᠳᠠᠯ᠎ᠤᠨ ᠬᠣᠷᠢᠶᠠᠨ᠎ᠤ ᠬᠣᠶᠠᠳᠤᠭ᠋ᠠᠷ ᠤᠳᠠᠭ᠎ᠠ ᠵᠢᠨ ᠠᠷᠢᠭᠤᠨ ᠴᠢᠬᠡᠴᠢ᠎ᠪᠠᠷ ᠵᠠᠰᠠᠭ ᠪᠠᠷᠢᠬᠤ ᠠᠵᠢᠯ᠎ᠤᠨ ᠬᠤᠷᠠᠯ᠎ᠤᠨ ᠵᠣᠷᠢᠭ ᠰᠠᠨᠠᠭ᠎ᠠ ᠵᠢ ᠰᠤᠷᠤᠯᠴᠠᠨ ᠲᠤᠭᠤᠰᠢᠯᠠᠭᠤᠯᠵᠤ᠂ ᠶᠡᠷᠦᠩᠬᠡᠢ ᠱᠦᠵᠢ ᠰᠢ ᠵᠢᠨ ᠫᠢᠩ᠎ᠤᠨ 《ᠦᠨᠡᠨ》 ᠰᠡᠳᠬᠦᠯ ᠳᠡᠭᠡᠷ᠎ᠡ ᠨᠡᠢ᠌ᠲᠡᠯᠡᠭᠰᠡᠨ ᠴᠢᠬᠤᠯᠠ ᠵᠣᠬᠢᠶᠠᠯ ᠵᠡᠷᠭᠡ ᠵᠢ ᠤᠯᠠᠮᠵᠢᠯᠠᠨ ᠰᠤᠷᠤᠯᠴᠠᠵᠠᠢ᠂ ᠬᠤᠷᠠᠯ᠎ᠠᠴᠠ ᠪᠠᠰᠠ ᠵᠢᠷᠭᠤᠳᠤᠭ᠋ᠠᠷ ᠤᠳᠠᠭ᠎ᠠ ᠵᠢᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠬᠤᠷᠠᠯ᠎ᠤᠨ ᠵᠣᠷᠢᠭ ᠰᠠᠨᠠᠭ᠎ᠠ ᠵᠢ ᠤᠯᠠᠮᠵᠢᠯᠠᠵᠤ᠂ ᠲᠭᠤᠰᠢᠯᠠᠭᠤᠯᠤᠨ ᠨᠠᠢ᠌ᠳᠠᠪᠤᠷᠢᠵᠢᠭᠤᠯᠬᠤ ᠠᠵᠢᠯ᠎ᠢ ᠨᠠᠷᠢᠨ ᠬᠢᠨᠠᠮᠠᠭ᠋ᠠᠢ ᠰᠤᠳᠤᠯᠵᠠᠢ᠃

      ᠬᠤᠷᠠᠯ᠎ᠠᠴᠠ᠂ ᠪᠠᠢ᠌ᠭᠤᠯᠭ᠎ᠠ ᠵᠢᠨ ᠨᠠᠮ᠎ᠤᠨ ᠪᠠᠢ᠌ᠭᠤᠯᠤᠯᠲᠠ ᠵᠢᠨ ᠴᠢᠨᠠᠷ ᠰᠠᠢ᠌ᠲᠠᠢ ᠬᠥᠭᠵᠢᠯᠲᠡ ᠵᠢ ᠠᠬᠢᠭᠤᠯᠬᠤ᠎ᠪᠠᠷ ᠭᠣᠣᠯ ᠰᠡᠳᠦᠪ ᠪᠣᠯᠭ᠋ᠠᠵᠤ᠂ ᠨᠠᠮ᠎ᠤᠨ ᠤᠯᠤᠰ ᠲᠥᠷᠥ ᠵᠢᠨ ᠪᠠᠢ᠌ᠭᠤᠯᠤᠯᠲᠠ᠎ᠪᠠᠷ ᠨᠢᠭᠡᠳᠦᠯᠲᠡᠢ ᠵᠢᠯᠣᠭᠣᠳᠤᠯᠭ᠎ᠠ ᠪᠣᠯᠭ᠋ᠠᠵᠤ᠂ ᠪᠠᠢ᠌ᠭᠤᠯᠤᠯᠭ᠎ᠠ ᠵᠢᠨ ᠨᠠᠮ᠎ᠤᠨ ᠪᠠᠢ᠌ᠭᠤᠯᠤᠯᠲᠠ ᠵᠢᠨ ᠠᠵᠢᠯ᠎ᠤᠨ ᠬᠠᠷᠢᠭᠤᠴᠠᠯᠭ᠎ᠠ ᠵᠢᠨ ᠳᠦᠷᠢᠮ᠎ᠢ ᠨᠠᠢ᠌ᠳᠠᠪᠤᠷᠢᠵᠢᠭᠤᠯᠬᠤ᠎ᠪᠠᠷ ᠬᠥᠲᠥᠯᠥᠮᠵᠢ ᠪᠣᠯᠭ᠋ᠠᠵᠤ᠂ 《ᠨᠠᠮ᠎ᠤᠨ ᠠᠴᠢ᠎ᠳᠤ ᠲᠠᠯᠠᠷᠬᠠᠵᠤ᠂ ᠨᠠᠮ᠎ᠤᠨ ᠦᠭᠡ ᠵᠢ ᠰᠣᠨᠣᠰᠴᠤ᠂ ᠨᠠᠮ ᠵᠶ᠋ᠠᠨ ᠲᠠᠭ᠋ᠠᠬᠤ》 ᠤᠯᠠᠨ ᠲᠦᠮᠡᠨ᠎ᠤ ᠬᠥᠮᠦᠵᠢᠯ ᠦᠢ᠍ᠯᠡᠳᠦᠯᠭᠡ ᠵᠢᠨ ᠠᠵᠢᠯᠯᠠᠭ᠎ᠠ ᠵᠢ ᠭᠦᠨᠵᠡᠭᠡᠢ᠌ᠷᠡᠭᠦᠯᠦᠨ ᠪᠣᠳᠠᠲᠠᠢ᠌ᠵᠢᠭᠤᠯᠬᠤ ᠵᠢ ᠠᠬᠢᠭᠤᠯᠵᠤ᠂ ᠪᠠᠢ᠌ᠭᠤᠯᠭ᠎ᠠ ᠵᠢᠨ ᠨᠠᠮ᠎ᠤᠨ ᠪᠠᠢ᠌ᠭᠤᠯᠤᠯᠲᠠ ᠵᠢᠨ ᠶᠠᠰᠤ ᠴᠢᠨᠠᠷ᠎ᠢ ᠪᠦᠬᠦ ᠲᠠᠯ᠎ᠠ᠎ᠪᠠᠷ ᠳᠡᠭᠡᠭᠰᠢᠯᠡᠭᠦᠯᠵᠦ ᠦᠷ᠎ᠡ ᠠᠰᠢᠭ᠎ᠢ ᠨᠡᠮᠡᠭᠳᠡᠭᠦᠯᠬᠦ ᠵᠢ ᠴᠢᠨᠠᠭᠰᠢᠳᠠ ᠠᠬᠢᠭᠤᠯᠬᠤ ᠬᠡᠷᠡᠭᠲᠡᠢ᠃ ᠨᠠᠮ᠎ᠤᠨ ᠪᠠᠢ᠌ᠭᠤᠯᠤᠯᠲᠠ ᠵᠢᠨ ᠬᠥᠲᠥᠯᠥᠨ ᠳᠠᠭ᠋ᠠᠭᠤᠯᠬᠤ ᠦᠢ᠍ᠯᠡᠳᠦᠯ᠎ᠢ ᠭᠦᠢ᠍ᠴᠡᠳ ᠪᠠᠳᠠᠷᠠᠭᠤᠯᠵᠤ᠂ ᠵᠠᠮ ᠨᠡᠭᠡᠭᠡᠨ ᠰᠢᠨ᠎ᠡ ᠵᠢ ᠡᠭᠦᠳᠴᠦ᠂ 《ᠵᠢᠷᠭᠤᠭ᠎ᠠ ᠵᠢ ᠨᠢᠭᠡᠳᠦᠯᠲᠡᠢ ᠲᠥᠯᠥᠪᠵᠢᠭᠦᠯᠬᠦ》 ᠵᠢ ᠨᠠᠢ᠌ᠳᠠᠪᠤᠷᠢᠵᠢᠭᠤᠯᠬᠤ ᠵᠢ ᠠᠬᠢᠭᠤᠯᠵᠤ᠂ ᠶᠡᠷᠦᠩᠬᠡᠢ ᠱᠦᠵᠢ ᠰᠢ ᠵᠢᠨ ᠫᠢᠩ᠎ᠤᠨ ᠥᠪᠥᠷ ᠮᠣᠩᠭᠣᠯ᠎ᠳᠤ ᠲᠤᠰᠢᠶᠠᠭᠰᠠᠨ ᠬᠣᠶᠠᠷ ᠶᠡᠬᠡ ᠶᠠᠪᠤᠳᠠᠯ᠎ᠢ ᠰᠠᠶ᠋ᠢᠲᠤᠷ ᠪᠡᠶᠡᠯᠡᠭᠦᠯᠬᠦ᠎ᠳᠤ ᠪᠠᠲᠤ ᠴᠢᠩᠭ᠎ᠠ ᠵᠣᠬᠢᠶᠠᠨ ᠪᠠᠢ᠌ᠭᠤᠯᠤᠯᠲᠠ ᠵᠢᠨ ᠪᠠᠲᠤᠯᠠᠭ᠎ᠠ ᠬᠠᠩᠭ᠋ᠠᠬᠤ ᠬᠡᠷᠡᠭᠲᠡᠢ ᠭᠡᠵᠦ ᠱᠠᠭ᠋ᠠᠷᠳᠠᠪᠠ᠃ ᠬᠤᠷᠠᠯ᠎ᠠᠴᠠ᠂ ᠣᠢ᠌ᠷ᠎ᠠ ᠵᠢᠨ ᠬᠤᠭᠤᠴᠠᠭ᠋ᠠᠨ᠎ᠳᠤ ᠡᠯ᠎ᠡ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠢ᠌ᠭᠤᠯᠤᠯᠲᠠ ᠵᠢᠨ 2023 ᠣᠨ᠎ᠤ ᠪᠦᠬᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠵᠢ ᠬᠢᠨᠠᠨ ᠰᠢᠯᠭ᠋ᠠᠬᠤ᠂ ᠪᠠᠲᠤ ᠴᠢᠩᠭ᠎ᠠ ᠪᠡᠬᠢᠯᠡᠯᠲᠡ ᠵᠢᠨ 《ᠵᠢᠱ᠌ᠢᠶᠡᠴᠢ》 ᠨᠠᠮ᠎ᠤᠨ ᠡᠭᠦᠷ᠎ᠢ ᠡᠭᠦᠳᠦᠨ ᠪᠠᠢ᠌ᠭᠤᠯᠬᠤ ᠵᠢ ᠦᠨᠡᠯᠡᠨ ᠲᠣᠭᠲᠠᠭ᠋ᠠᠬᠤ ᠵᠡᠷᠭᠡ ᠠᠵᠢᠯ᠎ᠢ ᠭᠣᠣᠯᠳᠠᠯᠭ᠎ᠠ᠎ᠲᠠᠢ ᠰᠠᠶ᠋ᠢᠲᠤᠷ ᠬᠢᠬᠦ ᠬᠡᠷᠡᠭᠳᠡᠢ᠃ ᠰᠤᠷᠲᠠᠯ᠎ᠢ ᠲᠥᠪ ᠪᠣᠯᠭ᠋ᠠᠨ ᠰᠠᠬᠢᠯᠭ᠎ᠠ ᠪᠠᠲᠤ ᠵᠢ ᠴᠢᠩᠳᠠᠯᠠᠬᠤ ᠵᠢ ᠴᠢᠩᠭ᠋ᠠᠳᠬᠠᠬᠤ ᠲᠠᠯ᠎ᠠ᠎ᠪᠠᠷ ᠦᠷᠭᠦᠯᠵᠢᠯᠡᠨ ᠬᠦᠴᠦᠯᠡᠵᠦ᠂ 《ᠭᠤᠷᠪᠠ ᠵᠢ ᠳᠤᠷᠠᠳᠬᠤ》 ᠲᠤᠰᠬᠠᠢ ᠠᠵᠢᠯᠯᠠᠭ᠎ᠠ ᠵᠢ ᠭᠦᠨᠵᠡᠭᠡᠢ᠌ᠷᠡᠭᠦᠯᠵᠦ᠂ 《ᠤᠳᠠᠭ᠋ᠠᠨ᠂ ᠪᠦᠳᠦᠭᠦᠯᠢᠭ᠂ ᠬᠡᠢ᠌ᠰᠪᠦᠷᠢ》 ᠪᠠᠶ᠋ᠢᠬᠤ ᠵᠢ ᠬᠣᠷᠢᠭᠯᠠᠵᠤ᠂ ᠠᠵᠢᠯ ᠨᠢᠭᠡᠪᠦᠷᠢ ᠵᠢ ᠨᠠᠷᠢᠨ ᠨᠢᠮᠪᠠᠢ᠂ ᠥᠨᠳᠥᠷ ᠪᠦᠲᠦᠮᠵᠢᠲᠡᠢ ᠰᠠᠶ᠋ᠢᠲᠤᠷ ᠬᠢᠬᠦ ᠬᠡᠷᠡᠭᠲᠡᠢ ᠭᠡᠵᠦ ᠲᠣᠳᠣᠷᠬᠠᠢ᠌ᠯᠠᠪᠠ᠃


ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠮᠢ ᠠᠬᠤᠢ ᠤᠷᠴᠢᠨ ᠲᠤᠭᠤᠷᠢᠨ᠎ᠤ ᠲᠢᠩᠬᠢᠮ
          
ᠬᠠᠮᠢᠶ᠎ᠡ ᠪᠦᠬᠦᠢ ᠰᠣᠨᠢᠨ
《ᠨᠠᠮ᠎ᠤᠨ ᠠᠴᠢ᠎ᠳᠤ ᠲᠠᠯᠠᠷᠬᠠᠵᠤ ᠨᠠᠮ᠎ᠤᠨ ᠦᠭᠡ ᠵᠢ ᠰᠣᠨᠣᠰᠴᠤ ᠨᠠᠮ ᠵᠶ᠋ᠠᠨ ᠲᠠᠭ᠋ᠠᠬᠤ》 — ᠪᠣᠬᠢᠷᠲᠤᠯ ᠦᠭᠡᠢ ᠬᠥᠭᠵᠢᠭᠦᠯᠬᠦ ᠡᠭᠦᠷᠭᠡ ᠵᠢ ᠠᠷᠢᠭᠤᠨ ᠴᠢᠬᠡᠴᠢ᠎ᠪᠠᠷ ᠡᠭᠦᠷᠭᠡᠯᠡᠵᠦ ᠦᠵᠡᠰᠬᠦᠯᠡᠩᠲᠦ ᠰᠠᠢ᠌ᠬᠠᠨ ᠥᠪᠥᠷ ᠮᠣᠩᠭᠣᠯ ᠵᠶ᠋ᠠᠨ ᠬᠠᠮᠲᠤᠪᠠᠷ ᠴᠣᠭᠴᠠᠯᠠᠶ᠎ᠠ
ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ ᠨᠠᠮ᠎ᠤᠨ ᠤᠳᠤᠷᠢᠳᠬᠤ ᠳᠤᠭᠤᠢ᠌ᠯᠠᠩ᠎ᠤᠨ ᠬᠤᠷᠠᠯ ᠬᠤᠷᠠᠯᠳᠤᠭᠤᠯᠵᠤ ᠨᠠᠮ᠎ᠤᠨ ᠰᠠᠬᠢᠯᠭ᠎ᠠ ᠪᠠᠲᠤ ᠵᠢᠨ ᠰᠤᠷᠤᠯᠴᠠᠯᠭ᠎ᠠ ᠬᠥᠮᠦᠵᠢᠯ᠎ᠤᠨ ᠠᠵᠢᠯ᠎ᠢ ᠲᠣᠬᠢᠷᠠᠭᠤᠯᠤᠨ ᠪᠠᠢ᠌ᠷᠢᠯᠠᠭᠤᠯᠪᠠ
ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ ᠠᠵᠢᠯ᠎ᠠᠴᠠ᠎ᠪᠠᠨ ᠳᠠᠷᠬᠠᠯᠠᠭᠳᠠᠭᠰᠠᠨ ᠠᠵᠢᠯ᠎ᠠᠴᠠ᠎ᠪᠠᠨ ᠠᠮᠠᠷᠠᠭᠰᠠᠨ ᠺᠠᠳᠠᠷᠴᠤᠳ᠎ᠢ ᠵᠣᠬᠢᠶᠠᠨ ᠪᠠᠢ᠌ᠭᠤᠯᠵᠤ ᠫᠢᠩᠫᠠᠩ ᠪᠥᠮᠪᠥᠭᠡ ᠵᠢᠨ ᠰᠣᠯᠢᠯᠴᠠᠭ᠋ᠠᠨ᠎ᠤ ᠠᠵᠢᠯᠯᠠᠭ᠎ᠠ᠎ᠳᠤ ᠣᠷᠣᠯᠴᠠᠭᠤᠯᠪᠠ
ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ 2024 ᠣᠨ᠎ᠤ ᠠᠩᠬᠠᠳᠤᠭ᠋ᠠᠷ ᠬᠤᠭᠤᠴᠠᠭ᠋ᠠᠨ᠎ᠤ ᠠᠮᠢ ᠠᠬᠤᠢ ᠵᠢᠨ ᠪᠣᠯᠪᠠᠰᠤᠨ᠎ᠤ ᠪᠠᠢ᠌ᠭᠤᠯᠤᠯᠲᠠ ᠵᠢᠨ ᠵᠢᠱ᠌ᠢᠶ᠎ᠡ ᠦᠵᠡᠭᠦᠯᠬᠦ ᠲᠣᠭᠣᠷᠢᠭ ᠪᠣᠯᠣᠨ 《ᠬᠥᠬᠡᠮᠳᠦᠭ ᠨᠣᠭᠣᠭ᠋ᠠᠨ ᠠᠭᠤᠯᠠ ᠤᠰᠤ ᠪᠣᠯ ᠠᠯᠳᠠᠨ ᠠᠭᠤᠯᠠ ᠮᠥᠩᠭᠥᠨ ᠠᠭᠤᠯᠠ》 ᠭᠡᠬᠦ ᠦᠢ᠍ᠯᠡᠳᠦᠯᠭᠡ ᠵᠢᠨ ᠰᠢᠨ᠎ᠡ ᠵᠢ ᠡᠭᠦᠳᠬᠦ ᠰᠠᠭᠤᠷᠢᠨ᠎ᠤ ᠪᠣᠯᠪᠠᠰᠤᠷᠠᠯ᠎ᠤᠨ ᠠᠩᠭᠢ ᠵᠢ ᠡᠷᠬᠢᠯᠡᠪᠡ
ᠵᠢᠩᠭ᠋ᠠᠩᠱ᠌ᠠᠨ᠎ᠤ ᠵᠣᠷᠢᠭ ᠰᠠᠨᠠᠭ᠎ᠠ ᠵᠢ ᠪᠠᠳᠠᠷᠠᠭᠤᠯᠵᠤ ᠬᠤᠪᠢᠰᠬᠠᠯᠲᠤ ᠤᠳᠤᠮᠰᠢᠯ᠎ᠢ ᠦᠷᠭᠦᠯᠵᠢᠯᠡᠭᠦᠯᠦᠨ᠎ᠡ — ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠢ᠌ᠭᠤᠯᠤᠯᠲᠠ ᠵᠢᠨ ᠱᠦᠵᠢ ᠪᠣᠯᠣᠨ ᠨᠠᠮ᠎ᠤᠨ ᠠᠵᠢᠯ᠎ᠤᠨ ᠠᠵᠢᠯᠲᠠᠳ᠎ᠤᠨ ᠶᠡᠷᠦᠩᠬᠡᠢ᠌ᠯᠡᠭᠰᠡᠨ ᠬᠡᠪ ᠴᠢᠳᠠᠪᠤᠷᠢ ᠵᠢ ᠳᠡᠭᠡᠭᠰᠢᠯᠡᠭᠦᠯᠬᠦ ᠪᠣᠯᠪᠠᠰᠤᠷᠠᠯ᠎ᠤᠨ ᠠᠩᠭᠢ ᠵᠢ ᠡᠷᠬᠢᠯᠡᠪᠡ
 
             蒙ICP备05000248号