3 ᠰᠠᠷ᠎ᠠ ᠵᠢᠨ 21᠎ᠤ ᠡᠳᠦᠷ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠠᠬᠢᠯᠭ᠎ᠠ ᠪᠠᠲᠤ ᠪᠠᠢ᠌ᠴᠠᠭ᠋ᠠᠬᠤ ᠬᠣᠷᠢᠶ᠎ᠠ ᠬᠢᠨᠠᠨ ᠪᠠᠢ᠌ᠴᠠᠭ᠋ᠠᠬᠤ ᠵᠥᠪᠯᠡᠯ᠎ᠤᠨ ᠬᠣᠶᠠᠳᠤᠭ᠋ᠠᠷ ᠬᠢᠨᠠᠯᠲᠠ ᠲᠠᠯᠪᠢᠵᠤ ᠪᠠᠢ᠌ᠴᠠᠭ᠋ᠠᠬᠤ ᠲᠠᠰᠤᠭ᠎ᠤᠨ ᠨᠠᠮ᠎ᠤᠨ ᠡᠭᠦᠷ᠂ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠳᠤ ᠰᠠᠭᠤᠭ᠎ᠠ ᠰᠠᠬᠢᠯᠭ᠎ᠠ ᠪᠠᠲᠤ ᠪᠠᠢ᠌ᠴᠠᠭ᠋ᠠᠬᠤ ᠬᠢᠨᠠᠨ ᠪᠠᠢ᠌ᠴᠠᠭ᠋ᠠᠬᠤ ᠳᠤᠭᠤᠢ᠌ᠯᠠᠩ᠎ᠤᠨ ᠨᠠᠮ᠎ᠤᠨ ᠡᠭᠦᠷ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠷᠴᠢᠨ ᠲᠣᠭᠣᠷᠢᠨ᠎ᠤ ᠬᠢᠨᠠᠨ ᠬᠡᠮᠵᠢᠯᠲᠡ ᠵᠢᠨ ᠶᠡᠷᠦᠩᠬᠡᠢ ᠥᠷᠲᠡᠭᠡ ᠵᠢᠨ ᠨᠠᠮ᠎ᠤᠨ ᠬᠣᠷᠢᠶ᠎ᠠ ᠬᠠᠮᠲᠤᠷᠠᠨ 《ᠨᠠᠮ᠎ᠤᠨ ᠠᠴᠢ᠎ᠳᠤ ᠲᠠᠯᠠᠷᠬᠠᠵᠤ᠂ ᠨᠠᠮ᠎ᠤᠨ ᠦᠭᠡ ᠵᠢ ᠰᠣᠨᠣᠰᠴᠤ᠂ ᠨᠠᠮ ᠵᠶ᠋ᠠᠨ ᠲᠠᠭ᠋ᠠᠬᠤ》 — ᠪᠣᠬᠢᠷᠲᠤᠯ ᠦᠭᠡᠢ ᠬᠥᠭᠵᠢᠭᠦᠯᠬᠦ ᠡᠭᠦᠷᠭᠡ ᠬᠠᠷᠢᠭᠤᠴᠠᠯᠭ᠎ᠠ᠂ ᠠᠷᠢᠭᠤᠨ ᠴᠢᠬᠡᠴᠢ᠎ᠪᠠᠷ ᠬᠠᠷᠢᠭᠤᠴᠠᠯᠭ᠎ᠠ ᠡᠭᠦᠷᠭᠡᠯᠡᠬᠦ᠂ ᠦᠵᠡᠰᠬᠦᠯᠡᠩᠲᠦ ᠰᠠᠢ᠌ᠬᠠᠨ ᠥᠪᠥᠷ ᠮᠣᠩᠭᠣᠯ᠎ᠢ ᠬᠠᠮᠲᠤ᠎ᠪᠠᠷ ᠴᠣᠭᠴᠠᠯᠠᠬᠤ ᠭᠣᠣᠯ ᠰᠡᠳᠦᠪᠲᠦ ᠨᠠᠮ᠎ᠤᠨ ᠡᠳᠦᠷ᠎ᠤᠨ ᠠᠵᠢᠯᠯᠠᠭ᠎ᠠ ᠵᠢ ᠥᠷᠨᠢᠭᠦᠯᠵᠦ᠂ ᠪᠥᠬᠥ ᠨᠠᠮ᠎ᠤᠨ ᠭᠡᠰᠢᠭᠦᠨ ᠺᠠᠳ᠋ᠷᠴᠤᠳ ᠣᠷᠣᠯᠴᠠᠵᠠᠢ᠃
ᠪᠥᠬᠥ ᠨᠠᠮ᠎ᠤᠨ ᠭᠡᠰᠢᠭᠦᠨ ᠺᠠᠳ᠋ᠷᠴᠤᠳ ᠥᠪᠥᠷ ᠮᠣᠩᠭᠣᠯ᠎ᠤᠨ ᠠᠵᠢᠯ᠎ᠤᠨ ᠲᠤᠬᠠᠢ ᠶᠡᠷᠦᠩᠬᠡᠢ ᠱᠦᠵᠢ ᠵᠢᠨ ᠴᠢᠬᠤᠯᠠ ᠶᠠᠷᠢᠶ᠎ᠠ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠬᠠᠮᠲᠤ᠎ᠪᠠᠷ ᠰᠤᠷᠤᠯᠴᠠᠵᠤ᠂ 《2023 ᠣᠨ᠎ᠤ ᠪᠥᠬᠥ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠶᠠᠰᠤ ᠴᠢᠨᠠᠷ᠎ᠤᠨ ᠵᠠᠳᠠᠯᠤᠯᠲᠠ》 ᠵᠢᠨ ᠬᠠᠷᠢᠭᠤ ᠮᠡᠳᠡᠭᠦᠯᠦᠯᠲᠡ ᠵᠢ ᠰᠣᠨᠣᠰᠴᠤ᠂ ᠠᠮᠢ ᠠᠬᠤᠢ ᠣᠷᠴᠢᠨ ᠲᠣᠭᠣᠷᠢᠨ᠎ᠤ ᠬᠢᠨᠠᠨ ᠬᠡᠮᠵᠢᠯᠲᠡ ᠵᠢᠨ ᠬᠦᠷᠢᠶᠡᠨ᠎ᠳᠠᠬᠢ ᠬᠠᠮᠤᠭ᠎ᠤᠨ ᠰᠢᠨ᠎ᠡ ᠲᠥᠷᠥ ᠵᠢᠨ ᠪᠣᠳᠣᠯᠭ᠎ᠠ ᠵᠢᠴᠢ ᠮᠠᠨ᠎ᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠣᠳᠣᠬᠢ ᠪᠠᠶ᠋ᠢᠳᠠᠯ᠎ᠢ ᠣᠢ᠌ᠯᠠᠭ᠋ᠠᠬᠤ ᠵᠢᠨ ᠬᠠᠮᠲᠤ ᠤᠯᠠᠨ ᠨᠠᠢ᠌ᠳᠠ ᠵᠢᠨ ᠠᠩᠬᠠᠷᠴᠤ ᠪᠠᠢ᠌ᠭ᠎ᠠ ᠣᠷᠴᠢᠨ ᠲᠣᠭᠣᠷᠢᠨ᠎ᠤ ᠠᠰᠠᠭᠤᠳᠠᠯ᠎ᠢ ᠰᠤᠳᠤᠯᠤᠨ ᠶᠠᠷᠢᠯᠴᠠᠵᠤ ᠰᠣᠯᠢᠯᠴᠠᠪᠠ᠃ ᠳᠠᠷᠠᠭ᠎ᠠ᠎ᠳᠤ᠎ᠨᠢ᠂ ᠤᠯᠠᠨ ᠵᠶ᠋ᠠᠷ ᠵᠶ᠋ᠠᠨ 《ᠠᠮᠢ ᠠᠬᠤᠢ ᠵᠢᠨ ᠬᠣᠩᠭᠢᠯ》᠎ᠤᠨ ᠴᠢᠬᠤᠯᠠ ᠤᠷᠭᠤᠮᠠᠯ᠎ᠤᠨ ᠬᠡᠪ ᠵᠠᠭᠪᠤᠷ᠂ 《ᠠᠭ᠋ᠠᠷ ᠮᠠᠨᠳᠠᠯ᠎ᠤᠨ ᠳᠡᠰ᠎ᠠᠴᠠ ᠳᠠᠪᠠᠭᠰᠠᠨ ᠥᠷᠲᠡᠭᠡ》 ᠵᠢ ᠲᠣᠭᠣᠷᠢᠨ ᠦᠵᠡᠵᠦ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠵᠢᠨ ᠶᠠᠰᠤ ᠴᠢᠨᠠᠷ᠎ᠢ ᠬᠢᠨᠠᠨ ᠬᠡᠮᠵᠢᠬᠦ᠂ ᠠᠭ᠋ᠠᠷ ᠮᠠᠨᠳᠠᠯ᠎ᠤᠨ ᠣᠷᠴᠢᠨ ᠲᠣᠭᠣᠷᠢᠨ᠎ᠢ ᠬᠢᠨᠠᠨ ᠬᠡᠮᠵᠢᠬᠦ ᠬᠠᠮᠢᠶ᠎ᠠ ᠪᠦᠬᠦᠢ ᠠᠵᠢᠯ᠎ᠤᠨ ᠲᠠᠨᠢᠯᠴᠠᠭᠤᠯᠭ᠎ᠠ ᠵᠢ ᠰᠣᠨᠣᠰᠪᠠ᠃
ᠲᠤᠰ ᠤᠳᠠᠭ᠎ᠠ ᠵᠢᠨ ᠬᠣᠯᠪᠣᠭ᠋ᠠᠲᠤ ᠨᠠᠮ᠎ᠤᠨ ᠡᠳᠦᠷ᠎ᠤᠨ ᠠᠵᠢᠯᠯᠠᠭ᠎ᠠ ᠵᠢ ᠠᠮᠵᠢᠯᠲᠠ᠎ᠲᠠᠢ ᠥᠷᠨᠢᠭᠦᠯᠵᠦ᠂ ᠨᠠᠮ᠎ᠤᠨ ᠭᠡᠰᠢᠭᠦᠨ ᠺᠠᠳ᠋ᠷᠴᠤᠳ᠎ᠤᠨ ᠤᠯᠤᠰ ᠲᠥᠷᠥ ᠦᠵᠡᠯ ᠰᠠᠨᠠᠭ᠎ᠠ ᠤᠨᠤᠯ᠎ᠤᠨ ᠰᠤᠷᠤᠯᠴᠠᠯᠭ᠎ᠠ ᠵᠢᠨ ᠦᠷ᠎ᠡ ᠪᠦᠲᠦᠭᠡᠯ ᠵᠶ᠋ᠡᠨ ᠠᠵᠢᠯ᠎ᠢ ᠵᠢᠯᠤᠭᠣᠳᠬᠤ ᠬᠦᠴᠦᠷᠬᠡᠭ ᠶᠡᠬᠡ ᠬᠥᠳᠡᠯᠭᠡᠬᠦ ᠬᠦᠴᠦᠨ ᠪᠣᠯᠭ᠋ᠠᠨ ᠬᠤᠪᠢᠷᠠᠭᠤᠯᠬᠤ᠎ᠳᠤ ᠲᠤᠰᠠᠲᠠᠢ᠃ ᠤᠯᠠᠨ ᠵᠶ᠋ᠠᠷ ᠵᠶ᠋ᠠᠨ ᠣᠷᠴᠢᠨ ᠲᠣᠭᠣᠷᠢᠨ᠎ᠤ ᠬᠢᠨᠠᠨ ᠬᠡᠮᠵᠢᠯᠲᠡ ᠵᠢᠨ ᠦᠢ᠍ᠯᠡᠰ᠎ᠤᠨ ᠮᠠᠨ᠎ᠤ ᠤᠯᠤᠰ᠎ᠤᠨ ᠤᠮᠠᠷᠠᠲᠤ ᠵᠢᠨ ᠴᠢᠬᠤᠯᠠ ᠠᠮᠢ ᠠᠬᠤᠢ ᠵᠢᠨ ᠠᠮᠤᠷ ᠲᠦᠪᠰᠢᠨ᠎ᠤ ᠬᠠᠯᠬᠠᠪᠴᠢ ᠵᠢ ᠪᠡᠬᠢᠵᠢᠭᠦᠯᠬᠦ ᠴᠢᠬᠤᠯᠠ ᠠᠴᠢ ᠬᠣᠯᠪᠣᠭᠳᠠᠯ᠎ᠢ ᠭᠦᠨᠵᠡᠭᠡᠢ ᠣᠢ᠌ᠯᠠᠭ᠋ᠠᠵᠤ᠂ ᠡᠷᠡᠰ ᠭᠤᠶ᠋ᠢᠪᠢᠰᠢ ᠦᠭᠡᠢ᠎ᠪᠠᠷ ᠨᠠᠮ᠎ᠤᠨ ᠠᠴᠢ᠎ᠳᠤ ᠲᠠᠯᠠᠷᠬᠠᠵᠤ᠂ ᠨᠠᠮ᠎ᠤᠨ ᠦᠭᠡ ᠵᠢ ᠰᠣᠨᠣᠰᠴᠤ᠂ ᠨᠠᠮ ᠵᠶ᠋ᠠᠨ ᠲᠠᠭ᠋ᠠᠵᠤ᠂ ᠨᠡᠩ ᠦᠢ᠍ᠯᠡᠰ ᠪᠦᠲᠦᠭᠡᠬᠦ ᠣᠪᠣᠷ᠂ ᠨᠡᠩ ᠪᠦᠯᠬᠦᠮᠳᠡᠯ᠎ᠲᠠᠢ ᠲᠡᠮᠡᠴᠡᠬᠦ᠂ ᠨᠡᠩ ᠴᠤᠭ ᠪᠠᠳᠠᠷᠠᠩᠭᠤᠢ ᠵᠣᠷᠢᠭ ᠰᠠᠨᠠᠭ᠎ᠠ᠎ᠪᠠᠷ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠤᠢ ᠪᠣᠯᠭ᠋ᠠᠬᠤ ᠡᠨᠡᠬᠦ ᠠᠵᠢᠯ᠎ᠤᠨ ᠭᠣᠣᠯ ᠱᠤᠭᠤᠮ᠎ᠤᠨ ᠲᠣᠭᠣᠷᠢᠨ᠎ᠳᠤ᠂ ᠶᠡᠷᠦᠩᠬᠡᠢ ᠱᠦᠵᠢ ᠰᠢ ᠵᠢᠨ ᠫᠢᠩ᠎ᠤᠨ ᠥᠪᠥᠷ ᠮᠣᠩᠭᠣᠯ᠎ᠳᠤ ᠲᠤᠰᠢᠶᠠᠭᠰᠠᠨ ᠲᠠᠪᠤᠨ ᠶᠡᠬᠡ ᠡᠭᠦᠷᠭᠡ ᠵᠢ ᠨᠡᠩ ᠰᠠᠶ᠋ᠢᠲᠤᠷ ᠪᠡᠶᠡᠯᠡᠭᠦᠯᠬᠦ ᠪᠠ ᠵᠢᠱ᠌ᠢᠶᠡᠴᠢ ᠥᠪᠡᠷᠲᠡᠭᠡᠨ ᠵᠠᠰᠠᠬᠤ ᠣᠷᠣᠨ᠎ᠢ ᠪᠦᠬᠦ ᠲᠠᠯ᠎ᠠ᠎ᠪᠠᠷ ᠪᠦᠲᠦᠭᠡᠨ ᠪᠠᠢ᠌ᠭᠤᠯᠬᠤ ᠬᠣᠶᠠᠷ ᠶᠡᠬᠡ ᠶᠠᠪᠤᠳᠠᠯ᠎ᠢ ᠪᠡᠶᠡᠯᠡᠭᠦᠯᠬᠦ᠎ᠳᠤ ᠥᠪᠡᠷ᠎ᠤᠨ ᠬᠦᠴᠦᠨ ᠴᠢᠳᠠᠯ ᠵᠶ᠋ᠠᠨ ᠡᠷᠭᠦᠬᠦ ᠬᠡᠷᠡᠭᠲᠡᠢ ᠭᠡᠵᠦ ᠵᠢᠭ᠋ᠠᠵᠤ ᠭᠠᠷᠭ᠋ᠠᠪᠠ᠃