4 ᠰᠠᠷ᠎ᠠ ᠵᠢᠨ 15᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ ᠨᠠᠮ᠎ᠤᠨ ᠤᠳᠤᠷᠢᠳᠬᠤ ᠳᠤᠭᠤᠢ᠌ᠯᠠᠩ᠎ᠤᠨ ᠬᠤᠷᠠᠯ ᠬᠤᠷᠠᠯᠳᠤᠭᠤᠯᠵᠤ᠂ ᠲᠥᠪ᠎ᠤᠨ ᠨᠠᠮ᠎ᠤᠨ ᠪᠠᠢ᠌ᠭᠤᠯᠤᠯᠲᠠ ᠵᠢᠨ ᠠᠵᠢᠯ᠎ᠤᠨ ᠤᠳᠤᠷᠢᠳᠬᠤ ᠳᠤᠭᠤᠢ᠌ᠯᠠᠩ᠎ᠤᠨ ᠬᠤᠷᠠᠯ᠎ᠤᠨ ᠵᠣᠷᠢᠭ ᠰᠠᠨᠠᠭ᠎ᠠ ᠪᠠ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠠᠯᠪᠠᠨ ᠲᠢᠩᠬᠢᠮ᠎ᠤᠨ 《ᠪᠥᠬᠥ ᠣᠷᠣᠨ᠎ᠳᠤ ᠨᠠᠮ᠎ᠤᠨ ᠰᠠᠬᠢᠯᠭ᠎ᠠ ᠪᠠᠲᠤ ᠵᠢᠨ ᠰᠤᠷᠤᠯᠴᠠᠯᠭ᠎ᠠ ᠬᠥᠮᠦᠵᠢᠯ᠎ᠢ ᠥᠷᠨᠢᠭᠦᠯᠬᠦ ᠲᠤᠬᠠᠢ ᠬᠡᠷᠡᠭᠵᠢᠭᠦᠯᠬᠦ ᠲᠥᠰᠥᠯ》᠎ᠢ ᠤᠯᠠᠮᠵᠢᠯᠠᠨ ᠰᠤᠷᠤᠯᠴᠠᠵᠤ᠂ 《ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠨᠠᠮ᠎ᠤᠨ ᠰᠠᠬᠢᠯᠭ᠎ᠠ ᠪᠠᠲᠤ ᠵᠢᠨ ᠰᠤᠷᠤᠯᠴᠠᠯᠭ᠎ᠠ ᠬᠥᠮᠦᠵᠢᠯ᠎ᠢ ᠬᠡᠷᠡᠭᠵᠢᠭᠦᠯᠬᠦ ᠲᠥᠰᠥᠯ》᠎ᠢ ᠰᠤᠳᠤᠯᠤᠨ ᠬᠢᠨᠠᠨ ᠵᠥᠪᠯᠡᠵᠦ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠨᠠᠮ᠎ᠤᠨ ᠰᠠᠬᠢᠯᠭ᠎ᠠ ᠪᠠᠲᠤ ᠵᠢᠨ ᠰᠤᠷᠤᠯᠴᠠᠯᠭ᠎ᠠ ᠬᠥᠮᠦᠵᠢᠯ᠎ᠢ ᠥᠷᠨᠢᠭᠦᠯᠬᠦ ᠬᠣᠯᠪᠣᠭᠳᠠᠯ ᠪᠦᠬᠦᠢ ᠠᠵᠢᠯ᠎ᠢ ᠲᠣᠬᠢᠷᠠᠭᠤᠯᠤᠨ ᠪᠠᠢ᠌ᠷᠢᠯᠠᠭᠤᠯᠪᠠ᠃ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠱᠦᠵᠢ᠂ ᠲᠢᠩᠬᠢᠮ᠎ᠤᠨ ᠳᠠᠷᠤᠭ᠎ᠠ ᠸᠠᠩ ᠸᠠᠩ ᠱᠧᠩ ᠬᠤᠷᠠᠯ᠎ᠢ ᠡᠷᠬᠢᠯᠡᠪᠡ᠃
ᠬᠤᠷᠠᠯ᠎ᠠᠴᠠ᠂ ᠨᠠᠮ᠎ᠤᠨ ᠰᠠᠬᠢᠯᠭ᠎ᠠ ᠪᠠᠲᠤ ᠵᠢᠨ ᠰᠤᠷᠤᠯᠴᠠᠯᠭ᠎ᠠ ᠬᠥᠮᠦᠵᠢᠯ᠎ᠢ ᠥᠷᠨᠢᠭᠦᠯᠬᠦ ᠪᠣᠯ ᠰᠢ ᠵᠢᠨ ᠫᠢᠩ ᠨᠥᠬᠥᠷ ᠵᠶ᠋ᠡᠷ ᠭᠣᠣᠯ ᠪᠣᠯᠭ᠋ᠠᠭᠰᠠᠨ ᠨᠠᠮ᠎ᠤᠨ ᠲᠥᠪ ᠬᠣᠷᠢᠶᠠᠨ᠎ᠤ ᠭᠠᠷᠭ᠋ᠠᠭᠰᠠᠨ ᠴᠢᠬᠤᠯᠠ ᠶᠡᠬᠡ ᠰᠢᠢ᠍ᠳᠪᠦᠷᠢᠲᠦ ᠪᠣᠳᠣᠯᠭ᠎ᠠ ᠵᠢᠨ ᠪᠠᠢ᠌ᠷᠢᠯᠠᠭᠤᠯᠤᠯᠲᠠ ᠮᠥᠨ᠂ ᠨᠠᠮ᠎ᠤᠨ ᠰᠠᠬᠢᠯᠭ᠎ᠠ ᠪᠠᠲᠤ ᠵᠢᠨ ᠪᠠᠢ᠌ᠭᠤᠯᠤᠯᠲᠠ ᠵᠢ ᠴᠢᠩᠭ᠋ᠠᠳᠬᠠᠬᠤ᠂ ᠪᠦᠬᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠵᠢ ᠭᠦᠨᠵᠡᠭᠡᠢ᠌ᠷᠡᠭᠦᠯᠦᠨ ᠬᠥᠭᠵᠢᠭᠦᠯᠬᠦ ᠵᠢ ᠠᠬᠢᠭᠤᠯᠬᠤ ᠴᠢᠬᠤᠯᠠ ᠠᠷᠭ᠎ᠠ ᠬᠡᠮᠵᠢᠶ᠎ᠡ ᠮᠥᠨ᠂ ᠣᠳᠣᠬᠠᠨ᠎ᠤ ᠪᠠ ᠬᠣᠶ᠋ᠢᠰᠢᠳᠠ ᠵᠢᠨ ᠨᠢᠭᠡ ᠬᠤᠭᠤᠴᠠᠭ᠋ᠠᠨ᠎ᠤ ᠴᠢᠬᠤᠯᠠ ᠶᠡᠬᠡ ᠤᠯᠤᠰ ᠲᠥᠷᠥ ᠵᠢᠨ ᠡᠭᠦᠷᠭᠡ ᠮᠥᠨ᠃
ᠬᠤᠷᠠᠯ᠎ᠠᠴᠠ᠂ ᠲᠢᠩᠬᠢᠮ᠎ᠤᠨ ᠰᠢᠰᠲ᠋ᠧᠮ᠎ᠤᠨ ᠪᠦᠬᠦ ᠨᠠᠮ᠎ᠤᠨ ᠭᠡᠰᠢᠭᠦᠨ ᠺᠠᠳ᠋ᠷ ᠡᠷᠬᠡᠪᠰᠢ ᠤᠯᠤᠰ ᠲᠥᠷᠥ ᠵᠢᠨ ᠵᠣᠭᠰᠣᠴᠠ᠎ᠪᠠᠨ ᠳᠡᠭᠡᠭᠰᠢᠯᠡᠭᠦᠯᠵᠦ᠂ ᠰᠠᠨᠠᠭ᠋ᠠᠴᠢᠯᠠᠭ᠎ᠠ᠎ᠠᠴᠠ᠎ᠪᠠᠨ ᠪᠠᠷᠢᠮᠵᠢᠶ᠎ᠠ᠎ᠲᠠᠢ ᠬᠠᠷᠭᠤᠭᠤᠯᠵᠤ᠂ ᠨᠠᠮ᠎ᠤᠨ ᠰᠠᠬᠢᠯᠭ᠎ᠠ ᠪᠠᠲᠤ ᠵᠢᠨ ᠰᠤᠷᠤᠯᠴᠠᠯᠭ᠎ᠠ ᠬᠥᠮᠦᠵᠢᠯ᠎ᠤᠨ ᠠᠯᠤᠰ ᠬᠡᠲᠦ ᠵᠢᠨ ᠰᠠᠨᠠᠭ᠎ᠠ ᠪᠣᠯᠣᠨ ᠪᠠᠢ᠌ᠯᠳᠤᠬᠤ ᠪᠣᠳᠣᠯᠭ᠎ᠠ ᠵᠢᠨ ᠪᠣᠳᠣᠯᠬᠢᠯᠠᠯ᠎ᠢ ᠭᠦᠨᠵᠡᠭᠡᠢ ᠣᠢ᠌ᠯᠠᠭ᠋ᠠᠵᠤ᠂ ᠦᠵᠡᠯ ᠰᠠᠨᠠᠭ᠎ᠠ ᠪᠣᠯᠣᠨ ᠦᠢ᠍ᠯᠡ ᠠᠵᠢᠯᠯᠠᠭ᠎ᠠ᠎ᠪᠠᠨ ᠨᠠᠮ᠎ᠤᠨ ᠲᠥᠪ ᠬᠣᠷᠢᠶᠠᠨ᠎ᠤ ᠰᠢᠢ᠍ᠳᠪᠦᠷᠢᠲᠦ ᠪᠣᠳᠣᠯᠭ᠎ᠠ ᠪᠠᠢ᠌ᠷᠢᠯᠠᠭᠤᠯᠤᠯᠲᠠ ᠳᠡᠭᠡᠷ᠎ᠡ ᠦᠨᠡᠨᠬᠦ ᠨᠢᠭᠡᠳᠬᠡᠵᠦ᠂ ᠲᠢᠩᠬᠢᠮ᠎ᠤᠨ ᠰᠢᠰᠲ᠋ᠧᠮ᠎ᠤᠨ ᠨᠠᠮ᠎ᠤᠨ ᠰᠠᠬᠢᠯᠭ᠎ᠠ ᠪᠠᠲᠤ ᠵᠢᠨ ᠰᠤᠷᠤᠯᠴᠠᠯᠭ᠎ᠠ ᠬᠥᠮᠦᠵᠢᠯ᠎ᠤᠨ ᠠᠵᠢᠯ᠎ᠤᠨ ᠭᠦᠨᠵᠡᠭᠡᠢ ᠪᠥᠭᠡᠳ ᠥᠨᠳᠥᠷ ᠪᠦᠲᠦᠮᠵᠢᠲᠡᠢ ᠥᠷᠨᠢᠬᠦ ᠵᠢ ᠬᠦᠴᠦᠲᠡᠢ ᠪᠥᠭᠡᠳ ᠡᠮᠬᠢ ᠵᠢᠷᠤᠮ᠎ᠲᠠᠢ ᠠᠬᠢᠭᠤᠯᠬᠤ ᠬᠡᠷᠡᠭᠲᠡᠢ᠃ ᠬᠠᠷᠠᠯᠲᠠ ᠱᠠᠭ᠋ᠠᠷᠳᠠᠯᠭ᠎ᠠ ᠵᠢ ᠣᠨᠣᠪᠴᠢᠲᠠᠢ ᠡᠵᠡᠮᠳᠡᠵᠦ᠂ ᠨᠠᠮ᠎ᠤᠨ ᠰᠠᠬᠢᠯᠭ᠎ᠠ ᠪᠠᠲᠤ ᠵᠢᠨ ᠰᠤᠷᠤᠯᠴᠠᠯᠭ᠎ᠠ ᠬᠥᠮᠦᠵᠢᠯ᠎ᠤᠨ ᠲᠤᠬᠠᠢ ᠶᠡᠷᠦᠩᠬᠡᠢ ᠱᠦᠵᠢ ᠰᠢ ᠵᠢᠨ ᠫᠢᠩ᠎ᠤᠨ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠨᠠᠷᠢᠨ ᠬᠢᠨᠠᠮᠠᠭ᠋ᠠᠢ ᠰᠤᠷᠤᠯᠴᠠᠨ ᠲᠤᠭᠤᠰᠢᠯᠠᠭᠤᠯᠵᠤ᠂ ᠥᠷᠭᠡᠨ ᠤᠯᠠᠨ ᠨᠠᠮ᠎ᠤᠨ ᠭᠡᠰᠢᠭᠦᠨ ᠺᠠᠳ᠋ᠷᠴᠤᠳ᠎ᠢ ᠵᠣᠬᠢᠶᠠᠨ ᠪᠠᠢ᠌ᠭᠤᠯᠤᠨ ᠰᠢᠨ᠎ᠡ᠎ᠪᠠᠷ ᠵᠠᠰᠠᠪᠤᠷᠢ ᠣᠷᠣᠭᠤᠯᠤᠭᠰᠠᠨ 《ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠰᠠᠬᠢᠯᠭ᠎ᠠ ᠪᠠᠲᠤ ᠵᠢᠨ ᠰᠢᠢ᠍ᠳᠬᠡᠯ ᠥᠭᠬᠦ ᠳᠦᠷᠢᠮ》᠎ᠢ ᠭᠦᠨᠵᠡᠭᠡᠢ ᠰᠤᠷᠤᠯᠴᠠᠨ ᠨᠡᠪᠲᠡᠷᠡᠲᠡᠯ᠎ᠡ ᠣᠢ᠌ᠯᠠᠭ᠋ᠠᠵᠤ᠂ ᠲᠡᠭᠦᠨ᠎ᠤ ᠭᠣᠣᠯ ᠵᠣᠷᠢᠯᠲᠠ ᠴᠢᠬᠤᠯᠠ ᠠᠭᠤᠯᠭ᠎ᠠ ᠪᠠ ᠲᠣᠭᠲᠠᠭ᠋ᠠᠯ᠎ᠤᠨ ᠱᠠᠭ᠋ᠠᠷᠳᠠᠯᠭ᠎ᠠ ᠵᠢ ᠣᠨᠣᠪᠴᠢᠲᠠᠢ ᠡᠵᠡᠮᠰᠢᠵᠦ᠂ ᠳᠦᠷᠢᠮ ᠲᠣᠭᠲᠠᠭ᠋ᠠᠯ᠎ᠢ ᠵᠢᠷᠤᠮᠯᠠᠨ ᠰᠠᠬᠢᠯᠭ᠎ᠠ ᠪᠠᠲᠤ ᠵᠢ ᠰᠠᠬᠢᠬᠤ ᠵᠢ ᠰᠡᠳᠬᠢᠯ᠎ᠳᠡᠭᠡᠨ ᠬᠠᠳᠠᠩᠰᠢᠭᠤᠯᠵᠤ᠂ ᠦᠭᠡ ᠶᠠᠷᠢᠶ᠎ᠠ ᠦᠢ᠍ᠯᠡ ᠠᠵᠢᠯᠯᠠᠭ᠎ᠠ ᠵᠢᠨ ᠪᠠᠷᠢᠮᠵᠢᠶ᠎ᠠ ᠪᠣᠯᠭ᠋ᠠᠬᠤ ᠬᠡᠷᠡᠭᠲᠡᠢ᠃ ᠰᠤᠷᠤᠯᠴᠠᠬᠤ ᠭᠣᠣᠯᠳᠠᠯᠭ᠎ᠠ ᠵᠢ ᠪᠠᠲᠤ ᠠᠳᠬᠤᠵᠤ᠂ ᠡᠳᠦᠷ ᠲᠤᠲᠤᠮ᠎ᠤᠨ ᠠᠵᠢᠯ᠎ᠳᠤ ᠠᠭᠤᠰᠤᠯᠴᠠᠭᠤᠯᠬᠤ᠂ ᠪᠠᠢ᠌ᠩᠭᠤ ᠠᠳᠬᠤᠬᠤ ᠵᠢ ᠴᠢᠬᠤᠯᠠᠴᠢᠯᠠᠵᠤ᠂ ᠲᠡᠷᠡ ᠬᠡᠪ ᠵᠶ᠋ᠡᠷ᠎ᠨᠢ ᠰᠤᠷᠤᠯᠴᠠᠬᠤ᠂ ᠪᠣᠳᠠᠲᠠᠢ᠎ᠲᠠᠢ ᠤᠶᠠᠯᠳᠤᠭᠤᠯᠤᠨ ᠰᠤᠷᠤᠯᠴᠠᠬᠤ ᠵᠢ ᠪᠠᠷᠢᠮᠲᠠᠯᠠᠵᠤ᠂ ᠲᠥᠪᠯᠡᠷᠡᠭᠦᠯᠦᠨ ᠰᠤᠷᠤᠯᠴᠠᠬᠤ᠂ ᠰᠤᠳᠤᠯᠤᠨ ᠶᠠᠷᠢᠯᠴᠠᠵᠤ ᠰᠣᠯᠢᠯᠴᠠᠬᠤ᠂ ᠰᠡᠷᠡᠮᠵᠢᠯᠡᠭᠦᠯᠬᠦ ᠬᠥᠮᠦᠵᠢᠯ ᠬᠢᠬᠦ ᠵᠡᠷᠭᠡ ᠠᠷᠭ᠎ᠠ ᠬᠡᠯᠪᠡᠷᠢ᠎ᠪᠠᠷ ᠳᠠᠮᠵᠢᠭᠤᠯᠤᠨ᠂ ᠪᠦᠬᠦ ᠨᠠᠮ᠎ᠤᠨ ᠭᠡᠰᠢᠭᠦᠨ ᠺᠠᠳ᠋ᠷᠴᠤᠳ᠎ᠤᠨ ᠨᠠᠮ᠎ᠤᠨ ᠰᠠᠬᠢᠯᠭ᠎ᠠ ᠪᠠᠲᠤ ᠵᠢᠨ ᠲᠥᠪ ᠴᠢᠩᠭ᠎ᠠ ᠴᠢᠨᠠᠷ ᠪᠠ ᠡᠷᠬᠡ ᠰᠦᠷᠲᠦ ᠴᠢᠨᠠᠷ᠎ᠢ ᠤᠬᠠᠮᠰᠠᠷ᠎ᠠᠴᠠ᠎ᠪᠠᠨ ᠬᠠᠮᠠᠭ᠋ᠠᠯᠠᠬᠤ ᠵᠢ ᠬᠥᠲᠥᠯᠥᠨ ᠵᠢᠯᠤᠭᠣᠳᠴᠤ᠂ ᠨᠠᠮ᠎ᠤᠨ ᠰᠠᠬᠢᠯᠭ᠎ᠠ ᠪᠠᠲᠤ ᠵᠢ ᠰᠤᠷᠤᠯᠴᠠᠬᠤ ᠶᠠᠪᠤᠴᠠ ᠵᠢ ᠰᠠᠬᠢᠯᠭ᠎ᠠ ᠪᠠᠲᠤ ᠵᠢᠨ ᠤᠬᠠᠮᠰᠠᠷ ᠵᠶ᠋ᠠᠨ ᠴᠢᠩᠭ᠋ᠠᠳᠬᠠᠬᠤ᠂ ᠨᠠᠮᠴᠢ ᠴᠢᠨᠠᠷ᠎ᠤᠨ ᠪᠣᠯᠪᠠᠰᠤᠷᠠᠯ ᠵᠶ᠋ᠠᠨ ᠳᠡᠭᠡᠭᠰᠢᠯᠡᠭᠦᠯᠬᠦ ᠶᠠᠪᠤᠴᠠ ᠪᠣᠯᠭ᠋ᠠᠬᠤ ᠬᠡᠷᠡᠭᠲᠡᠢ᠃ ᠬᠣᠶᠠᠷ ᠲᠠᠯ᠎ᠠ᠎ᠪᠠᠷ ᠠᠳᠬᠤᠵᠤ ᠬᠣᠶᠠᠷ᠎ᠢ ᠠᠬᠢᠭᠤᠯᠬᠤ ᠵᠢ ᠪᠠᠷᠢᠮᠲᠠᠯᠠᠵᠤ᠂ ᠨᠠᠮ᠎ᠤᠨ ᠰᠠᠬᠢᠯᠭ᠎ᠠ ᠪᠠᠲᠤ ᠵᠢᠨ ᠰᠤᠷᠤᠯᠴᠠᠯᠭ᠎ᠠ ᠬᠥᠮᠦᠵᠢᠯ᠎ᠢ ᠥᠷᠨᠢᠭᠦᠯᠬᠦ ᠵᠢ ᠣᠳᠣᠬᠠᠨ᠎ᠳᠤ ᠶᠠᠭ ᠠᠬᠢᠭᠤᠯᠵᠤ ᠪᠠᠢ᠌ᠭ᠎ᠠ 《ᠵᠢᠷᠭᠤᠭ᠎ᠠ ᠵᠢ ᠨᠢᠭᠡᠳᠦᠯᠲᠡᠢ ᠲᠥᠯᠥᠪᠵᠢᠭᠦᠯᠬᠦ》᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢ ᠱᠠᠯᠠᠪᠳᠠᠭᠤᠯᠤᠨ ᠪᠠᠢ᠌ᠴᠠᠭ᠋ᠠᠬᠤ ᠵᠡᠷᠭᠡ ᠭᠣᠣᠯᠳᠠᠯᠭ᠎ᠠ᠎ᠲᠠᠢ ᠠᠵᠢᠯ᠎ᠯᠤᠭ᠎ᠠ ᠣᠷᠭ᠋ᠠᠨᠢᠭ ᠵᠶ᠋ᠠᠷ ᠠᠭᠤᠰᠤᠯᠴᠠᠭᠤᠯᠵᠤ᠂ ᠬᠠᠮᠵᠢᠯᠴᠠᠨ ᠠᠬᠢᠭᠤᠯᠵᠤ᠂ ᠨᠢᠭᠡ ᠴᠣᠭᠴᠠᠵᠢᠭᠤᠯᠤᠨ ᠨᠠᠢ᠌ᠳᠠᠪᠤᠷᠢᠵᠢᠭᠤᠯᠵᠤ᠂ ᠰᠤᠷᠤᠯᠴᠠᠯᠭ᠎ᠠ ᠵᠢᠨ ᠦᠷ᠎ᠡ ᠪᠦᠲᠦᠭᠡᠯ᠎ᠢ ᠦᠨᠡᠨᠬᠦ ᠠᠵᠢᠯ ᠵᠶ᠋ᠠᠨ ᠠᠬᠢᠭᠤᠯᠬᠤ ᠬᠦᠴᠦᠷᠬᠡᠭ ᠶᠡᠬᠡ ᠬᠥᠳᠡᠯᠭᠡᠬᠦ ᠬᠦᠴᠦᠨ ᠪᠣᠯᠭ᠋ᠠᠨ ᠬᠤᠪᠢᠷᠠᠭᠤᠯᠬᠤ ᠬᠡᠷᠡᠭᠲᠡᠢ᠃ ᠤᠳᠤᠷᠢᠳᠤᠯᠭ᠎ᠠ ᠵᠢᠨ ᠬᠠᠷᠢᠭᠤᠴᠠᠯᠭ᠎ᠠ ᠵᠢ ᠪᠦᠬᠦ ᠲᠠᠯ᠎ᠠ᠎ᠪᠠᠷ ᠪᠣᠳᠠᠲᠠᠢ᠌ᠵᠢᠭᠤᠯᠵᠤ᠂ ᠲᠢᠩᠬᠢᠮ᠎ᠤᠨ ᠤᠳᠤᠷᠢᠳᠤᠯᠭ᠎ᠠ ᠵᠢᠱ᠌ᠢᠶ᠎ᠡ ᠦᠵᠡᠭᠦᠯᠵᠦ ᠬᠥᠲᠥᠯᠥᠨ ᠳᠠᠭ᠋ᠠᠭᠤᠯᠬᠤ ᠦᠢ᠍ᠯᠡᠳᠦᠯ ᠵᠶ᠋ᠡᠨ ᠦᠨᠡᠨᠬᠦ ᠪᠠᠳᠠᠷᠠᠭᠤᠯᠵᠤ᠂ ᠥᠪᠡᠷ᠎ᠤᠨ ᠪᠡᠶ᠎ᠡ᠎ᠪᠠᠷ ᠵᠶ᠋ᠡᠨ ᠣᠷᠣᠯᠴᠠᠵᠤ᠂ ᠠᠵᠢᠯ᠎ᠳᠤ ᠣᠷᠣᠯᠴᠠᠵᠤ᠂ ᠡᠭᠦᠷᠭᠡ ᠬᠠᠷᠢᠭᠤᠴᠠᠯᠭ᠎ᠠ᠎ᠳᠠᠭᠠᠨ ᠣᠷᠣᠯᠴᠠᠵᠤ᠂ ᠲᠣᠭᠲᠠᠭᠰᠠᠨ ᠠᠵᠢᠯᠯᠠᠭ᠎ᠠ ᠵᠢ ᠪᠣᠳᠠᠲᠠᠢ᠎ᠳᠤ ᠨᠠᠢ᠌ᠳᠠᠪᠤᠷᠢᠵᠢᠭᠤᠯᠵᠤ᠂ ᠬᠡᠯᠪᠡᠷᠢᠴᠢ ᠦᠵᠡᠯ᠎ᠢ ᠡᠷᠡᠰ ᠰᠡᠷᠭᠡᠢ᠌ᠯᠡᠬᠦ ᠬᠡᠷᠡᠭᠲᠡᠢ; ᠡᠯ᠎ᠡ ᠭᠠᠵᠠᠷ ᠲᠠᠰᠤᠭ᠂ ᠨᠢᠭᠡᠴᠢ ᠵᠢᠨ ᠭᠣᠣᠯ ᠬᠠᠷᠢᠭᠤᠴᠠᠯᠭ᠋ᠠᠲᠠᠨ ᠨᠥᠬᠥᠳ 《ᠨᠢᠭᠡ ᠠᠵᠢᠯ᠎ᠤᠨ ᠪᠠᠶ᠋ᠢᠷᠢ ᠬᠣᠶᠠᠷ ᠬᠠᠷᠢᠭᠤᠴᠠᠯᠭ᠎ᠠ᠎ᠲᠠᠢ ᠪᠠᠶ᠋ᠢᠬᠤ》 ᠵᠢ ᠨᠠᠷᠢᠨ ᠬᠢᠨᠠᠮᠠᠭ᠋ᠠᠢ ᠭᠦᠢ᠍ᠴᠡᠳᠬᠡᠵᠦ᠂ ᠲᠦᠷᠦᠭᠦᠯᠡᠨ ᠰᠤᠷᠤᠯᠴᠠᠵᠤ᠂ ᠥᠯᠢᠭᠡᠷ ᠳᠠᠭᠤᠷᠢᠶᠠᠯ ᠪᠣᠯᠵᠤ᠂ ᠨᠠᠮ᠎ᠤᠨ ᠭᠡᠰᠢᠭᠦᠨ ᠺᠠᠳ᠋ᠷᠴᠤᠳ᠎ᠤᠨ ᠨᠠᠮ᠎ᠤᠨ ᠰᠠᠬᠢᠯᠭ᠎ᠠ ᠪᠠᠲᠤ ᠵᠢᠨ ᠰᠤᠷᠤᠯᠴᠠᠯᠭ᠎ᠠ ᠬᠥᠮᠦᠵᠢᠯ᠎ᠤᠨ ᠡᠭᠦᠷᠭᠡ᠎ᠪᠠᠨ ᠴᠢᠨᠠᠷ ᠰᠠᠢ᠌ᠲᠠᠢ ᠪᠡᠶᠡᠯᠡᠭᠦᠯᠬᠦ ᠵᠢ ᠠᠬᠢᠭᠤᠯᠬᠤ ᠬᠡᠷᠡᠭᠲᠡᠶ; ᠡᠯ᠎ᠡ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠢ᠌ᠭᠤᠯᠤᠯᠲᠠ᠎ᠨᠤᠭᠤᠳ ᠦᠳᠲᠡᠷ ᠲᠦᠷᠭᠡᠨ ᠬᠥᠳᠡᠯᠦᠯᠴᠡᠵᠦ᠂ ᠨᠠᠷᠢᠨ ᠨᠢᠮᠪᠠᠢ ᠲᠣᠬᠢᠷᠠᠭᠤᠯᠤᠨ ᠪᠠᠢ᠌ᠷᠢᠯᠠᠭᠤᠯᠵᠤ᠂ ᠨᠠᠷᠢᠨ ᠨᠢᠮᠪᠠᠢ ᠵᠣᠬᠢᠶᠠᠨ ᠪᠠᠢ᠌ᠭᠤᠯᠤᠨ ᠬᠡᠷᠡᠭᠵᠢᠭᠦᠯᠵᠦ᠂ 《ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠰᠠᠬᠢᠯᠭ᠎ᠠ ᠪᠠᠲᠤ ᠵᠢᠨ ᠰᠢᠢ᠍ᠳᠬᠡᠯ ᠥᠭᠬᠦ ᠳᠦᠷᠢᠮ》᠎ᠢ ᠰᠤᠷᠤᠯᠴᠠᠨ ᠲᠤᠭᠤᠰᠢᠯᠠᠭᠤᠯᠤᠭᠰᠠᠨ ᠪᠠᠶ᠋ᠢᠳᠠᠯ᠎ᠢ ᠬᠠᠷᠢᠴᠠᠭᠤᠯᠤᠨ ᠪᠠᠢ᠌ᠴᠠᠭ᠋ᠠᠬᠤ ᠴᠢᠬᠤᠯᠠ ᠠᠭᠤᠯᠭ᠎ᠠ ᠪᠣᠯᠭ᠋ᠠᠬᠤ ᠬᠡᠷᠡᠭᠲᠡᠶ; ᠪᠠᠢ᠌ᠭᠤᠯᠤᠯᠭ᠎ᠠ ᠵᠢᠨ ᠨᠠᠮ᠎ᠤᠨ ᠬᠣᠷᠢᠶ᠎ᠠ ᠲᠦᠷᠦᠭᠦᠯᠡᠨ ᠵᠣᠬᠢᠶᠠᠨ ᠪᠠᠢ᠌ᠭᠤᠯᠤᠨ ᠬᠡᠷᠡᠭᠵᠢᠭᠦᠯᠵᠦ᠂ ᠭᠣᠣᠯᠳᠠᠯᠭ᠎ᠠ᠎ᠲᠠᠢ ᠡᠭᠦᠷᠭᠡ ᠵᠢ ᠨᠠᠢ᠌ᠳᠠᠪᠤᠷᠢᠵᠢᠭᠤᠯᠬᠤ ᠵᠢ ᠡᠮᠬᠢ ᠵᠢᠷᠤᠮ᠎ᠲᠠᠢ ᠠᠬᠢᠭᠤᠯᠬᠤ ᠬᠡᠷᠡᠭᠲᠡᠢ; ᠠᠯᠪᠠᠨ ᠭᠡᠷ᠂ ᠤᠬᠠᠭᠤᠯᠭ᠎ᠠ ᠬᠥᠮᠦᠵᠢᠯ᠎ᠤᠨ ᠲᠥᠪ᠎ᠨᠢ ᠤᠬᠠᠭᠤᠯᠬᠤ ᠡᠷᠴᠢᠮ ᠵᠶ᠋ᠡᠨ ᠴᠢᠩᠭ᠋ᠠᠷᠠᠭᠤᠯᠵᠤ᠂ ᠰᠠᠬᠢᠯᠭ᠎ᠠ ᠪᠠᠲᠤ ᠵᠢ ᠰᠤᠷᠤᠯᠴᠠᠬᠤ᠂ ᠰᠠᠬᠢᠯᠭ᠎ᠠ ᠪᠠᠲᠤ ᠵᠢ ᠮᠡᠳᠡᠬᠦ᠂ ᠰᠠᠬᠢᠯᠭ᠎ᠠ ᠪᠠᠲᠤ ᠵᠢ ᠲᠣᠳᠣᠷᠬᠠᠢ ᠮᠡᠳᠡᠬᠦ᠂ ᠰᠠᠬᠢᠯᠭ᠎ᠠ ᠪᠠᠲᠤ ᠵᠢ ᠰᠠᠬᠢᠬᠤ ᠭᠦᠨ ᠵᠤᠵᠠᠭ᠋ᠠᠨ ᠠᠭᠤᠷ ᠠᠮᠢᠰᠬᠤᠯ᠎ᠢ ᠪᠤᠢ ᠪᠣᠯᠭ᠋ᠠᠬᠤ ᠬᠡᠷᠡᠭᠲᠡᠶ; ᠪᠠᠢ᠌ᠭᠤᠯᠭ᠎ᠠ ᠵᠢᠨ ᠰᠠᠬᠢᠯᠭ᠎ᠠ ᠪᠠᠲᠤ ᠪᠠᠢ᠌ᠴᠠᠭ᠋ᠠᠬᠤ ᠬᠣᠷᠢᠶ᠎ᠠ ᠬᠢᠨᠠᠯᠲᠠ ᠲᠠᠯᠪᠢᠵᠤ ᠪᠠᠢ᠌ᠴᠠᠭ᠋ᠠᠬᠤ ᠠᠵᠢᠯ᠎ᠢ ᠰᠠᠶ᠋ᠢᠲᠤᠷ ᠬᠢᠵᠦ᠂ ᠰᠤᠷᠤᠯᠴᠠᠯᠭ᠎ᠠ ᠬᠥᠮᠦᠵᠢᠯ᠎ᠢ ᠬᠡᠯᠪᠡᠷᠢ ᠵᠢᠨ ᠲᠡᠳᠦᠢ ᠪᠣᠯᠭ᠋ᠠᠬᠤ ᠦᠭᠡᠢ᠂ ᠬᠠᠰᠢ ᠶᠠᠰᠢ᠎ᠪᠠᠷ ᠥᠩᠭᠡᠷᠡᠭᠦᠯᠬᠦ ᠦᠭᠡᠢ᠂ ᠪᠣᠳᠠᠲᠤ ᠦᠷ᠎ᠡ ᠪᠦᠲᠦᠮᠵᠢ ᠣᠯᠬᠤ ᠵᠢ ᠦᠨᠡᠨ ᠬᠦ᠌ ᠪᠠᠲᠤᠯᠠᠬᠤ ᠬᠡᠷᠡᠭᠲᠡᠶ ᠭᠡᠵᠦ ᠵᠢᠭ᠋ᠠᠵᠤ ᠭᠠᠷᠭ᠋ᠠᠪᠠ᠃
ᠲᠢᠩᠬᠢᠮ᠎ᠤᠨ ᠤᠳᠤᠷᠢᠳᠤᠯᠭ᠎ᠠ᠂ ᠲᠢᠩᠬᠢᠮ᠎ᠤᠨ ᠪᠠᠢ᠌ᠭᠤᠯᠤᠯᠭ᠎ᠠ ᠵᠢᠨ ᠡᠯ᠎ᠡ ᠭᠠᠵᠠᠷ ᠲᠠᠰᠤᠭ᠂ ᠬᠠᠷᠢᠶ᠎ᠠ ᠠᠵᠢᠯ ᠦᠢ᠍ᠯᠡᠰ᠎ᠤᠨ ᠨᠢᠭᠡᠴᠢ ᠵᠢᠨ ᠬᠠᠷᠢᠭᠤᠴᠠᠯᠭ᠋ᠠᠲᠠᠨ ᠬᠤᠷᠠᠯ᠎ᠳᠤ ᠣᠷᠣᠯᠴᠠᠵᠠᠢ᠃