4 ᠰᠠᠷ᠎ᠠ ᠵᠢᠨ 22᠎ᠠᠴᠠ 27᠎ᠤ ᠡᠳᠦᠷ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ ᠵᠢᠩᠭ᠋ᠠᠩᠱ᠌ᠠᠨ᠎ᠳᠤ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠢ᠌ᠭᠤᠯᠤᠯᠲᠠ ᠵᠢᠨ ᠱᠦᠵᠢ ᠪᠣᠯᠣᠨ ᠨᠠᠮ᠎ᠤᠨ ᠠᠵᠢᠯ᠎ᠤᠨ ᠠᠵᠢᠯᠲᠠᠳ᠎ᠤᠨ ᠶᠡᠷᠦᠩᠬᠡᠢ᠌ᠯᠡᠭᠰᠡᠨ ᠬᠡᠪ ᠴᠢᠳᠠᠪᠤᠷᠢ ᠵᠢ ᠳᠡᠭᠡᠭᠰᠢᠯᠡᠭᠦᠯᠬᠦ ᠪᠣᠯᠪᠠᠰᠤᠷᠠᠯ᠎ᠤᠨ ᠠᠩᠭᠢ ᠡᠷᠬᠢᠯᠡᠵᠦ᠂ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ ᠵᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠭᠣᠣᠯ ᠰᠡᠳᠦᠪᠲᠦ ᠬᠥᠮᠦᠵᠢᠯ᠎ᠤᠨ ᠦᠷ᠎ᠡ ᠪᠦᠲᠦᠭᠡᠯ᠎ᠢ ᠪᠡᠬᠢᠵᠢᠭᠦᠯᠦᠨ ᠥᠷᠭᠡᠳᠬᠡᠵᠦ᠂ ᠬᠤᠪᠢᠰᠬᠠᠯᠲᠤ ᠤᠳᠤᠮᠰᠢᠯ᠎ᠢ ᠵᠠᠯᠭ᠋ᠠᠮᠵᠢᠯᠠᠵᠤ᠂ ᠨᠠᠮᠴᠢ ᠴᠢᠨᠠᠷ᠎ᠤᠨ ᠪᠣᠯᠪᠠᠰᠤᠷᠠᠯ᠎ᠢ ᠳᠠᠪᠲᠠᠨ ᠪᠣᠯᠪᠠᠰᠤᠷᠠᠭᠤᠯᠵᠤ᠂ ᠨᠠᠮ᠎ᠤᠨ ᠵᠣᠬᠢᠶᠠᠨ ᠪᠠᠢ᠌ᠭᠤᠯᠤᠯᠲᠠ ᠵᠢᠨ ᠱᠦᠵᠢ ᠪᠣᠯᠣᠨ ᠨᠠᠮ᠎ᠤᠨ ᠠᠵᠢᠯ᠎ᠤᠨ ᠠᠵᠢᠯᠲᠠᠳ᠎ᠤᠨ ᠤᠨᠤᠯ᠎ᠤᠨ ᠪᠣᠯᠪᠠᠰᠤᠷᠠᠯ᠂ ᠲᠤᠬᠠᠢ᠌ᠯᠠᠭᠰᠠᠨ ᠠᠵᠢᠯ᠎ᠤᠨ ᠴᠢᠳᠠᠪᠤᠷᠢ ᠵᠢ ᠳᠡᠭᠡᠭᠰᠢᠯᠡᠭᠦᠯᠪᠡ᠃ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠪᠦᠷᠢᠯᠳᠦᠬᠦᠨ᠂ ᠲᠢᠩᠬᠢᠮ᠎ᠤᠨ ᠳᠡᠳ᠋ ᠳᠠᠷᠤᠭ᠎ᠠ ᠵᠣᠣ ᠱ᠌ᠢ ᠳ᠋ᠧ ᠠᠩᠭᠢ ᠡᠬᠢᠯᠡᠬᠦ ᠳᠠᠢ᠌ᠴᠢᠯᠠᠯᠲᠠ ᠵᠢᠨ ᠶᠠᠷᠢᠶ᠎ᠠ ᠲᠠᠯᠪᠢᠵᠤ᠂ ᠲᠢᠩᠬᠢᠮ᠎ᠤᠨ ᠬᠣᠶᠠᠳᠤᠭ᠋ᠠᠷ ᠳᠡᠰ᠎ᠤᠨ ᠲᠣᠭᠣᠷᠢᠨ ᠪᠠᠢ᠌ᠴᠠᠭ᠋ᠠᠭᠴᠢ ᠫᠧᠢ ᠳ᠋ᠡ ᠱ᠌ᠢ ᠰᠤᠷᠤᠯᠭ᠎ᠠ ᠲᠡᠭᠦᠰᠦᠭᠰᠡᠨ ᠳ᠋ᠦᠩᠨᠡᠯᠲᠡ ᠬᠢᠵᠦ᠂ ᠲᠢᠩᠬᠢᠮ᠎ᠤᠨ ᠰᠢᠰᠲ᠋ᠧᠮ᠎ᠤᠨ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠢ᠌ᠭᠤᠯᠤᠯᠲᠠ ᠵᠢᠨ ᠱᠦᠵᠢ᠂ ᠭᠡᠰᠢᠭᠦᠨ ᠪᠠ ᠨᠠᠮ᠎ᠤᠨ ᠠᠵᠢᠯ᠎ᠤᠨ ᠠᠵᠢᠯᠲᠠᠨ 40 ᠭᠠᠷᠤᠢ ᠬᠥᠮᠥᠨ ᠪᠣᠯᠪᠠᠰᠤᠷᠠᠯ᠎ᠳᠤ ᠣᠷᠣᠯᠴᠠᠵᠠᠢ᠃
ᠡᠨᠡ ᠤᠳᠠᠭ᠋ᠠᠨ᠎ᠤ ᠪᠣᠯᠪᠠᠰᠤᠷᠠᠯ᠎ᠤᠨ ᠠᠩᠭᠢ ᠵᠢᠨ ᠠᠭᠤᠯᠭ᠎ᠠ ᠬᠡᠯᠪᠡᠷᠢ᠎ᠨᠢ ᠤᠯᠠᠨ ᠶᠠᠩᠵᠤ ᠵᠢᠨ ᠪᠠᠢ᠌ᠵᠤ᠂ ᠰᠤᠷᠤᠯᠭ᠋ᠠᠲᠠᠳ ᠬᠢᠴᠢᠶᠡᠯ᠎ᠤᠨ ᠲᠠᠩᠬᠢᠮ᠎ᠤᠨ ᠵᠢᠭ᠋ᠠᠨ ᠰᠤᠷᠭ᠋ᠠᠯᠲᠠ᠂ ᠲᠤᠬᠠᠢ ᠵᠢᠨ ᠲᠠᠯᠠᠪᠤᠷ᠎ᠤᠨ ᠵᠢᠭ᠋ᠠᠨ ᠰᠤᠷᠭ᠋ᠠᠯᠲᠠ᠂ ᠪᠡᠶ᠎ᠡ᠎ᠪᠠᠷ ᠵᠶ᠋ᠡᠨ ᠣᠢ᠌ᠯᠠᠭ᠋ᠠᠬᠤ ᠮᠠᠶᠢᠭ᠎ᠤᠨ ᠵᠢᠭ᠋ᠠᠨ ᠰᠤᠷᠭ᠋ᠠᠯᠲᠠ ᠵᠡᠷᠭᠡ ᠤᠯᠠᠨ ᠵᠦᠢ᠍ᠯ᠎ᠤᠨ ᠬᠡᠯᠪᠡᠷᠢ᠎ᠪᠠᠷ ᠳᠠᠮᠵᠢᠭᠤᠯᠤᠨ᠂ ᠳᠤᠮᠳᠠᠳᠤ ᠤᠯᠤᠰ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ ᠪᠣᠯᠣᠨ 《ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠰᠠᠬᠢᠯᠭ᠎ᠠ ᠪᠠᠲᠤ ᠵᠢᠨ ᠰᠢᠢ᠍ᠳᠬᠡᠯ ᠥᠭᠬᠦ ᠳᠦᠷᠢᠮ》 ᠵᠡᠷᠭᠡ ᠬᠣᠯᠪᠣᠭᠳᠠᠯ ᠪᠦᠬᠦᠢ ᠤᠨᠤᠯ᠎ᠤᠨ ᠮᠡᠳᠡᠯᠭᠡ ᠵᠢ ᠰᠢᠰᠲ᠋ᠧᠮ᠎ᠲᠠᠢ ᠰᠤᠷᠤᠯᠴᠠᠭᠰᠠᠨ ᠵᠶ᠋ᠠᠷ ᠪᠠᠷᠠᠬᠤ ᠦᠭᠡᠢ᠂ ᠪᠠᠰᠠ ᠬᠤᠪᠢᠰᠬᠠᠯ᠎ᠤᠨ ᠮᠦᠽᠧᠢ᠂ ᠮᠠᠤ ᠽᠧ ᠳ᠋ᠦᠩ ᠨᠥᠬᠥᠷ᠎ᠤᠨ ᠬᠠᠭᠤᠴᠢᠨ ᠰᠠᠭᠤᠴᠠ᠂ ᠬᠤᠪᠢᠰᠬᠠᠯ᠎ᠤᠨ ᠦᠷᠡᠭᠳᠡᠭᠰᠡᠨ ᠪᠠᠭ᠋ᠠᠲᠤᠷᠴᠤᠳ᠎ᠤᠨ ᠪᠤᠩᠬᠤᠨ᠎ᠤ ᠬᠦᠷᠢᠶᠡᠯᠡᠩ᠂ ᠬᠤᠸᠠᠩ ᠶᠠᠩ ᠵᠢᠶᠧ ᠵᠢᠨ ᠬᠠᠷᠠᠭᠤᠯ᠎ᠤᠨ ᠭᠠᠵᠠᠷ᠂ ᠰᠠᠨ ᠸᠠᠨ᠎ᠤ ᠥᠭᠡᠷᠡᠴᠢᠯᠡᠨ ᠪᠠᠢ᠌ᠭᠤᠯᠤᠭᠰᠠᠨ ᠳᠤᠷᠠᠰᠬᠠᠯ᠎ᠤᠨ ᠣᠷᠳᠣᠨ᠂ ᠮᠤᠤᠫᠢᠩᠤᠨ ᠨᠠᠢ᠍ᠮᠠᠨ ᠥᠨᠴᠥᠭᠲᠦ ᠠᠰᠠᠷ᠂ ᠰᠢᠶᠣᠣ ᠵᠢᠩ᠎ᠤᠨ ᠤᠯᠠᠭ᠋ᠠᠨ ᠴᠡᠷᠢᠭ᠎ᠤᠨ ᠡᠮᠨᠡᠯᠭᠡ ᠵᠢᠨ ᠬᠣᠷᠢᠶ᠎ᠠ ᠵᠡᠷᠭᠡ ᠭᠠᠵᠠᠷ᠎ᠲᠤ ᠬᠦᠷᠴᠦ ᠲᠤᠬᠠᠢ ᠵᠢᠨ ᠲᠠᠯᠠᠪᠠᠢ ᠵᠢᠨ ᠵᠢᠭ᠋ᠠᠨ ᠰᠤᠷᠭ᠋ᠠᠯᠲᠠ ᠵᠢ ᠥᠷᠨᠢᠭᠦᠯᠵᠡᠢ᠃ ᠲᠤᠬᠠᠢ ᠵᠢᠨ ᠲᠠᠯᠠᠪᠤᠷ᠎ᠲᠤ 《ᠢᠲᠡᠭᠡᠯ ᠵᠣᠷᠢᠭ ᠵᠶ᠋ᠠᠨ ᠪᠠᠲᠤᠳᠬᠠᠵᠤ᠂ ᠲᠡᠰᠪᠦᠷᠢ ᠬᠠᠲᠠᠭᠤᠵᠢᠯᠲᠠᠢ ᠲᠡᠮᠡᠴᠡᠵᠦ᠂ ᠦᠨᠡᠨ᠎ᠠᠴᠠ ᠵᠥᠪ᠎ᠢ ᠡᠷᠢᠵᠦ᠂ ᠵᠣᠷᠢᠭᠲᠠᠢ᠎ᠪᠠᠷ ᠰᠢᠨ᠎ᠡ ᠵᠠᠮ᠎ᠢ ᠨᠡᠭᠡᠭᠡᠵᠦ᠂ ᠤᠯᠠᠨ ᠲᠦᠮᠡᠨ᠎ᠳᠤ ᠲᠦᠰᠢᠭᠯᠡᠵᠦ᠂ ᠵᠣᠷᠢᠭᠲᠠᠢ᠎ᠪᠠᠷ ᠢᠯᠠᠯᠲᠠ ᠣᠯᠬᠤ》 ᠵᠢᠩᠭ᠋ᠠᠩᠱ᠌ᠠᠨ᠎ᠤ ᠵᠣᠷᠢᠭ ᠰᠠᠨᠠᠭ᠎ᠠ ᠵᠢ ᠣᠢ᠌ᠯᠠᠭ᠋ᠠᠵᠤ᠂ ᠡᠯ᠎ᠡ ᠰᠤᠷᠤᠯᠴᠠᠬᠤ ᠳᠤᠭᠤᠢ᠌ᠯᠠᠩ᠎ᠤᠨ᠎ᠬᠢᠨ ᠪᠠᠰᠠ ᠰᠤᠳᠤᠯᠤᠨ ᠶᠠᠷᠢᠯᠴᠠᠵᠤ ᠰᠣᠯᠢᠯᠴᠠᠬᠤ ᠶᠠᠷᠢᠯᠴᠠᠬᠤ ᠬᠤᠷᠠᠯ ᠥᠷᠨᠢᠭᠦᠯᠵᠦ᠂ ᠰᠤᠷᠤᠯᠴᠠᠬᠤ ᠠᠭᠤᠷ ᠠᠮᠢᠰᠬᠤᠯ ᠮᠠᠰᠢ ᠭᠦᠨ ᠵᠤᠵᠠᠭ᠋ᠠᠨ ᠪᠠᠢ᠌ᠯ᠎ᠠ᠃
ᠵᠢᠩᠭ᠋ᠠᠩᠱ᠌ᠠᠨ᠎ᠤ ᠬᠤᠪᠢᠰᠬᠠᠯ᠎ᠤᠨ ᠨᠥᠭᠴᠢᠭᠰᠡᠨ ᠪᠠᠭ᠋ᠠᠲᠤᠷᠴᠤᠳ᠎ᠤᠨ ᠪᠤᠩᠬᠤᠨ᠎ᠤ ᠬᠦᠷᠢᠶᠡᠯᠡᠩ ᠪᠣᠯᠣᠨ ᠰᠢᠶᠣᠣ ᠵᠢᠩ᠎ᠤᠨ ᠤᠯᠠᠭ᠋ᠠᠨ ᠴᠡᠷᠢᠭ᠎ᠤᠨ ᠨᠥᠭᠴᠢᠭᠰᠡᠨ ᠪᠠᠭ᠋ᠠᠲᠤᠷᠴᠤᠳ᠎ᠤᠨ ᠪᠤᠩᠬᠤᠨ᠎ᠳᠤ᠂ ᠰᠤᠷᠤᠯᠭ᠋ᠠᠲᠠᠳ ᠬᠤᠪᠢᠰᠬᠠᠯ᠎ᠤᠨ ᠨᠥᠭᠴᠢᠭᠰᠡᠨ ᠪᠠᠭ᠋ᠠᠲᠤᠷᠴᠤᠳ᠎ᠲᠤ ᠮᠡᠬᠦᠢ᠌ᠨ ᠶᠣᠰᠣᠯᠠᠵᠤ᠂ ᠴᠠᠭ᠋ᠠᠷᠢᠭᠲᠤ ᠴᠡᠴᠡᠭ ᠬᠦᠷᠭᠡᠵᠦ᠂ ᠥᠪᠡᠷ᠎ᠤᠨ ᠭᠠᠷ ᠵᠶ᠋ᠠᠷ ᠵᠶ᠋ᠠᠨ ᠨᠤᠭᠤᠯᠤᠭᠰᠠᠨ ᠪᠢᠴᠢᠬᠠᠨ ᠴᠠᠭ᠋ᠠᠨ ᠴᠡᠴᠡᠭ ᠵᠶ᠋ᠡᠨ ᠡᠷᠭᠦᠵᠦ᠂ ᠬᠤᠪᠢᠰᠬᠠᠯ᠎ᠤᠨ ᠠᠬᠠᠮᠠᠳ ᠦᠶ᠎ᠡ ᠵᠢᠨ᠎ᠬᠢᠨ᠎ᠳᠤ ᠡᠷᠬᠢᠮ ᠳᠡᠭᠡᠳᠦ ᠬᠦᠨᠳᠦᠳᠬᠡᠯ ᠳᠡᠪᠰᠢᠭᠦᠯᠵᠦ ᠪᠠᠶ᠋ᠢᠬᠤ᠎ᠪᠠᠨ ᠢᠯᠡᠳᠬᠡᠵᠦ᠂ ᠨᠥᠭᠴᠢᠭᠰᠡᠨ ᠪᠠᠭ᠋ᠠᠲᠤᠷᠴᠤᠳ᠎ᠤᠨ ᠠᠭᠤᠤ ᠭᠠᠪᠢᠶ᠎ᠠ ᠠᠤᠭ᠎ᠠ ᠵᠢᠳᠬᠦᠯ᠎ᠢ ᠭᠦᠨ᠎ᠡ ᠳᠤᠷᠠᠰᠤᠨ ᠰᠠᠨᠠᠭ᠋ᠠᠯᠵᠠᠵᠤ᠂ ᠨᠠᠮ᠎ᠤᠨ ᠲᠤᠭ᠎ᠤᠨ ᠡᠮᠦᠨ᠎ᠡ ᠨᠠᠮ᠎ᠳᠤ ᠣᠷᠣᠬᠤ ᠲᠠᠩᠭ᠋ᠠᠷᠢᠭ᠎ᠤᠨ ᠦᠭᠡᠰ ᠵᠶ᠋ᠡᠨ ᠲᠠᠬᠢᠨ ᠡᠷᠭᠢᠴᠡᠭᠦᠯᠪᠡ᠃
ᠰᠤᠷᠤᠯᠭ᠋ᠠᠲᠠᠳ᠎ᠠᠴᠠ 《ᠬᠣᠶᠠᠷ᠎ᠢ ᠲᠣᠭᠲᠠᠭ᠋ᠠᠭᠰᠠᠨ》᠎ᠤ ᠰᠢᠢ᠍ᠳᠪᠦᠷᠢᠯᠡᠭᠴᠢ ᠠᠴᠢ ᠬᠣᠯᠪᠣᠭᠳᠠᠯ᠎ᠢ ᠭᠦᠨᠵᠡᠭᠡᠢ ᠣᠢ᠌ᠯᠠᠭ᠋ᠠᠵᠤ᠂ 《ᠳᠥᠷᠪᠡᠨ ᠤᠬᠠᠮᠰᠠᠷ》 ᠵᠶ᠋ᠠᠨ ᠴᠢᠩᠭ᠋ᠠᠳᠬᠠᠵᠤ᠂ 《ᠳᠥᠷᠪᠡᠨ ᠢᠲᠡᠭᠡᠯ》 ᠵᠶ᠋ᠡᠨ ᠪᠠᠲᠤᠳᠬᠠᠵᠤ᠂ 《ᠬᠣᠶᠠᠷ᠎ᠢ ᠬᠠᠮᠠᠭ᠋ᠠᠯᠠᠬᠤ》 ᠵᠢ ᠪᠡᠶᠡᠯᠡᠭᠦᠯᠵᠦ᠂ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ᠎ᠪᠠᠷ ᠰᠡᠳᠬᠢᠯ ᠵᠶ᠋ᠡᠨ ᠨᠢᠭᠲᠠᠷᠠᠭᠤᠯᠵᠤ ᠰᠦᠭ ᠰᠦᠨᠡᠰᠦ ᠵᠢ ᠱᠤᠭᠤᠬᠤ ᠵᠢ ᠴᠥᠬᠥᠷᠡᠰᠢ ᠦᠭᠡᠢ ᠪᠠᠷᠢᠮᠲᠠᠯᠠᠵᠤ᠂ ᠵᠢᠩᠭ᠋ᠠᠩᠱ᠌ᠠᠨ᠎ᠤ ᠵᠣᠷᠢᠭ ᠰᠠᠨᠠᠭ᠎ᠠ ᠵᠢ ᠤᠯᠠᠮᠵᠢᠯᠠᠨ ᠵᠠᠯᠭ᠋ᠠᠮᠵᠢᠯᠠᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ᠎ᠪᠠᠷ ᠭᠣᠣᠯ ᠰᠢᠵᠢᠮ ᠪᠣᠯᠭ᠋ᠠᠵᠤ᠂ ᠭᠣᠣᠯ ᠬᠠᠷᠢᠭᠤᠴᠠᠯᠭ᠎ᠠ ᠭᠣᠣᠯ ᠦᠢ᠍ᠯᠡᠰ᠎ᠲᠤ ᠠᠩᠬᠠᠷᠤᠯ ᠵᠶ᠋ᠠᠨ ᠲᠥᠪᠯᠡᠷᠡᠭᠦᠯᠵᠦ᠂ ᠡᠭᠦᠷᠭᠡ ᠬᠠᠷᠢᠭᠤᠴᠠᠯᠭ᠎ᠠ᠎ᠪᠠᠨ ᠴᠢᠩᠭ᠋ᠠᠳᠬᠠᠵᠤ᠂ ᠮᠠᠨ᠎ᠤ ᠤᠯᠤᠰ᠎ᠤᠨ ᠤᠮᠠᠷᠠᠲᠤ ᠵᠢᠨ ᠴᠢᠬᠤᠯᠠ ᠠᠮᠢ ᠠᠬᠤᠢ ᠵᠢᠨ ᠠᠮᠤᠷ ᠲᠦᠪᠰᠢᠨ᠎ᠤ ᠬᠠᠯᠬᠠᠪᠴᠢ ᠵᠢ ᠪᠠᠲᠤᠳᠬᠠᠵᠤ᠂ ᠦᠵᠡᠰᠬᠦᠯᠡᠩᠲᠦ ᠰᠠᠢ᠌ᠬᠠᠨ ᠥᠪᠥᠷ ᠮᠣᠩᠭᠣᠯ᠎ᠤᠨ ᠪᠦᠲᠦᠭᠡᠨ ᠪᠠᠢ᠌ᠭᠤᠯᠤᠯᠲᠠ ᠵᠢ ᠪᠦᠬᠦ ᠲᠠᠯ᠎ᠠ᠎ᠪᠠᠷ ᠠᠬᠢᠭᠤᠯᠬᠤ᠎ᠳᠤ ᠲᠠᠬᠢᠨ ᠰᠢᠨ᠎ᠡ ᠭᠠᠪᠢᠶ᠎ᠠ ᠪᠠᠢ᠌ᠭᠤᠯᠤᠨ᠎ᠠ ᠭᠡᠵᠦ ᠢᠯᠡᠳᠬᠡᠨᠪᠡ᠃