ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ ᠪᠣᠯᠣᠨ ᠶᠡᠷᠦᠩᠬᠡᠢ ᠱᠦᠵᠢ ᠰᠢ ᠵᠢᠨ ᠫᠢᠩ᠎ᠤᠨ ᠥᠪᠥᠷ ᠮᠣᠩᠭᠣᠯ᠎ᠳᠤ ᠥᠭᠭᠦᠭᠰᠡᠨ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠮᠠᠨ᠎ᠤ ᠤᠯᠤᠰ᠎ᠤᠨ ᠤᠮᠠᠷᠠᠲᠤ ᠵᠢᠨ ᠴᠢᠬᠤᠯᠠ ᠠᠮᠢ ᠠᠬᠤᠢ ᠵᠢᠨ ᠠᠮᠤᠷ ᠲᠦᠪᠰᠢᠨ᠎ᠤ ᠬᠠᠯᠬᠠᠪᠴᠢ ᠵᠢ ᠪᠦᠲᠦᠭᠡᠨ ᠪᠠᠢ᠌ᠭᠤᠯᠬᠤ ᠶᠠᠪᠤᠴᠠ᠎ᠳᠠᠬᠢ ᠪᠠᠷᠢᠮᠵᠢᠶᠠᠵᠢᠭᠤᠯᠤᠯᠲᠠ ᠵᠢᠨ ᠮᠡᠷᠭᠡᠵᠢᠯ᠎ᠤᠨ ᠲᠤᠯᠭ᠋ᠠᠭᠤᠷᠢᠯᠠᠯ ᠪᠠ ᠵᠢᠱ᠌ᠢᠶ᠎ᠡ ᠦᠵᠡᠭᠦᠯᠵᠦ ᠬᠥᠲᠥᠯᠥᠨ ᠳᠠᠭ᠋ᠠᠭᠤᠯᠬᠤ ᠦᠢ᠍ᠯᠡᠳᠦᠯ᠎ᠢ ᠭᠦᠢ᠍ᠴᠡᠳ ᠪᠠᠳᠠᠷᠠᠭᠤᠯᠵᠤ᠂ ᠠᠮᠢ ᠠᠬᠤᠢ ᠣᠷᠴᠢᠨ ᠲᠣᠭᠣᠷᠢᠨ᠎ᠤ ᠵᠠᠰᠠᠯᠲᠠ ᠵᠢᠨ ᠴᠢᠳᠠᠪᠤᠷᠢ ᠵᠢ ᠴᠢᠷᠮᠠᠢ᠌ᠨ ᠳᠡᠭᠡᠭᠰᠢᠯᠡᠭᠦᠯᠵᠦ᠂ ᠦᠵᠡᠰᠬᠦᠯᠡᠩᠲᠦ ᠰᠠᠢ᠌ᠬᠠᠨ ᠥᠪᠥᠷ ᠮᠣᠩᠭᠣᠯ᠎ᠤᠨ ᠪᠦᠲᠦᠭᠡᠨ ᠪᠠᠢ᠌ᠭᠤᠯᠤᠯᠲᠠ ᠵᠢ ᠪᠦᠬᠦ ᠲᠠᠯ᠎ᠠ᠎ᠪᠠᠷ ᠠᠬᠢᠭᠤᠯᠬᠤ ᠵᠢᠨ ᠲᠥᠯᠥᠭᠡ᠂ 5 ᠰᠠᠷ᠎ᠠ ᠵᠢᠨ 24᠎ᠤ ᠦᠳᠡ ᠵᠢᠨ ᠬᠣᠢ᠌ᠨ᠎ᠠ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠪᠦᠷᠢᠯᠳᠦᠬᠦᠨ᠂ ᠲᠢᠩᠬᠢᠮ᠎ᠤᠨ ᠳᠡᠳ᠋ ᠳᠠᠷᠤᠭ᠎ᠠ ᠸᠠᠩ ᠢ ᠯᠢᠩ ᠪᠦᠯᠬᠦᠮ ᠳᠠᠭ᠋ᠠᠭᠤᠯᠤᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠶᠠᠰᠤ ᠴᠢᠨᠠᠷ ᠪᠣᠯᠣᠨ ᠪᠠᠷᠢᠮᠵᠢᠶᠠᠵᠢᠭᠤᠯᠤᠯᠲᠠ ᠵᠢᠨ ᠰᠤᠳᠤᠯᠭ᠋ᠠᠨ᠎ᠤ ᠬᠦᠷᠢᠶᠡᠯᠡᠩ᠎ᠳᠤ ᠬᠦᠷᠴᠦ᠂ 《ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠵᠢᠨ ᠪᠣᠯᠪᠠᠰᠤᠨ᠎ᠤ ᠦᠵᠡᠯ ᠰᠠᠨᠠᠭ᠎ᠠ ᠵᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠮᠠᠨ᠎ᠤ ᠤᠯᠤᠰ᠎ᠤᠨ ᠤᠮᠠᠷᠠᠲᠤ ᠵᠢᠨ ᠴᠢᠬᠤᠯᠠ ᠠᠮᠢ ᠠᠬᠤᠢ ᠵᠢᠨ ᠠᠮᠤᠷ ᠲᠦᠪᠰᠢᠨ᠎ᠤ ᠬᠠᠯᠬᠠᠪᠴᠢ ᠵᠢᠨ ᠪᠠᠷᠢᠮᠵᠢᠶ᠎ᠠ ᠵᠢᠨ ᠰᠢᠰᠲ᠋ᠧᠮ᠎ᠢ ᠪᠠᠢ᠌ᠭᠤᠯᠬᠤ》 ᠭᠣᠣᠯ ᠰᠡᠳᠦᠪᠲᠦ ᠨᠠᠮ᠎ᠤᠨ ᠡᠳᠦᠷ᠎ᠤᠨ ᠠᠵᠢᠯᠯᠠᠭ᠎ᠠ ᠵᠢ ᠬᠠᠮᠲᠤᠷᠠᠨ ᠥᠷᠨᠢᠭᠦᠯᠵᠡᠢ᠃
ᠥᠪᠡᠷᠲᠡᠭᠡᠨ ᠵᠠᠰᠠᠬᠤ ᠣᠷᠣᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ ᠵᠢᠨ ᠬᠣᠶᠠᠳᠤᠭ᠋ᠠᠷ ᠳᠡᠰ᠎ᠤᠨ ᠲᠣᠭᠣᠷᠢᠨ ᠪᠠᠢ᠌ᠴᠠᠭ᠋ᠠᠭᠴᠢ ᠵᠠᠩ ᠱ᠌ᠢ ᠯᠢᠨ᠂ ᠶᠠᠰᠤ ᠴᠢᠨᠠᠷ ᠪᠠ ᠪᠠᠷᠢᠮᠵᠢᠶᠠᠵᠢᠭᠤᠯᠤᠯᠲᠠ ᠵᠢᠨ ᠰᠤᠳᠤᠯᠭ᠋ᠠᠨ᠎ᠤ ᠬᠦᠷᠢᠶᠡᠯᠡᠩ᠎ᠤᠨ ᠨᠠᠮ᠎ᠤᠨ ᠶᠡᠷᠦᠩᠬᠡᠢ ᠡᠭᠦᠷ᠎ᠤᠨ ᠪᠦᠷᠢᠯᠳᠦᠬᠦᠨ᠂ ᠡᠯ᠎ᠡ ᠰᠠᠯᠠᠭ᠎ᠠ ᠮᠥᠴᠢᠷ᠎ᠤᠨ ᠬᠠᠷᠢᠭᠤᠴᠠᠯᠭ᠋ᠠᠲᠠᠨ᠂ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠬᠣᠯᠪᠣᠭᠳᠠᠯ ᠪᠦᠬᠦᠢ ᠨᠠᠮ᠎ᠤᠨ ᠵᠣᠬᠢᠶᠠᠨ ᠪᠠᠢ᠌ᠭᠤᠯᠤᠯᠲᠠ ᠵᠢᠨ ᠱᠦᠵᠢ᠂ ᠨᠠᠮ᠎ᠤᠨ ᠭᠡᠰᠢᠭᠦᠨ ᠲᠤᠰ ᠤᠳᠠᠭ᠋ᠠᠨ᠎ᠤ ᠨᠠᠮ᠎ᠤᠨ ᠡᠳᠦᠷ᠎ᠤᠨ ᠠᠵᠢᠯᠯᠠᠭ᠎ᠠ᠎ᠳᠤ ᠣᠷᠣᠯᠴᠠᠪᠠ᠃
ᠠᠵᠢᠯᠯᠠᠭ᠎ᠠ ᠳᠤᠮᠳᠠ᠂ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠨᠠᠮ᠎ᠤᠨ ᠭᠡᠰᠢᠭᠦᠳ ᠥᠪᠥᠷ ᠮᠣᠩᠭᠣᠯ᠎ᠤᠨ ᠶᠠᠰᠤ ᠴᠢᠨᠠᠷ ᠪᠠ ᠪᠠᠷᠢᠮᠵᠢᠶᠠᠵᠢᠭᠤᠯᠤᠯᠲᠠ ᠵᠢᠨ ᠰᠤᠳᠤᠯᠭ᠋ᠠᠨ᠎ᠤ ᠬᠦᠷᠢᠶᠡᠯᠡᠩ᠎ᠤᠨ ᠨᠠᠮ᠎ᠤᠨ ᠪᠠᠢ᠌ᠭᠤᠯᠤᠯᠲᠠ ᠵᠢᠨ ᠠᠵᠢᠯ᠎ᠤᠨ ᠪᠠᠶ᠋ᠢᠳᠠᠯ ᠵᠢᠴᠢ ᠥᠪᠡᠷᠲᠡᠭᠡᠨ ᠵᠠᠰᠠᠬᠤ ᠣᠷᠣᠨ᠎ᠤ ᠪᠠᠷᠢᠮᠵᠢᠶᠠᠵᠢᠭᠤᠯᠤᠯᠲᠠ᠂ 《ᠮᠧᠩ》 ᠦᠰᠦᠭ᠎ᠤᠨ ᠲᠡᠮᠳᠡᠭ᠎ᠤᠨ ᠭᠡᠷᠡᠴᠢᠯᠡᠯ᠂ ᠵᠣᠬᠢᠶᠠᠨ ᠪᠠᠢ᠌ᠭᠤᠯᠤᠯᠲᠠ ᠵᠢᠨ ᠪᠠᠢ᠌ᠭᠤᠯᠤᠮᠵᠢ ᠵᠢᠨ ᠨᠢᠭᠡᠳᠦᠯᠲᠡᠢ ᠨᠡᠢ᠌ᠭᠡᠮ᠎ᠤᠨ ᠢᠲᠡᠭᠡᠮᠵᠢ ᠵᠢᠨ ᠺᠣᠳ᠋ ᠪᠠ ᠲᠠᠸᠠᠷ᠎ᠤᠨ ᠵᠢᠷᠤᠭ᠋ᠠᠰᠤᠨ ᠺᠣᠳ᠋ ᠵᠡᠷᠭᠡ ᠠᠵᠢᠯ᠎ᠤᠨ ᠪᠠᠶ᠋ᠢᠳᠠᠯ᠎ᠳᠤ ᠪᠠᠢ᠌ᠴᠠᠭ᠋ᠠᠨ ᠰᠤᠳᠤᠯᠤᠯᠲᠠ ᠬᠢᠬᠦ᠎ᠪᠠᠷ ᠳᠡᠮᠵᠢᠨ᠂ ᠥᠪᠡᠷᠲᠡᠭᠡᠨ ᠵᠠᠰᠠᠬᠤ ᠣᠷᠣᠨ᠎ᠤ ᠤᠮᠠᠷᠠᠲᠤ ᠵᠢᠨ ᠠᠮᠢ ᠠᠬᠤᠢ ᠵᠢᠨ ᠠᠮᠤᠷ ᠲᠦᠪᠰᠢᠨ᠎ᠤ ᠬᠠᠯᠬᠠᠪᠴᠢ ᠵᠢᠨ ᠪᠠᠷᠢᠮᠵᠢᠶᠠᠵᠢᠭᠤᠯᠬᠤ ᠪᠦᠲᠦᠭᠡᠨ ᠪᠠᠢ᠌ᠭᠤᠯᠤᠯᠲᠠ ᠵᠢᠨ ᠴᠢᠬᠤᠯᠠ ᠴᠢᠨᠠᠷ᠎ᠤᠨ ᠲᠤᠬᠠᠢ ᠲᠠᠨᠢᠯᠲᠠ᠎ᠪᠠᠨ ᠤᠯᠠᠮ ᠨᠢᠭᠡ ᠠᠯᠬᠤᠮ ᠭᠦᠨᠵᠡᠭᠡᠢ᠌ᠷᠡᠭᠦᠯᠵᠦ᠂ ᠥᠪᠥᠷ ᠮᠣᠩᠭᠣᠯ᠎ᠤᠨ ᠶᠠᠰᠤ ᠴᠢᠨᠠᠷ ᠪᠠ ᠪᠠᠷᠢᠮᠵᠢᠶᠠᠵᠢᠭᠤᠯᠬᠤ ᠰᠤᠳᠤᠯᠭ᠋ᠠᠨ᠎ᠤ ᠬᠦᠷᠢᠶᠡᠯᠡᠩ᠎ᠤᠨ ᠡᠭᠦᠷᠭᠡ ᠴᠢᠳᠠᠪᠤᠷᠢ᠂ ᠲᠤᠬᠠᠢ᠌ᠯᠠᠭᠰᠠᠨ ᠠᠵᠢᠯ᠎ᠤᠨ ᠬᠦᠷᠢᠶ᠎ᠡ ᠬᠡᠪᠴᠢᠶ᠎ᠡ ᠵᠡᠷᠭᠡ ᠵᠢ ᠣᠢ᠌ᠯᠠᠭ᠋ᠠᠪᠠ᠃ ᠲᠣᠭᠣᠷᠢᠨ ᠦᠵᠡᠵᠦ ᠳᠠᠭᠤᠰᠤᠭᠰᠠᠨ᠎ᠤ ᠳᠠᠷᠠᠭ᠎ᠠ᠂ ᠬᠣᠶᠠᠷ ᠲᠠᠯ᠎ᠠ᠎ᠪᠠᠷ ᠵᠶ᠋ᠠᠨ ᠠᠵᠢᠯᠯᠠᠭ᠎ᠠ ᠵᠢᠨ ᠭᠣᠣᠯ ᠰᠡᠳᠦᠪ᠎ᠤᠨ ᠲᠣᠭᠣᠷᠢᠨ᠎ᠳᠤ᠂ ᠲᠤᠰ ᠲᠤᠰ᠎ᠤᠨ ᠡᠭᠦᠷᠭᠡ ᠴᠢᠳᠠᠪᠬᠢ ᠡᠭᠦᠷᠭᠡ ᠬᠠᠷᠢᠭᠤᠴᠠᠯᠭ᠎ᠠ᠎ᠲᠠᠢ᠎ᠪᠠᠨ ᠤᠶᠠᠯᠳᠤᠭᠤᠯᠵᠤ᠂ 《ᠮᠠᠨ᠎ᠤ ᠤᠯᠤᠰ᠎ᠤᠨ ᠤᠮᠠᠷᠠᠲᠤ ᠵᠢᠨ ᠴᠢᠬᠤᠯᠠ ᠠᠮᠢ ᠠᠬᠤᠢ ᠵᠢᠨ ᠠᠮᠤᠷ ᠲᠦᠪᠰᠢᠨ᠎ᠤ ᠬᠠᠯᠬᠠᠪᠴᠢ ᠵᠢᠨ ᠪᠠᠷᠢᠮᠵᠢᠶ᠎ᠠ ᠵᠢᠨ ᠰᠢᠰᠲ᠋ᠧᠮ᠎ᠤᠨ ᠪᠠᠢ᠌ᠭᠤᠯᠤᠯᠲᠠ ᠵᠢᠨ ᠵᠦᠭᠯᠡᠭᠦᠷ》᠎ᠤᠨ ᠬᠠᠮᠢᠶ᠎ᠠ ᠪᠦᠬᠦᠢ ᠠᠭᠤᠯᠭ᠎ᠠ ᠵᠢᠨ ᠲᠤᠬᠠᠢ ᠶᠠᠷᠢᠯᠴᠠᠨ ᠰᠣᠯᠢᠯᠴᠠᠪᠠ᠃ ᠬᠣᠶᠠᠷ ᠲᠠᠯ᠎ᠠ᠎ᠪᠠᠷ ᠵᠶ᠋ᠠᠨ᠂ ᠨᠠᠭᠦᠷᠡᠰᠦᠲᠦ᠋ᠷᠦᠭᠴᠢ ᠵᠢᠨ ᠭᠠᠳᠠᠭᠰᠢᠭᠤᠯᠤᠯᠳᠠ ᠵᠢᠨ ᠣᠷᠬᠢᠯ ᠬᠡᠮᠵᠢᠭᠳᠡᠯ᠎ᠳᠤ ᠬᠦᠷᠬᠦ ᠪᠠ ᠨᠠᠭᠦᠷᠡᠰᠦᠲᠦ᠋ᠷᠦᠭᠴᠢ ᠵᠢᠨ ᠰᠠᠭ᠋ᠠᠷᠮᠠᠭᠵᠢᠯ᠂ ᠠᠮᠢ ᠠᠬᠤᠢ ᠣᠷᠴᠢᠨ ᠲᠣᠭᠣᠷᠢᠨ᠎ᠢ ᠰᠡᠷᠭᠦᠭᠡᠬᠦ᠂ ᠠᠭᠤᠯᠠ ᠤᠰᠤ ᠤᠢ ᠰᠢᠭᠤᠢ ᠲᠠᠷᠢᠶᠠᠨ ᠭᠠᠵᠠᠷ ᠨᠠᠭᠤᠷ ᠪᠦᠷᠢᠳᠦ ᠡᠪᠡᠰᠦ ᠪᠡᠯᠴᠢᠭᠡᠷ ᠡᠯᠡᠰᠦ ᠮᠠᠩᠬ᠎ᠠ ᠵᠢᠨ ᠰᠢᠰᠲ᠋ᠧᠮ᠎ᠤᠨ ᠵᠠᠰᠠᠯᠲᠠ ᠵᠡᠷᠭᠡ ᠬᠦᠷᠢᠶᠡᠨ᠎ᠳᠤ ᠪᠠᠷᠢᠮᠵᠢᠶᠠᠵᠢᠭᠰᠠᠨ ᠰᠣᠯᠢᠯᠴᠠᠭ᠎ᠠ ᠪᠠ ᠬᠠᠮᠲᠤᠷᠠᠯᠴᠠᠭ᠎ᠠ ᠥᠷᠨᠢᠭᠦᠯᠬᠦ ᠬᠡᠷᠡᠭᠲᠡᠢ ᠭᠡᠵᠦ ᠢᠯᠡᠳᠬᠡᠵᠡᠢ᠃