ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠠᠮᠢ ᠠᠬᠤᠢ᠎ᠶᠢᠨ ᠬᠠᠮᠠᠭᠠᠯᠠᠯᠲᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ
ᠪᠣᠬᠢᠷᠳᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ
ᠢᠯᠡ ᠵᠠᠰᠠᠭ   -   ᠠᠵᠢᠯᠲᠠᠨ᠎ᠤ ᠶᠠᠪᠣᠳᠠᠯ᠎ᠢ ᠵᠣᠬᠢᠶᠠᠨ ᠪᠠᠶ᠋ᠢᠭᠤᠯᠬᠤ
ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ ᠲᠤᠰᠬᠠᠢ ᠰᠡᠳᠦᠪᠲᠦ ᠲᠠᠢ᠌ᠯᠤᠮᠵᠢ ᠵᠣᠬᠢᠶᠠᠨ ᠪᠠᠢ᠌ᠭᠤᠯᠵᠠᠢ
ᠨᠡᠶ᠋ᠢᠲᠡᠯᠡᠭᠰᠡᠨ ᠴᠠᠭ᠄ 2024-06-20

      ᠶᠡᠷᠦᠩᠬᠡᠢ ᠱᠦᠵᠢ ᠰᠢ ᠵᠢᠨ ᠫᠢᠩ᠎ᠤᠨ ᠦᠨᠳᠦᠰᠦᠲᠡᠨ᠎ᠤ ᠠᠵᠢᠯ᠎ᠢ ᠴᠢᠩᠭ᠋ᠠᠳᠬᠠᠨ ᠰᠠᠢ᠌ᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠪᠡᠬᠢ ᠪᠤᠢ ᠪᠣᠯᠭ᠋ᠠᠬᠤ ᠵᠢᠨ ᠲᠥᠯᠥᠭᠡ᠂ 5 ᠰᠠᠷ᠎ᠠ ᠵᠢᠨ 27᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠠᠴᠠ ᠥᠪᠥᠷ ᠮᠣᠩᠭᠣᠯ᠎ᠤᠨ ᠨᠠᠮ᠎ᠤᠨ ᠰᠤᠷᠭ᠋ᠠᠭᠤᠯᠢ ᠵᠢᠨ ᠦᠨᠳᠦᠰᠦᠲᠡᠨ᠎ᠤ ᠤᠨᠤᠯ ᠬᠢᠭᠡᠳ ᠲᠥᠷᠥ ᠵᠢᠨ ᠪᠣᠳᠣᠯᠭ᠎ᠠ ᠵᠢᠨ ᠵᠢᠭ᠋ᠠᠨ ᠰᠤᠳᠤᠯᠬᠤ ᠬᠡᠯᠲᠡᠰ᠎ᠤᠨ ᠬᠤ᠌ ᠴᠢᠩ ᠬᠦᠢ ᠫᠷᠣᠹᠧᠰᠰᠣᠷ᠎ᠢ ᠤᠷᠢᠵᠤ 《ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠪᠡᠬᠢ ᠪᠤᠢ ᠪᠣᠯᠭ᠋ᠠᠬᠤ ᠲᠤᠬᠠᠢ ᠰᠢ ᠵᠢᠨ ᠫᠢᠩ᠎ᠤᠨ ᠴᠢᠬᠤᠯᠠ ᠥᠭᠦᠯᠡᠯᠲᠡ》 ᠵᠢᠨ ᠲᠤᠰᠬᠠᠢ ᠰᠡᠳᠦᠪᠲᠦ ᠵᠢᠯᠣᠭᠣᠳᠤᠯᠭ᠎ᠠ ᠬᠢᠯᠭᠡᠵᠡᠢ᠃
      ᠬᠤ᠌ ᠴᠢᠩ ᠬᠦᠢ ᠫᠷᠣᠹᠧᠰᠰᠣᠷ ᠰᠢ ᠵᠢᠨ ᠫᠢᠩ᠎ᠤᠨ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠤᠢ ᠪᠣᠯᠭ᠋ᠠᠬᠤ ᠲᠤᠬᠠᠢ ᠴᠢᠬᠤᠯᠠ ᠥᠭᠦᠯᠡᠯᠲᠡ ᠵᠢᠨ ᠲᠣᠭᠣᠷᠢᠨ᠎ᠳᠤ 《ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠡᠵᠡᠮᠳᠡᠨ ᠪᠡᠬᠢᠵᠢᠭᠦᠯᠬᠦ ᠡᠨᠡᠬᠦ ᠭᠣᠣᠯ ᠰᠢᠵᠢᠮ᠎ᠢ ᠪᠠᠲᠤ ᠡᠵᠡᠮᠳᠡᠬᠦ》᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠤᠨ ᠪᠠᠶᠠᠯᠢᠭ ᠠᠭᠤᠯᠤᠭᠳᠠᠬᠤᠨ᠎ᠢ ᠪᠠᠲᠤ ᠴᠣᠭᠴᠠᠯᠠᠬᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ ᠵᠢᠨ ᠪᠠᠢ᠌ᠯᠳᠤᠬᠤ ᠪᠣᠳᠣᠯᠭ᠎ᠠ ᠵᠢᠨ ᠠᠴᠢ ᠬᠣᠯᠪᠣᠭᠳᠠᠯ ᠪᠣᠯᠣᠨ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ ᠵᠢᠨ ᠦᠢ᠍ᠯᠡᠳᠦᠯᠭᠡ ᠵᠢᠨ ᠱᠠᠭ᠋ᠠᠷᠳᠠᠯᠭ᠎ᠠ ᠵᠢ ᠭᠦᠨᠵᠡᠭᠡᠢ ᠲᠣᠳᠣᠷᠬᠠᠢ᠌ᠯᠠᠨ ᠥᠭᠦᠯᠡᠪᠡ᠃
      ᠪᠠᠭᠰᠢ ᠵᠢᠨ ᠬᠢᠴᠢᠶᠡᠯ ᠵᠢᠭ᠋ᠠᠬᠤ᠎ᠪᠠᠷ ᠳᠠᠮᠵᠢᠨ ᠦᠨᠳᠦᠰᠦᠲᠡᠨ᠎ᠤ ᠠᠵᠢᠯ᠎ᠤᠨ ᠲᠤᠬᠠᠢ ᠲᠠᠨᠢᠯᠲᠠ᠎ᠪᠠᠨ ᠭᠦᠨᠵᠡᠭᠡᠢ᠌ᠷᠡᠭᠦᠯᠵᠦ᠂ ᠳᠤᠮᠳᠠᠳᠤ ᠵᠢᠨ ᠦᠨᠳᠦᠰᠦᠲᠡᠨ᠎ᠢ ᠮᠡᠳᠡᠷᠡᠬᠦ ᠰᠡᠳᠬᠢᠯᠭᠡ᠂ ᠬᠠᠷᠢᠶᠠᠯᠠᠭᠳᠠᠬᠤ ᠰᠡᠳᠬᠢᠯᠭᠡ᠂ ᠣᠮᠣᠭ ᠪᠠᠬᠠᠳᠤᠯᠲᠤ ᠰᠡᠳᠬᠢᠯᠭᠡ᠎ᠪᠠᠨ ᠨᠡᠮᠡᠭᠳᠡᠭᠦᠯᠦᠯ᠎ᠡ ᠭᠡᠵᠦ ᠤᠯᠠᠨ ᠵᠶ᠋ᠠᠷ ᠵᠶ᠋ᠠᠨ ᠢᠯᠡᠳᠬᠡᠵᠡᠭᠡᠪᠡ᠃ 《ᠬᠣᠶᠠᠷ᠎ᠢ ᠲᠣᠭᠲᠠᠭ᠋ᠠᠬᠤ》 ᠵᠢ ᠦᠨᠡᠨᠴᠢ ᠰᠢᠳᠤᠷᠭᠤ᠎ᠪᠠᠷ ᠬᠠᠮᠠᠭ᠋ᠠᠯᠠᠵᠤ᠂ 《ᠳᠥᠷᠪᠡᠨ ᠤᠬᠠᠮᠰᠠᠷ》᠎ᠢ ᠪᠠᠲᠤ ᠪᠤᠢ ᠪᠣᠯᠭ᠋ᠠᠵᠤ᠂ 《ᠳᠥᠷᠪᠡᠨ ᠢᠲᠡᠭᠡᠯ》᠎ᠢ ᠪᠠᠲᠤᠳᠬᠠᠵᠤ᠂ 《ᠬᠣᠶᠠᠷ᠎ᠢ ᠬᠠᠮᠠᠭ᠋ᠠᠯᠠᠬᠤ》 ᠵᠢ ᠡᠷᠡᠰ ᠪᠡᠶᠡᠯᠡᠭᠦᠯᠬᠦ ᠬᠡᠷᠡᠭᠲᠡᠢ᠃ ᠶᠡᠷᠦᠩᠬᠡᠢ ᠱᠦᠵᠢ ᠰᠢ ᠵᠢᠨ ᠫᠢᠩ᠎ᠤᠨ ᠦᠨᠳᠦᠰᠦᠲᠡᠨ᠎ᠤ ᠠᠵᠢᠯ᠎ᠢ ᠴᠢᠩᠭ᠋ᠠᠳᠬᠠᠨ ᠰᠠᠢ᠌ᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠵᠢ ᠪᠦᠷᠢᠨ ᠪᠦᠲᠦᠨ᠂ ᠣᠨᠣᠪᠴᠢᠲᠠᠢ᠂ ᠪᠥᠬᠥ ᠲᠠᠯ᠎ᠠ᠎ᠪᠠᠷ  ᠲᠤᠭᠤᠰᠢᠯᠠᠭᠤᠯᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠦᠵᠡᠯ ᠤᠬᠠᠮᠰᠠᠷ᠎ᠢ ᠪᠠᠲᠤ ᠪᠡᠬᠢ ᠪᠤᠢ ᠪᠣᠯᠭ᠋ᠠᠬᠤ᠎ᠪᠠᠷ ᠭᠣᠣᠯ ᠰᠢᠵᠢᠮ ᠪᠣᠯᠭ᠋ᠠᠵᠤ᠂ ᠶᠡᠷᠦᠩᠬᠡᠢ ᠱᠦᠵᠢ ᠰᠢ ᠵᠢᠨ ᠫᠢᠩ ᠥᠪᠥᠷ ᠮᠣᠩᠭᠣᠯ᠎ᠳᠤ ᠲᠤᠰᠢᠶᠠᠭᠰᠠᠨ ᠲᠠᠪᠤᠨ ᠶᠡᠬᠡ ᠡᠭᠦᠷᠭᠡ ᠵᠢ ᠰᠠᠶ᠋ᠢᠲᠤᠷ ᠪᠡᠶᠡᠯᠡᠭᠦᠯᠬᠦ ᠪᠠ ᠵᠢᠱ᠌ᠢᠶᠡᠴᠢ ᠥᠪᠡᠷᠲᠡᠭᠡᠨ ᠵᠠᠰᠠᠬᠤ ᠣᠷᠣᠨ᠎ᠢ ᠪᠥᠬᠥ ᠲᠠᠯ᠎ᠠ᠎ᠪᠠᠷ ᠪᠦᠲᠦᠭᠡᠨ ᠪᠠᠢ᠌ᠭᠤᠯᠬᠤ ᠬᠣᠶᠠᠷ ᠶᠡᠬᠡ ᠶᠠᠪᠤᠳᠠᠯ᠎ᠢ ᠰᠠᠶ᠋ᠢᠲᠤᠷ ᠪᠡᠶᠡᠯᠡᠭᠦᠯᠬᠦ᠎ᠳᠤ ᠬᠦᠴᠦᠨ ᠴᠢᠳᠠᠯ ᠵᠶ᠋ᠠᠨ ᠡᠷᠭᠦᠪᠡ ᠭᠡᠵᠦ ᠢᠯᠡᠳᠭᠡᠵᠢᠭᠡᠪᠡ᠃
      ᠲᠠᠢ᠌ᠯᠤᠮᠵᠢ ᠵᠢ ᠸᠢᠳᠢᠤ᠋ ᠬᠤᠷᠠᠯ᠎ᠤᠨ ᠬᠡᠯᠪᠡᠷᠢ᠎ᠪᠠᠷ ᠶᠠᠪᠤᠭᠳᠠᠭᠤᠯᠵᠤ᠂ ᠲᠢᠩᠬᠢᠮ᠎ᠤᠨ ᠤᠳᠤᠷᠢᠳᠤᠯᠭ᠎ᠠ᠂ ᠲᠢᠩᠬᠢᠮ᠎ᠳᠤ ᠰᠠᠭᠤᠭ᠎ᠠ ᠰᠠᠬᠢᠯᠭ᠎ᠠ ᠪᠠᠲᠤ ᠪᠠᠢ᠌ᠴᠠᠭ᠋ᠠᠬᠤ ᠬᠢᠨᠠᠨ ᠪᠠᠢ᠌ᠴᠠᠭ᠋ᠠᠬᠤ ᠳᠤᠭᠤᠢ᠌ᠯᠠᠩ᠂ ᠪᠠᠢ᠌ᠭᠤᠯᠤᠯᠭ᠎ᠠ ᠵᠢᠨ ᠪᠦᠬᠦ ᠺᠠᠳ᠋ᠷ᠂ ᠲᠢᠩᠬᠢᠮ᠎ᠤᠨ ᠬᠠᠷᠢᠶ᠎ᠠ ᠠᠵᠢᠯ ᠦᠢ᠍ᠯᠡᠰ᠎ᠤᠨ ᠨᠢᠭᠡᠴᠢ ᠵᠢᠨ ᠰᠠᠯᠠᠭ᠎ᠠ ᠵᠢᠨ ᠲᠡᠰ᠎ᠠᠴᠠ ᠳᠡᠭᠡᠭᠰᠢᠬᠢ ᠺᠠᠳ᠋ᠷ ᠭᠣᠣᠯ ᠬᠤᠷᠠᠯ᠎ᠤᠨ ᠲᠠᠯᠠᠪᠠᠢ᠎ᠳᠤ ᠰᠣᠨᠣᠰᠴᠠᠢ᠃ ᠬᠢᠨᠠᠨ ᠬᠡᠮᠵᠢᠬᠦ ᠶᠡᠷᠦᠩᠬᠡᠢ ᠥᠷᠲᠡᠭᠡ ᠵᠢᠨ ᠡᠯ᠎ᠡ ᠬᠤᠪᠢᠶᠠᠷᠢ ᠥᠷᠲᠡᠭᠡ᠂ ᠴᠥᠮ᠎ᠡ ᠵᠢᠨ ᠪᠠ ᠰᠠᠴᠤᠷᠠᠯᠲᠠ ᠵᠢᠨ ᠲᠥᠪ᠎ᠤᠨ᠎ᠬᠢᠨ ᠬᠤᠪᠢᠶᠠᠷᠢ ᠬᠤᠷᠠᠯ᠎ᠤᠨ ᠲᠠᠯᠠᠪᠠᠶ᠎ᠳᠤ ᠵᠡᠷᠭᠡᠪᠡᠷ ᠭᠥᠯᠢᠶᠡᠨ ᠠᠪᠴᠤ ᠰᠣᠨᠣᠰᠴᠤ ᠦᠵᠡᠪᠡ᠃

ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠮᠢ ᠠᠬᠤᠢ ᠤᠷᠴᠢᠨ ᠲᠤᠭᠤᠷᠢᠨ᠎ᠤ ᠲᠢᠩᠬᠢᠮ
          
ᠬᠠᠮᠢᠶ᠎ᠡ ᠪᠦᠬᠦᠢ ᠰᠣᠨᠢᠨ
ᠰᠢ ᠵᠢᠨ ᠫᠢᠩ᠎ᠤᠨ ᠠᠮᠢ ᠠᠬᠤᠢ ᠵᠢᠨ ᠪᠣᠯᠪᠠᠰᠤᠨ᠎ᠤ ᠦᠵᠡᠯ ᠰᠠᠨᠠᠭ᠎ᠠ ᠵᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ ᠮᠠᠨ᠎ᠤ ᠤᠯᠤᠰ᠎ᠤᠨ ᠤᠮᠠᠷᠠᠲᠤ ᠵᠢᠨ ᠴᠢᠬᠤᠯᠠ ᠠᠮᠢ ᠠᠬᠤᠢ ᠵᠢᠨ ᠠᠮᠤᠷ ᠲᠦᠪᠰᠢᠨ᠎ᠤ ᠬᠠᠯᠬᠠᠪᠴᠢ ᠵᠢᠨ ᠪᠠᠷᠢᠮᠵᠢᠶ᠎ᠠ ᠵᠢᠨ ᠰᠢᠰᠲ᠋ᠧᠮ᠎ᠢ ᠪᠠᠢ᠌ᠭᠤᠯᠤᠨ᠎ᠠ — ᠠᠮᠢ ᠠᠬᠤᠢ ᠣᠷᠴᠢᠨ ᠲᠣᠭᠣᠷᠢᠨ᠎ᠤ ᠲᠢᠩᠬᠢᠮ ᠬᠢᠭᠡᠳ ᠥᠪᠥᠷ ᠮᠣᠩᠭᠣᠯ᠎ᠤᠨ ᠶᠠᠰᠤ ᠴᠢᠨᠠᠷ ᠪᠠ ᠪᠠᠷᠢᠮᠵᠢᠶᠠᠵᠢᠭᠤᠯᠤᠯᠲᠠ ᠵᠢᠨ ᠰᠤᠳᠤᠯᠭ᠋ᠠᠨ᠎ᠤ ᠬᠦᠷᠢᠶᠡᠯᠡᠩ ᠬᠠᠮᠲᠤᠷᠠᠨ ᠭᠣᠣᠯ ᠰᠡᠳᠦᠪᠲᠦ ᠨᠠᠮ᠎ᠤᠨ ᠡᠳᠦᠷ᠎ᠤᠨ ᠠᠵᠢᠯᠯᠠᠭ᠎ᠠ ᠵᠢ ᠥᠷᠨᠢᠭᠦᠯᠵᠡᠢ
ᠠᠷᠢᠭᠤᠨ ᠴᠢᠬᠡᠴᠢ᠎ᠪᠠᠷ ᠵᠠᠰᠠᠭ ᠪᠠᠷᠢᠨ ᠤᠭ ᠴᠢᠨᠠᠷ ᠵᠶ᠋ᠠᠨ ᠡᠭᠦᠷᠢᠳᠡ ᠬᠠᠮᠠᠭ᠋ᠠᠯᠠᠰᠤᠭ᠋ᠠᠢ — ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠵᠢᠨ ᠣᠷᠴᠢᠨ ᠲᠣᠭᠣᠷᠢᠨ᠎ᠤ ᠲᠢᠩᠬᠢᠮ ᠭᠠᠵᠠᠷ᠎ᠤᠨ ᠲᠡᠰ᠎ᠠᠴᠠ ᠳᠡᠭᠡᠭᠰᠢᠬᠢ ᠺᠠᠳ᠋ᠷ ᠬᠥᠬᠡᠬᠣᠲᠠ ᠵᠢᠨ ᠭᠤᠷᠪᠠᠳᠤᠭ᠋ᠠᠷ ᠭᠢᠨᠳᠠᠨ᠎ᠳᠤ ᠬᠦᠷᠴᠦ ᠰᠡᠷᠡᠮᠵᠢᠯᠡᠭᠦᠯᠬᠦ ᠬᠥᠮᠦᠵᠢᠯ ᠥᠷᠨᠢᠭᠦᠯᠪᠡ
 
             蒙ICP备05000248号