ᠨᠠᠮ᠎ᠤᠨ ᠰᠠᠬᠢᠯᠭ᠎ᠠ ᠪᠠᠲᠤ ᠵᠢᠨ ᠰᠤᠷᠤᠯᠴᠠᠯᠭ᠎ᠠ ᠬᠥᠮᠦᠵᠢᠯ᠎ᠤᠨ ᠭᠦᠨᠵᠡᠭᠡᠢ᠌ᠷᠡᠨ ᠪᠣᠳᠠᠲᠠᠢ᠌ᠵᠢᠬᠤ ᠵᠢ ᠴᠢᠨᠠᠭᠰᠢᠳᠠ ᠠᠬᠢᠭᠤᠯᠵᠤ᠂ ᠰᠡᠷᠡᠮᠵᠢᠯᠡᠭᠦᠯᠬᠦ ᠬᠥᠮᠦᠵᠢᠯ᠎ᠤᠨ ᠰᠦᠷᠳᠡᠭᠦᠯᠦᠯ᠎ᠢ ᠴᠢᠩᠭ᠋ᠠᠳᠬᠠᠬᠤ᠂ ᠰᠡᠷᠭᠡᠢ᠌ᠯᠡᠯᠲᠡ ᠵᠢᠨ ᠱᠤᠭᠤᠮ᠎ᠢ ᠪᠡᠬᠢᠵᠢᠭᠦᠯᠬᠦ ᠦᠢ᠍ᠯᠡᠳᠦᠯ᠎ᠢ ᠭᠦᠢ᠍ᠴᠡᠳ ᠪᠠᠳᠠᠷᠠᠭᠤᠯᠵᠤ᠂ ᠨᠠᠮ᠎ᠤᠨ ᠭᠡᠰᠢᠭᠦᠨ ᠤᠳᠤᠷᠢᠳᠬᠤ ᠺᠠᠳ᠋ᠷᠴᠤᠳ᠎ᠤᠨ ᠠᠷᠢᠭᠤᠨ ᠴᠢᠬᠡᠴᠢ ᠪᠡᠶ᠎ᠡ᠎ᠪᠠᠨ ᠪᠠᠷᠢᠬᠤ ᠤᠬᠠᠮᠰᠠᠷ᠎ᠢ ᠳᠡᠭᠡᠭᠰᠢᠯᠡᠭᠦᠯᠬᠦ ᠵᠢᠨ ᠲᠥᠯᠥᠭᠡ᠂ 6 ᠰᠠᠷ᠎ᠠ ᠵᠢᠨ 6᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠠᠴᠠ ᠭᠠᠵᠠᠷ᠎ᠤᠨ ᠲᠡᠰ᠎ᠠᠴᠠ ᠳᠡᠭᠡᠭᠰᠢᠬᠢ 60 ᠭᠠᠷᠤᠢ ᠺᠠᠳ᠋ᠷ᠎ᠢ ᠵᠣᠬᠢᠶᠠᠨ ᠪᠠᠢ᠌ᠭᠤᠯᠵᠤ ᠬᠥᠬᠡᠬᠣᠲᠠ ᠵᠢᠨ ᠭᠤᠷᠪᠠᠳᠤᠭ᠋ᠠᠷ ᠭᠢᠨᠳᠠᠨ᠎ᠳᠤ ᠣᠴᠢᠭᠤᠯᠤᠨ ᠰᠡᠷᠡᠮᠵᠢᠯᠡᠭᠦᠯᠬᠦ ᠬᠥᠮᠦᠵᠢᠯ᠎ᠤᠨ ᠠᠵᠢᠯᠯᠠᠭ᠎ᠠ ᠥᠷᠨᠢᠭᠦᠯᠵᠡᠢ᠃
ᠭᠢᠨᠳᠠᠨ᠎ᠤ ᠺᠠᠳ᠋ᠷ ᠴᠠᠭᠳᠠᠭ᠎ᠠ ᠵᠢᠨ ᠳᠠᠭ᠋ᠠᠭᠤᠯᠭ᠎ᠠ ᠳᠣᠣᠷ᠎ᠠ᠂ ᠤᠯᠠᠨ ᠵᠶ᠋ᠠᠷ ᠵᠶ᠋ᠠᠨ ᠭᠢᠨᠳᠠᠨ᠎ᠤ ᠲᠣᠭᠣᠷᠢᠭ᠎ᠤᠨ ᠠᠮᠢᠳᠤᠷᠠᠯ᠂ ᠰᠤᠷᠤᠯᠴᠠᠯᠭ᠎ᠠ ᠵᠡᠷᠭᠡ ᠲᠠᠯᠠᠪᠤᠷ ᠵᠶ᠋ᠠᠷ ᠲᠣᠭᠣᠷᠢᠨ ᠦᠵᠡᠵᠦ᠂ ᠡᠷᠡᠭᠦᠦ ᠰᠢᠢ᠍ᠳᠬᠡᠯ ᠭᠦᠢ᠍ᠴᠡᠳᠬᠡᠵᠦ ᠪᠠᠢ᠌ᠭ᠎ᠠ ᠬᠥᠮᠥᠰ᠎ᠤᠨ ᠠᠮᠢᠳᠤᠷᠠᠯ᠂ ᠰᠤᠷᠤᠯᠴᠠᠯᠭ᠎ᠠ ᠪᠠ ᠬᠠᠯᠠᠨ ᠰᠠᠢ᠌ᠵᠢᠷᠠᠯᠲᠠ ᠵᠢᠨ ᠪᠠᠶ᠋ᠢᠳᠠᠯ᠎ᠢ ᠲᠤᠬᠠᠢ ᠵᠢᠨ ᠲᠠᠯᠠᠪᠤᠷ᠎ᠲᠤ ᠣᠢ᠌ᠯᠠᠭ᠋ᠠᠪᠠ᠃ ᠰᠡᠷᠡᠮᠵᠢᠯᠡᠭᠦᠯᠬᠦ ᠬᠥᠮᠦᠵᠢᠯ᠎ᠤᠨ ᠮᠡᠳᠡᠭᠦᠯᠦᠯᠲᠡ ᠵᠢᠨ ᠶᠡᠬᠡ ᠲᠢᠩᠬᠢᠮ᠎ᠳᠤ᠂ ᠡᠷᠬᠡ ᠲᠤᠰᠢᠶᠠᠯ ᠵᠶ᠋ᠠᠨ ᠠᠰᠢᠭᠯᠠᠨ ᠶᠠᠯ᠎ᠠ ᠬᠢᠵᠦ ᠡᠷᠡᠭᠦᠦ ᠰᠢᠢ᠍ᠳᠬᠡᠯ ᠭᠦᠢ᠍ᠴᠡᠳᠬᠡᠵᠦ ᠪᠠᠢ᠌ᠭ᠎ᠠ ᠨᠢᠭᠡᠨ ᠬᠥᠮᠥᠨ ᠪᠡᠶ᠎ᠡ᠎ᠪᠠᠷ ᠵᠶ᠋ᠡᠨ ᠶᠠᠷᠢᠶ᠎ᠠ ᠲᠠᠯᠪᠢᠵᠤ᠂ ᠥᠪᠡᠷ᠎ᠤᠨ ᠨᠠᠮ᠎ᠤᠨ ᠭᠡᠰᠢᠭᠦᠨ ᠤᠳᠤᠷᠢᠳᠬᠤ ᠺᠠᠳ᠋ᠷ ᠪᠠᠢ᠌ᠭᠰᠠᠨ᠎ᠠᠴᠠ᠎ᠪᠠᠨ ᠶᠠᠯᠠᠲᠤ ᠡᠲᠡᠭᠡᠳ ᠪᠣᠯᠵᠤ ᠳᠣᠷᠣᠢ᠌ᠲᠠᠭᠰᠠᠨ ᠥᠩᠭᠡᠷᠡᠯᠲᠡ᠎ᠪᠠᠨ ᠨᠢᠯᠪᠤᠰᠤ ᠮᠡᠯᠲᠡᠭᠡᠨᠡᠭᠦᠯᠦᠨ ᠶᠠᠷᠢᠵᠤ᠂ ᠥᠪᠡᠷ᠎ᠤᠨ ᠦᠵᠡᠯ ᠰᠠᠨᠠᠭ᠋ᠠᠨ᠎ᠤ ᠦᠨᠳᠦᠰᠦ ᠰᠤᠷᠪᠤᠯᠵᠢ᠂ ᠭᠡᠮᠰᠢᠯ᠎ᠤᠨ ᠵᠣᠬᠢᠶᠠᠨ ᠪᠠᠢ᠌ᠭᠤᠯᠤᠯᠲᠠ᠂ ᠭᠡᠷ ᠪᠦᠯᠢ ᠪᠠ ᠳᠦᠷᠦᠯ ᠰᠠᠳᠤᠨ᠎ᠳᠤ ᠤᠴᠠᠷᠠᠭᠤᠯᠤᠭᠰᠠᠨ ᠯᠤᠲᠤ ᠶᠡᠬᠡ ᠬᠣᠣᠷ ᠬᠥᠨᠥᠭᠡᠯ ᠵᠡᠷᠭᠡ᠎ᠪᠠᠨ ᠭᠦᠨᠵᠡᠭᠡᠢ ᠵᠠᠳᠠᠯᠵᠤ᠂ ᠤᠯᠠᠨ᠎ᠳᠤ ᠰᠡᠳᠬᠢᠯ ᠵᠢᠷᠦᠬᠡ ᠵᠢ ᠳᠣᠩᠰᠣᠯᠭ᠋ᠠᠭᠰᠠᠨ ᠰᠡᠷᠡᠮᠵᠢᠯᠡᠭᠦᠯᠬᠦ ᠬᠥᠮᠦᠵᠢᠯ᠎ᠤᠨ ᠬᠢᠴᠢᠶᠡᠯ ᠣᠷᠣᠪᠠ᠃ ᠲᠣᠰ ᠤᠳᠠᠭ᠋ᠠᠨ᠎ᠤ 《ᠪᠡᠶᠡᠴᠢᠯᠡᠨ ᠣᠢ᠌ᠯᠠᠭ᠋ᠠᠬᠤ》 ᠮᠠᠶᠢᠭ᠎ᠤᠨ ᠰᠡᠷᠡᠮᠵᠢᠯᠡᠭᠦᠯᠬᠦ ᠬᠥᠮᠦᠵᠢᠯ᠎ᠤᠨ ᠠᠵᠢᠯᠯᠠᠭ᠎ᠠ᠎ᠨᠢ ᠨᠠᠮ᠎ᠤᠨ ᠭᠡᠰᠢᠭᠦᠨ ᠺᠠᠳ᠋ᠷᠴᠤᠳ᠎ᠲᠤ ᠥᠨᠳᠥᠷ ᠬᠡᠷᠡᠮ᠎ᠤᠨ ᠳᠣᠲᠣᠨ᠎ᠠ ᠭᠠᠳᠠᠨᠠᠬᠢ ᠲᠡᠭᠷᠢ ᠭᠠᠵᠠᠷ᠎ᠤᠨ ᠵᠥᠷᠢᠶ᠎ᠡ ᠵᠢ ᠨᠢᠳᠦ᠎ᠪᠠᠷ ᠵᠶ᠋ᠡᠨ ᠦᠵᠡᠭᠦᠯᠵᠦ᠂ ᠪᠡᠶ᠎ᠡ ᠵᠢᠨ ᠡᠷᠬᠡ ᠴᠢᠯᠦᠭᠡ᠎ᠪᠠᠨ ᠠᠯᠳᠠᠭᠰᠠᠨ᠎ᠤ ᠳᠠᠷᠠᠭ᠋ᠠᠬᠢ ᠬᠠᠷᠠᠮᠰᠠᠯ ᠪᠠ ᠡᠮᠭᠡᠨᠢᠯ ᠭᠠᠰᠢᠭᠤᠳᠠᠯᠢ ᠪᠡᠶ᠎ᠡ᠎ᠪᠠᠷ᠎ᠨᠢ ᠮᠡᠳᠡᠷᠡᠭᠦᠯᠦᠭᠰᠡᠨ ᠪᠠᠢ᠌ᠨ᠎ᠠ᠃
ᠤᠯᠠᠨ ᠵᠶ᠋ᠠᠷ ᠵᠶ᠋ᠠᠨ᠂ ᠨᠠᠮ᠎ᠤᠨ ᠰᠠᠬᠢᠯᠭ᠎ᠠ ᠪᠠᠲᠤ ᠵᠢᠨ ᠰᠤᠷᠤᠯᠴᠠᠯᠭ᠎ᠠ ᠵᠢ ᠤᠯᠠᠮ ᠴᠢᠨᠠᠭᠰᠢᠳᠠ ᠤᠬᠠᠮᠰᠠᠷ᠎ᠠᠴᠠ᠎ᠪᠠᠨ ᠴᠢᠩᠭ᠋ᠠᠳᠬᠠᠵᠤ᠂ ᠠᠷᠢᠭᠤᠨ ᠴᠢᠬᠡᠴᠢ ᠵᠢᠨ ᠤᠬᠠᠮᠰᠠᠷ ᠪᠣᠯᠣᠨ ᠰᠠᠬᠢᠯᠭ᠎ᠠ ᠪᠠᠲᠤ ᠵᠢᠨ ᠤᠬᠠᠮᠰᠠᠷ ᠵᠶ᠋ᠠᠨ ᠴᠢᠩᠭ᠋ᠠᠳᠬᠠᠵᠤ᠂ ᠬᠡᠷᠡᠭ ᠵᠶ᠋ᠡᠷ ᠴᠡᠭᠡᠷᠯᠡᠯ ᠪᠣᠯᠭ᠋ᠠᠵᠤ᠂ ᠬᠥᠮᠥᠨ ᠵᠶ᠋ᠡᠷ ᠲᠣᠯᠢ ᠪᠣᠯᠭ᠋ᠠᠵᠤ᠂ ᠡᠮᠢᠶᠡᠨ ᠵᠢᠷᠦᠬᠡᠰᠢᠶᠡᠬᠦ ᠵᠢ ᠮᠡᠳᠡᠵᠦ᠂ ᠰᠡᠷᠡᠮᠵᠢᠯᠡᠨ ᠡᠮᠢᠶᠡᠵᠦ᠂ ᠬᠣᠷᠢᠭ᠎ᠠ ᠱᠤᠭᠤᠮ᠎ᠢ ᠰᠠᠬᠢᠵᠤ᠂ ᠦᠵᠡᠯ ᠰᠠᠨᠠᠭ᠋ᠠᠨ᠎ᠤ ᠲᠠᠯ᠎ᠠ᠎ᠪᠠᠷ ᠦᠨᠳᠦᠰᠦᠨ᠎ᠠᠴᠠ᠎ᠨᠢ ᠴᠡᠪᠡᠷᠯᠡᠵᠦ᠂ ᠦᠨᠳᠦᠰᠦ᠎ᠠᠴᠠ᠎ᠨᠢ ᠪᠠᠲᠤᠳᠬᠠᠵᠤ᠂ ᠦᠨᠡᠨᠴᠢ ᠰᠢᠳᠤᠷᠭᠤ ᠠᠷᠢᠭᠤᠨ ᠴᠢᠬᠡᠴᠢ ᠬᠠᠷᠢᠭᠤᠴᠠᠯᠭ᠎ᠠ ᠡᠭᠦᠷᠭᠡᠯᠡᠬᠦ ᠠᠮᠢ ᠠᠬᠤᠢ ᠵᠢᠨ ᠣᠷᠴᠢᠨ ᠲᠣᠭᠣᠷᠢᠨ᠎ᠤ ᠪᠠᠲᠤ ᠴᠢᠩᠭ᠎ᠠ ᠬᠡᠪ ᠴᠢᠨᠠᠷ ᠵᠶ᠋ᠠᠨ ᠡᠭᠦᠷᠢᠳᠡ ᠬᠠᠳᠠᠭ᠋ᠠᠯᠠᠬᠤ ᠬᠡᠷᠡᠭᠲᠡᠢ ᠭᠡᠵᠦ ᠢᠯᠡᠳᠬᠡᠵᠡᠭᠡᠪᠡ᠃