ᠥᠪᠡᠷᠲᠡᠭᠡᠨ ᠵᠠᠰᠠᠬᠤ ᠣᠷᠣᠨ᠎ᠤ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠲᠢᠩᠬᠢᠮ᠎ᠤᠨ 《2024 ᠣᠨ᠎ᠤ ᠪᠥᠬᠥ ᠣᠷᠣᠨ᠎ᠤ ᠮᠡᠷᠭᠡᠵᠢᠯ᠎ᠤᠨ ᠴᠣᠯᠠ ᠬᠢᠨᠠᠨ ᠲᠣᠭᠲᠠᠭ᠋ᠠᠬᠤ ᠠᠵᠢᠯ᠎ᠢ ᠰᠠᠶ᠋ᠢᠲᠤᠷ ᠬᠢᠬᠦ ᠲᠤᠬᠠᠢ ᠮᠡᠳᠡᠭᠳᠡᠯ》 (ᠥᠪᠥᠷ ᠮᠣᠩᠭᠣᠯ᠎ᠤᠨ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠠᠯᠪᠠᠨ ᠭᠡᠷ᠎ᠠᠴᠠ ᠲᠠᠷᠬᠠᠭ᠋ᠠᠭᠰᠠᠨ [2024] 85 ᠲᠣᠭ᠋ᠠᠲᠤ) ᠵᠢᠴᠢ 《2024 ᠣᠨ᠎ᠤ ᠥᠪᠡᠷᠲᠡᠭᠡᠨ ᠵᠠᠰᠠᠬᠤ ᠣᠷᠣᠨ᠎ᠤ ᠰᠠᠭ᠋ᠠᠳ ᠦᠭᠡᠢ ᠨᠡᠪᠲᠡᠷᠡᠬᠦ ᠵᠠᠮ᠎ᠤᠨ ᠮᠡᠷᠭᠡᠵᠢᠯ᠎ᠤᠨ ᠴᠣᠯᠠ ᠬᠢᠨᠠᠨ ᠲᠣᠭᠲᠠᠭ᠋ᠠᠬᠤ᠎ᠪᠠᠷ ᠮᠡᠳᠡᠭᠦᠯᠬᠦ ᠠᠵᠢᠯ᠎ᠢ ᠰᠠᠶ᠋ᠢᠲᠤᠷ ᠬᠢᠬᠦ ᠲᠤᠬᠠᠢ ᠮᠡᠳᠡᠭᠳᠡᠯ》 (ᠥᠪᠥᠷ ᠮᠣᠩᠭᠣᠯ᠎ᠤᠨ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠠᠯᠪᠠᠨ ᠭᠡᠷ᠎ᠠᠴᠠ ᠲᠠᠷᠬᠠᠭ᠋ᠠᠭᠰᠠᠨ [2024] 92 ᠳ᠋ᠤᠭ᠋ᠠᠷ ᠲᠣᠭ᠋ᠠᠲᠤ)᠎ᠤᠨ ᠬᠣᠯᠪᠣᠭᠳᠠᠯ ᠪᠦᠬᠦᠢ ᠱᠠᠭ᠋ᠠᠷᠳᠠᠯᠭ᠎ᠠ ᠵᠢ ᠦᠨᠳᠦᠰᠦᠯᠡᠨ᠂ ᠡᠳᠦᠭᠡ ᠲᠢᠩᠬᠢᠮ᠎ᠤᠨ ᠬᠠᠷᠢᠶ᠎ᠠ ᠠᠵᠢᠯ ᠦᠢ᠍ᠯᠡᠰ᠎ᠤᠨ ᠨᠢᠭᠡᠴᠢ ᠵᠢᠨ ᠰᠠᠭ᠋ᠠᠳ ᠦᠭᠡᠢ ᠨᠡᠪᠲᠡᠷᠡᠬᠦ ᠵᠠᠮ᠎ᠤᠨ ᠮᠡᠷᠭᠡᠵᠢᠯ᠎ᠤᠨ ᠴᠣᠯᠠ ᠵᠢᠨ ᠰᠢᠯᠭ᠋ᠠᠷᠠᠭᠤᠯᠤᠯᠲᠠ᠎ᠳᠤ ᠣᠷᠣᠯᠴᠠᠬᠤ᠎ᠪᠠᠷ ᠭᠤᠶᠤᠴᠢᠯᠠᠭᠰᠠᠳ᠎ᠢ ᠢᠯᠡ ᠨᠡᠢ᠌ᠲᠡᠯᠡᠨ᠎ᠡ᠃
ᠨᠢᠭᠡ᠂ ᠰᠠᠭ᠋ᠠᠳ ᠦᠭᠡᠢ ᠨᠡᠪᠲᠡᠷᠡᠬᠦ ᠵᠠᠮ᠎ᠤᠨ ᠮᠡᠷᠭᠡᠵᠢᠯ᠎ᠤᠨ ᠴᠣᠯᠠ ᠰᠢᠯᠭ᠋ᠠᠷᠠᠭᠤᠯᠬᠤ᠎ᠳᠤ ᠣᠷᠣᠯᠴᠠᠬᠤ᠎ᠪᠠᠷ ᠭᠤᠶᠤᠴᠢᠯᠠᠭᠰᠠᠳ (ᠬᠢᠲᠠᠳ ᠦᠰᠦᠭ᠎ᠤᠨ ᠪᠢᠴᠢᠯᠭᠡ ᠵᠢᠨ ᠲᠠᠰ ᠳᠠᠷᠠᠭ᠋ᠠᠯᠠᠯ ᠵᠶ᠋ᠠᠷ ᠵᠢᠭᠰᠠᠭ᠋ᠠᠪᠠ)
ᠨᠢᠦ ᡁᠢ ᠡᠦ᠂ ᠡᠷᠡᠭᠲᠡᠢ᠂ ᠬᠢᠲᠠᠳ ᠦᠨᠳᠦᠰᠦᠲᠡᠨ᠂ 1972 ᠣᠨ᠎ᠤ 2 ᠰᠠᠷ᠎ᠠ᠎ᠳᠤ ᠲᠥᠷᠥᠵᠡᠢ᠂ ᠥᠪᠥᠷ ᠮᠣᠩᠭᠣᠯ᠎ᠤᠨ ᠲᠠᠷᠢᠶᠠᠯᠠᠩ᠎ᠤᠨ ᠶᠡᠬᠡ ᠰᠤᠷᠭ᠋ᠠᠭᠤᠯᠢ ᠵᠢᠨ ᠲᠠᠷᠢᠮᠠᠯ᠎ᠤᠨ ᠦᠢ᠍ᠯᠡᠳᠪᠦᠷᠢᠯᠡᠯ᠎ᠤᠨ ᠮᠡᠷᠭᠡᠵᠢᠯ᠎ᠤᠨ ᠲᠤᠰᠬᠠᠢ ᠮᠡᠷᠭᠡᠵᠢᠯ᠎ᠲᠠᠢ᠂ ᠳᠡᠭᠡᠳᠦ ᠵᠡᠷᠭᠡ ᠵᠢᠨ ᠲᠤᠰᠬᠠᠢ ᠮᠡᠷᠭᠡᠵᠢᠯ᠎ᠤᠨ ᠰᠤᠷᠤᠯᠭ᠎ᠠ ᠵᠢᠨ ᠨᠠᠮᠲᠠᠷ᠎ᠲᠠᠢ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠠᠲᠠᠭᠤ ᠪᠡᠶᠡᠲᠦ ᠬᠠᠶᠠᠭᠳᠠᠮᠠᠯ ᠪᠣᠳᠠᠰ ᠪᠣᠯᠣᠨ ᠬᠥᠷᠥᠰᠥ ᠰᠢᠷᠣᠢ ᠵᠢᠨ ᠠᠮᠢ ᠠᠬᠤᠢ ᠣᠷᠴᠢᠨ ᠲᠣᠭᠣᠷᠢᠨ᠎ᠤ ᠮᠡᠷᠭᠡᠵᠢᠯ᠎ᠤᠨ ᠲᠥᠪ᠎ᠤᠨ ᠢᠨᠵᠧᠨᠧᠷ᠂ ᠰᠠᠭ᠋ᠠᠳ ᠦᠭᠡᠢ ᠨᠡᠪᠲᠡᠷᠡᠬᠦ ᠵᠠᠮ ᠵᠶ᠋ᠠᠷ ᠬᠢᠨᠠᠨ ᠲᠣᠭᠲᠠᠭ᠋ᠠᠬᠤ ᠳᠡᠭᠡᠳᠦ ᠵᠡᠷᠭᠡ ᠵᠢᠨ ᠢᠨᠵᠧᠨᠧᠷ᠎ᠢ ᠭᠤᠶᠤᠴᠢᠯᠠᠨ᠎ᠠ᠃
ᠱ᠌ᠢ ᠯᠢ ᠫᠢᠩ᠂ ᠡᠮᠡᠭᠲᠡᠢ᠂ ᠬᠢᠲᠠᠳ ᠦᠨᠳᠦᠰᠦᠲᠡᠨ᠂ 1992 ᠣᠨ᠎ᠤ 9 ᠰᠠᠷ᠎ᠠ᠎ᠳᠤ ᠲᠥᠷᠥᠵᠡᠢ᠂ ᠥᠪᠥᠷ ᠮᠣᠩᠭᠣᠯ᠎ᠤᠨ ᠲᠠᠷᠢᠶᠠᠯᠠᠩ᠎ᠤᠨ ᠶᠡᠬᠡ ᠰᠤᠷᠭ᠋ᠠᠭᠤᠯᠢ ᠵᠢᠨ ᠬᠥᠷᠥᠰᠥ ᠰᠢᠷᠣᠢ ᠵᠢᠨ ᠤᠬᠠᠭ᠋ᠠᠨ᠎ᠤ ᠲᠤᠰᠬᠠᠢ ᠮᠡᠷᠭᠡᠵᠢᠯ᠂ ᠠᠰᠫᠢᠷᠠᠨᠲ᠂ ᠲᠠᠷᠢᠶᠠᠯᠠᠩ᠎ᠤᠨ ᠤᠬᠠᠭ᠋ᠠᠨ᠎ᠤ ᠳ᠋ᠣᠺᠲ᠋ᠣᠷ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠷᠴᠢᠨ ᠲᠣᠭᠣᠷᠢᠨ᠎ᠤ ᠬᠢᠨᠠᠨ ᠬᠡᠮᠵᠢᠯᠲᠡ ᠵᠢᠨ ᠶᠡᠷᠦᠩᠬᠡᠢ ᠥᠷᠲᠡᠭᠡᠨ᠎ᠤ ᠲᠤᠰᠬᠠᠢ ᠮᠡᠷᠭᠡᠵᠢᠯ᠎ᠤᠨ ᠠᠵᠢᠯᠲᠠᠨ᠃ ᠰᠠᠭ᠋ᠠᠳ ᠦᠭᠡᠢ ᠨᠡᠪᠲᠡᠷᠡᠬᠦ ᠵᠠᠮ ᠵᠶ᠋ᠠᠷ ᠬᠢᠨᠠᠨ ᠲᠣᠭᠲᠠᠭ᠋ᠠᠬᠤ ᠳᠡᠭᠡᠳᠦ ᠵᠡᠷᠭᠡ ᠵᠢᠨ ᠢᠨᠵᠧᠨᠧᠷ᠎ᠢ ᠭᠤᠶᠤᠴᠢᠯᠠᠨ᠎ᠠ᠃
ᠵᠠᠩ ᠨᠠ᠂ ᠡᠮᠡᠭᠲᠡᠢ᠂ ᠬᠢᠲᠠᠳ ᠦᠨᠳᠦᠰᠦᠲᠡᠨ᠂ 1969 ᠣᠨ᠎ᠤ 9 ᠰᠠᠷ᠎ᠠ᠎ᠳᠤ ᠲᠥᠷᠥᠵᠡᠢ᠂ ᠥᠪᠥᠷ ᠮᠣᠩᠭᠣᠯ᠎ᠤᠨ ᠶᠡᠬᠡ ᠰᠤᠷᠭ᠋ᠠᠭᠤᠯᠢ ᠵᠢᠨ ᠬᠢᠮᠢ ᠵᠢᠨ ᠰᠠᠯᠪᠤᠷᠢ ᠵᠢᠨ ᠣᠷᠴᠢᠨ ᠲᠣᠭᠣᠷᠢᠨ᠎ᠤ ᠬᠢᠨᠠᠨ ᠬᠡᠮᠵᠢᠯᠲᠡ ᠪᠠ ᠵᠠᠳᠠᠯᠤᠯᠲᠠ ᠵᠢᠨ ᠲᠤᠰᠬᠠᠢ ᠮᠡᠷᠭᠡᠵᠢᠯ᠂ ᠳᠡᠭᠡᠳᠦ ᠵᠡᠷᠭᠡ ᠵᠢᠨ ᠲᠤᠰᠬᠠᠢ ᠮᠡᠷᠭᠡᠵᠢᠯ᠎ᠤᠨ ᠰᠤᠷᠤᠯᠭ᠎ᠠ ᠵᠢᠨ ᠨᠠᠮᠲᠠᠷ᠎ᠲᠠᠢ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠴᠥᠮ᠎ᠡ ᠪᠠ ᠰᠠᠴᠤᠷᠠᠭ᠎ᠤᠨ ᠬᠢᠨᠠᠨ ᠬᠡᠮᠵᠢᠯᠲᠡ ᠵᠢᠨ ᠲᠥᠪ᠎ᠤᠨ ᠢᠨᠵᠧᠨᠧᠷ᠂ ᠰᠠᠭ᠋ᠠᠳ ᠦᠭᠡᠢ ᠨᠡᠪᠲᠡᠷᠡᠬᠦ ᠵᠠᠮ ᠵᠶ᠋ᠠᠷ ᠬᠢᠨᠠᠨ ᠲᠣᠭᠲᠠᠭ᠋ᠠᠬᠤ ᠳᠡᠭᠡᠳᠦ ᠵᠡᠷᠭᠡ ᠵᠢᠨ ᠢᠨᠵᠧᠨᠧᠷ᠎ᠢ ᠭᠤᠶᠤᠴᠢᠯᠠᠨ᠎ᠠ᠃
ᠬᠣᠶᠠᠷ᠂ ᠢᠯᠡ ᠨᠡᠢ᠌ᠲᠡᠯᠡᠬᠦ ᠴᠠᠭ
ᠵᠠᠷᠯᠠᠨ ᠨᠡᠢ᠌ᠲᠡᠯᠡᠬᠦ ᠴᠠᠭ᠎ᠨᠢ 5 ᠠᠵᠢᠯᠯᠠᠬᠤ ᠡᠳᠦᠷ (2024 ᠣᠨ᠎ᠤ 6 ᠰᠠᠷ᠎ᠠ ᠵᠢᠨ 26᠎ᠤ ᠡᠳᠦᠷ᠎ᠠᠴᠠ 7 ᠰᠠᠷ᠎ᠠ ᠵᠢᠨ 2᠎ᠤᠨ ᠡᠳᠦᠷ ᠪᠣᠯᠲᠠᠯ᠎ᠠ) ᠪᠣᠯᠣᠨ᠎ᠠ᠃
ᠭᠤᠷᠪᠠ᠂ ᠬᠦᠯᠢᠶᠡᠨ ᠠᠪᠴᠤ ᠰᠢᠢ᠍ᠳᠪᠦᠷᠢᠯᠡᠬᠦ ᠠᠷᠭ᠎ᠠ ᠮᠠᠶᠢᠭ
ᠨᠢᠭᠡᠴᠢ ᠪᠣᠯᠣᠨ ᠬᠤᠪᠢ ᠬᠥᠮᠥᠨ ᠰᠤᠷᠪᠤᠯᠵᠢᠯᠠᠬᠤ᠎ᠪᠠᠷ ᠢᠷᠡᠬᠦ᠂ ᠵᠠᠬᠢᠳᠠᠯ ᠢᠷᠡᠭᠦᠯᠬᠦ᠂ ᠤᠲᠠᠰᠤᠳᠠᠬᠤ ᠵᠡᠷᠭᠡ ᠬᠡᠯᠪᠡᠷᠢ᠎ᠪᠠᠷ ᠳᠡᠭᠡᠷ᠎ᠡ ᠳᠤᠷᠠᠳᠤᠭᠰᠠᠨ ᠢᠯᠡ᠎ᠪᠠᠷ ᠨᠡᠢ᠌ᠲᠡᠯᠡᠭᠰᠡᠨ ᠨᠢᠭᠡᠴᠢ ᠵᠢᠨ ᠬᠣᠯᠪᠣᠭᠳᠠᠯ ᠪᠦᠬᠦᠢ ᠪᠠᠶ᠋ᠢᠳᠠᠯ ᠪᠣᠯᠣᠨ ᠠᠰᠠᠭᠤᠳᠠᠯ᠎ᠢ ᠲᠤᠰᠬᠠᠵᠤ ᠪᠣᠯᠣᠨ᠎ᠠ᠃ ᠲᠤᠰᠬᠠᠭᠰᠠᠨ ᠠᠰᠠᠭᠤᠳᠠᠯ᠎ᠢ ᠪᠠᠢ᠌ᠴᠠᠭ᠋ᠠᠨ ᠬᠠᠷᠭᠤᠭᠤᠯᠬᠤ᠎ᠳᠤ ᠲᠥᠬᠥᠮ ᠦᠵᠡᠭᠦᠯᠬᠦ ᠵᠢᠨ ᠲᠥᠯᠥᠭᠡ᠂ ᠠᠰᠠᠭᠤᠳᠠᠯ᠎ᠢ ᠲᠤᠰᠬᠠᠬᠤ ᠦᠶ᠎ᠡ᠎ᠳᠤ ᠬᠣᠯᠪᠣᠭᠳᠠᠯ ᠪᠦᠬᠦᠢ ᠰᠦᠪᠡᠭᠴᠢ ᠵᠢᠴᠢ ᠲᠣᠰ ᠬᠥᠮᠥᠨ᠎ᠤ ᠦᠨᠡᠨ ᠣᠪᠣᠭ ᠨᠡᠷ᠎ᠡ᠂ ᠬᠠᠷᠢᠯᠴᠠᠬᠤ ᠠᠷᠭ᠎ᠠ ᠬᠡᠯᠪᠡᠷᠢ ᠪᠤᠶᠤ ᠠᠵᠢᠯᠯᠠᠵᠤ ᠪᠠᠢ᠌ᠭ᠎ᠠ ᠨᠢᠭᠡᠴᠢ ᠵᠡᠷᠭᠡ ᠮᠡᠳᠡᠭᠡ ᠵᠠᠩᠭᠢ ᠵᠢ ᠬᠠᠩᠭ᠋ᠠᠭ᠋ᠠᠷᠠᠢ᠂ ᠪᠢᠳᠡ ᠠᠵᠢᠯ᠎ᠤᠨ ᠰᠠᠬᠢᠯᠭ᠎ᠠ ᠪᠠᠲᠤ ᠵᠢ ᠴᠢᠩᠭ᠎ᠠ ᠵᠢᠷᠤᠮᠯᠠᠨ᠂ ᠨᠢᠭᠤᠴᠠ ᠵᠢ ᠬᠠᠮᠠᠭ᠋ᠠᠯᠠᠬᠤ ᠡᠭᠦᠷᠭᠡ᠎ᠪᠠᠨ ᠭᠦᠢ᠍ᠴᠡᠳᠬᠡᠵᠦ᠂ ᠬᠢᠨᠠᠨ ᠬᠠᠷᠭᠤᠭᠤᠯᠤᠭᠰᠠᠨ ᠪᠠᠶ᠋ᠢᠳᠠᠯ ᠵᠶ᠋ᠠᠨ ᠴᠠᠭ ᠲᠤᠬᠠᠢᠳᠤᠨᠢ ᠬᠠᠷᠢᠭᠤ ᠲᠤᠰᠬᠠᠨ᠎ᠠ᠃
ᠵᠠᠷᠯᠠᠨ ᠨᠡᠢ᠌ᠲᠡᠯᠡᠬᠦ ᠠᠯᠪᠠᠨ ᠭᠡᠷ᠎ᠢ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠠᠯᠪᠠᠨ ᠠᠰᠠᠷ᠎ᠤᠨ 1104 ᠥᠷᠥᠭᠡ᠎ᠳᠤ ᠲᠣᠬᠢᠷᠠᠭᠤᠯᠪᠠ᠃
ᠬᠦᠯᠢᠶᠡᠨ ᠠᠪᠬᠤ ᠴᠠᠭ᠄ ᠠᠵᠢᠯ᠎ᠤᠨ ᠡᠳᠦᠷ᠎ᠤᠨ ᠦᠳᠡ ᠵᠢᠨ ᠡᠮᠦᠨᠡᠬᠢ 9᠄ 00 — 12᠄ 00 ᠦᠳᠡ ᠵᠢᠨ ᠬᠣᠢ᠌ᠨᠠᠬᠢ 13᠄ 30 — 17᠄ 00
ᠬᠦᠯᠢᠶᠡᠨ ᠠᠪᠬᠤ ᠤᠲᠠᠰᠤ᠄ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠠᠵᠢᠯᠲᠠᠨ᠎ᠤ ᠶᠠᠪᠤᠳᠠᠯ᠎ᠤᠨ ᠭᠠᠵᠠᠷ᠄ 0471 — 4632081