ᠨᠠᠮ᠎ᠤᠨ ᠰᠠᠬᠢᠯᠭ᠎ᠠ ᠪᠠᠲᠤ ᠵᠢᠨ ᠰᠤᠷᠤᠯᠴᠠᠯᠭ᠎ᠠ ᠬᠥᠮᠦᠵᠢᠯ᠎ᠤᠨ ᠭᠦᠨᠵᠡᠭᠡᠢ᠌ᠷᠡᠨ ᠪᠣᠳᠠᠲᠠᠢ᠌ᠵᠢᠬᠤ ᠵᠢ ᠠᠬᠢᠭᠤᠯᠬᠤ ᠵᠢᠨ ᠲᠥᠯᠥᠭᠡ᠂ 7 ᠰᠠᠷ᠎ᠠ ᠵᠢᠨ 11᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠰᠢᠰᠲ᠋ᠧᠮ᠎ᠤᠨ ᠨᠠᠮ᠎ᠤᠨ ᠭᠡᠰᠢᠭᠦᠨ ᠺᠠᠳ᠋ᠷᠴᠤᠳ᠎ᠢ ᠵᠣᠬᠢᠶᠠᠨ ᠪᠠᠢ᠌ᠭᠤᠯᠤᠨ᠂ ᠥᠪᠥᠷ ᠮᠣᠩᠭᠣᠯ᠎ᠤᠨ ᠮᠦᠽᠧᠢ᠎ᠳᠤ ᠬᠦᠷᠴᠦ ᠨᠠᠮ᠎ᠤᠨ ᠰᠠᠬᠢᠯᠭ᠎ᠠ ᠪᠠᠲᠤ ᠵᠢᠨ ᠰᠤᠷᠤᠯᠴᠠᠯᠭ᠎ᠠ ᠬᠥᠮᠦᠵᠢᠯ᠎ᠤᠨ ᠦᠵᠡᠭᠦᠯᠭᠡ ᠵᠢ ᠲᠣᠭᠣᠷᠢᠨ ᠦᠵᠡᠪᠡ᠃
ᠦᠵᠡᠭᠦᠯᠭᠡ᠎ᠨᠢ 《ᠡᠷᠲᠡᠨ᠎ᠤ᠎ᠬᠢ᠎ᠪᠠᠷ ᠡᠳᠦᠭᠡᠬᠢ ᠵᠢ ᠲᠣᠯᠢᠳᠠᠬᠤ》 《ᠵᠠᠭᠤᠨ ᠵᠢᠯ᠎ᠤᠨ ᠲᠣᠮᠣ ᠨᠠᠮ᠎ᠢ ᠲᠡᠮᠦᠷ ᠮᠡᠲᠦ ᠰᠠᠬᠢᠯᠭ᠎ᠠ ᠪᠠᠲᠤ᠎ᠪᠠᠷ ᠠᠶᠠᠯᠠᠯ᠎ᠢ ᠬᠠᠮᠠᠭ᠋ᠠᠯᠠᠨ᠎ᠠ》 《ᠨᠠᠮ᠎ᠤᠨ ᠰᠠᠬᠢᠯᠭ᠎ᠠ ᠪᠠᠲᠤ ᠵᠢ ᠴᠢᠩᠳᠠᠯᠠᠵᠤ 〈ᠳᠦᠷᠢᠮ〉᠎ᠢ ᠵᠠᠰᠠᠬᠤ》 《ᠬᠡᠷᠡᠭ ᠵᠶ᠋ᠡᠷ ᠰᠠᠬᠢᠯᠭ᠎ᠠ ᠪᠠᠲᠤ ᠵᠢ ᠲᠣᠳᠣᠷᠬᠠᠢ᠌ᠯᠠᠬᠤ ᠰᠡᠷᠡᠮᠵᠢ ᠵᠢᠨ ᠬᠤᠩᠬᠤ ᠵᠢ ᠡᠭᠦᠷᠢᠳᠡ ᠬᠠᠩᠭᠢᠨᠠᠭᠤᠯᠬᠤ》 《ᠬᠥᠮᠥᠨ᠎ᠤ ᠠᠮᠢᠳᠤᠷᠠᠯ᠎ᠤᠨ ᠭᠤᠨᠢᠭᠲᠤ ᠵᠦᠴᠦᠭᠡ》 《ᠠᠷᠠᠳ ᠲᠦᠮᠡᠨ᠎ᠤ ᠠᠯᠪᠠᠨ ᠵᠠᠷᠤᠴᠠ ᠨᠠᠮ᠎ᠤᠨ ᠭᠡᠰᠢᠭᠦᠨ᠎ᠤ ᠥᠯᠢᠭᠡᠷ ᠵᠢᠱ᠌ᠢᠶ᠎ᠡ》 《ᠰᠠᠬᠢᠯᠭ᠎ᠠ ᠪᠠᠲᠤ ᠵᠢ ᠪᠠᠲᠤ ᠴᠡᠭᠡᠵᠢᠯᠡᠨ ᠬᠠᠷᠢᠭᠤᠴᠠᠯᠭ᠎ᠠ ᠡᠭᠦᠷᠭᠡᠯᠡᠵᠦ ᠬᠠᠷᠢᠭᠤᠴᠠᠯᠭ᠎ᠠ᠎ᠪᠠᠨ ᠭᠦᠢ᠍ᠴᠡᠳᠬᠡᠶ᠎ᠡ》 ᠭᠡᠬᠦ ᠲᠤᠯᠤᠭ᠋ᠠᠨ ᠪᠦᠯᠦᠭ ᠵᠶ᠋ᠡᠷ ᠪᠦᠷᠢᠯᠳᠦᠵᠡᠢ᠃ ᠲᠤᠬᠠᠢ ᠵᠢᠨ ᠲᠠᠯᠠᠪᠠᠶ ᠵᠢᠨ ᠲᠠᠢ᠌ᠯᠤᠮᠵᠢ ᠵᠢ ᠰᠣᠨᠣᠰᠬᠤ᠂ ᠦᠰᠦᠭ ᠪᠢᠴᠢᠭ᠎ᠤᠨ ᠵᠢᠷᠤᠭ᠎ᠢ ᠦᠵᠡᠬᠦ᠂ ᠵᠢᠷᠤᠭ ᠳᠦᠷᠰᠦ ᠪᠣᠳᠠᠲᠤ ᠶᠠᠭᠤᠮ᠎ᠠ ᠵᠢ ᠦᠵᠡᠬᠦ ᠵᠡᠷᠭᠡ ᠬᠡᠯᠪᠡᠷᠢ᠎ᠪᠠᠷ ᠳᠠᠮᠵᠢᠭᠤᠯᠤᠨ᠂ ᠨᠠᠮ᠎ᠤᠨ ᠭᠡᠰᠢᠭᠦᠨ ᠺᠠᠳ᠋ᠷᠴᠤᠳ ᠡᠷᠲᠡᠨ᠎ᠤ ᠠᠷᠢᠭᠤᠨ ᠴᠢᠬᠡᠴᠢ᠎ᠪᠠᠷ ᠵᠠᠰᠠᠭ ᠪᠠᠷᠢᠬᠤ ᠰᠣᠶᠣᠯ᠎ᠤᠨ ᠬᠥᠭᠵᠢᠯᠲᠡ ᠵᠢᠨ ᠤᠯᠠᠷᠢᠯ ᠬᠤᠪᠢᠰᠤᠯ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠰᠠᠬᠢᠯᠭ᠎ᠠ ᠪᠠᠲᠤ ᠵᠢᠨ ᠪᠠᠢ᠌ᠭᠤᠯᠤᠯᠲᠠ ᠵᠢᠨ ᠥᠩᠭᠡᠷᠡᠯᠲᠡ᠂ 《ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠰᠠᠬᠢᠯᠭ᠎ᠠ ᠪᠠᠲᠤ ᠵᠢᠨ ᠰᠢᠢ᠍ᠳᠬᠡᠯ ᠥᠭᠬᠦ ᠳᠦᠷᠢᠮ》᠎ᠳᠤ ᠵᠠᠰᠠᠪᠤᠷᠢ ᠣᠷᠣᠭᠤᠯᠤᠭᠰᠠᠨ ᠲᠡᠦᠬᠡ ᠵᠢᠨ ᠤᠯᠠᠷᠢᠯ ᠬᠤᠪᠢᠰᠤᠯ᠂ ᠥᠪᠡᠷᠲᠡᠭᠡᠨ ᠵᠠᠰᠠᠬᠤ ᠣᠷᠣᠨ᠎ᠤ ᠣᠢ᠌ᠷ᠎ᠠ ᠵᠢᠨ ᠵᠢᠯ᠎ᠤᠳ᠎ᠲᠤ ᠪᠠᠢ᠌ᠴᠠᠭ᠋ᠠᠨ ᠰᠢᠢ᠍ᠳᠪᠦᠷᠢᠯᠡᠭᠰᠡᠨ ᠵᠢᠷᠭᠤᠭ᠋ᠠᠨ ᠵᠦᠢ᠍ᠯ᠎ᠤᠨ ᠰᠠᠬᠢᠯᠭ᠎ᠠ ᠪᠠᠲᠤ ᠵᠢ ᠵᠥᠷᠢᠴᠡᠭᠰᠡᠨ ᠨᠡᠢ᠌ᠲᠡᠯᠢᠭ ᠬᠡᠷᠡᠭ᠎ᠤᠨ ᠵᠢᠱ᠌ᠢᠶ᠎ᠡ᠂ ᠥᠪᠡᠷᠲᠡᠭᠡᠨ ᠵᠠᠰᠠᠬᠤ ᠣᠷᠣᠨ᠎ᠤ ᠰᠢᠯᠢᠳᠡᠭ ᠵᠢᠱ᠌ᠢᠶᠡᠴᠢ ᠬᠥᠮᠥᠰ᠎ᠤᠨ ᠲᠡᠷᠢᠭᠦᠨ᠎ᠤ ᠦᠢ᠍ᠯᠡ ᠠᠵᠢᠯᠯᠠᠭ᠎ᠠ ᠵᠡᠷᠭᠡ ᠠᠭᠤᠯᠭ᠎ᠠ ᠵᠢ ᠭᠦᠨᠵᠡᠭᠡᠢ ᠣᠢ᠌ᠯᠠᠭ᠋ᠠᠪᠠ᠃
ᠲᠣᠭᠣᠷᠢᠨ ᠦᠵᠡᠵᠦ ᠰᠤᠷᠤᠯᠴᠠᠬᠤ᠎ᠪᠠᠷ ᠳᠠᠮᠵᠢᠨ᠂ ᠥᠷᠭᠡᠨ ᠤᠯᠠᠨ ᠺᠠᠳ᠋ᠷᠴᠤᠳ᠎ᠤᠨ ᠪᠦᠬᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠪᠠ ᠨᠠᠮ᠎ᠤᠨ ᠥᠪᠡᠷ᠎ᠤᠨ ᠪᠡᠶ᠎ᠡ᠎ᠳᠡᠭᠡᠨ ᠬᠤᠪᠢᠰᠬᠠᠯ ᠬᠢᠬᠦ ᠵᠢᠨ ᠡᠭᠦᠷᠢᠳᠡ ᠵᠣᠭᠰᠣᠰᠢ ᠦᠭᠡᠢ ᠪᠠᠶ᠋ᠢᠬᠤ ᠲᠤᠬᠠᠢ ᠣᠢ᠌ᠯᠠᠭ᠋ᠠᠯᠲᠠ᠂ ᠨᠠᠮ᠎ᠤᠨ ᠰᠠᠬᠢᠯᠭ᠎ᠠ ᠪᠠᠲᠤ ᠵᠢᠨ ᠰᠤᠷᠤᠯᠴᠠᠯᠭ᠎ᠠ ᠬᠥᠮᠦᠵᠢᠯ᠎ᠢ ᠥᠷᠨᠢᠭᠦᠯᠬᠦ ᠵᠢᠨ ᠴᠢᠬᠤᠯᠠ ᠴᠢᠨᠠᠷ ᠪᠠ ᠲᠤᠯᠭ᠋ᠠᠮ᠎ᠠ ᠴᠢᠨᠠᠷ᠎ᠤᠨ ᠲᠤᠬᠠᠢ ᠲᠠᠨᠢᠯᠲᠠ ᠵᠢ ᠤᠯᠠᠮ ᠴᠢᠨᠠᠭᠰᠢᠳᠠ ᠭᠦᠨᠵᠡᠭᠡᠢ᠌ᠷᠡᠭᠦᠯᠵᠡᠢ᠃ ᠤᠯᠠᠨ ᠵᠶ᠋ᠠᠷ ᠵᠶ᠋ᠠᠨ᠂ ᠤᠯᠤᠰ ᠲᠥᠷᠥ ᠵᠢᠨ ᠲᠣᠭᠲᠠᠯ ᠬᠦᠴᠦᠨ᠂ ᠰᠠᠬᠢᠯᠭ᠎ᠠ ᠪᠠᠲᠤ ᠵᠢᠨ ᠲᠣᠭᠲᠠᠯ ᠬᠦᠴᠦᠨ᠂ ᠶᠣᠰᠣ ᠰᠤᠷᠲᠠᠬᠤᠨ᠎ᠤ ᠲᠣᠭᠲᠠᠯ ᠬᠦᠴᠦᠨ᠂ ᠢᠯᠵᠢᠷᠡᠯ᠎ᠢ ᠡᠰᠡᠷᠭᠦᠴᠡᠬᠦ ᠲᠣᠭᠲᠠᠯ ᠬᠦᠴᠦᠨ᠎ᠢ ᠦᠨᠡᠨᠬᠦ ᠴᠢᠩᠭ᠋ᠠᠳᠬᠠᠵᠤ᠂ ᠬᠡᠷᠡᠭ ᠵᠶ᠋ᠡᠷ ᠲᠣᠯᠢ ᠪᠣᠯᠭ᠋ᠠᠵᠤ᠂ ᠰᠤᠷᠭ᠋ᠠᠮᠵᠢ ᠠᠪᠴᠤ᠂ ᠨᠠᠮ᠎ᠤᠨ ᠰᠠᠬᠢᠯᠭ᠎ᠠ ᠪᠠᠲᠤ ᠵᠢᠨ ᠰᠤᠷᠤᠯᠴᠠᠯᠭ᠎ᠠ ᠬᠥᠮᠦᠵᠢᠯ᠎ᠤᠨ ᠦᠷ᠎ᠡ ᠪᠦᠲᠦᠭᠡᠯ᠎ᠢ ᠰᠠᠨᠠᠭ᠋ᠠᠴᠢᠯᠠᠭ᠎ᠠ᠎ᠠᠴᠠ᠎ᠪᠠᠨ ᠬᠠᠷᠢᠭᠤᠴᠠᠯᠭ᠎ᠠ ᠡᠭᠦᠷᠭᠡᠯᠡᠵᠦ᠂ ᠡᠭᠦᠷᠭᠡ ᠬᠠᠷᠢᠭᠤᠴᠠᠯᠭ᠎ᠠ᠎ᠪᠠᠨ ᠨᠠᠷᠢᠨ ᠬᠢᠨᠠᠮᠠᠭ᠋ᠠᠢ ᠭᠦᠢ᠍ᠴᠡᠳᠬᠡᠭᠰᠡᠨ ᠪᠣᠳᠠᠲᠠᠢ ᠦᠷ᠎ᠡ ᠪᠦᠲᠦᠮᠵᠢ ᠪᠣᠯᠭ᠋ᠠᠨ ᠬᠤᠪᠢᠷᠠᠭᠤᠯᠵᠤ᠂ ᠮᠠᠨ᠎ᠤ ᠤᠯᠤᠰ᠎ᠤᠨ ᠤᠮᠠᠷᠠᠲᠤ ᠵᠢᠨ ᠴᠢᠬᠤᠯᠠ ᠠᠮᠢ ᠠᠬᠤᠢ ᠵᠢᠨ ᠠᠮᠤᠷ ᠲᠦᠪᠰᠢᠨ᠎ᠤ ᠬᠠᠯᠬᠠᠪᠴᠢ ᠵᠢ ᠪᠡᠬᠢᠵᠢᠭᠦᠯᠬᠦ᠎ᠳᠤ ᠨᠡᠩ ᠶᠡᠬᠡ ᠬᠤᠪᠢ ᠨᠡᠮᠡᠷᠢ ᠦᠵᠡᠭᠦᠯᠦᠨ᠎ᠡ ᠭᠡᠵᠦ ᠰᠠᠨᠠᠯ ᠨᠢᠭᠡᠲᠡᠢ ᠢᠯᠡᠳᠬᠡᠪᠡ᠃
ᠠᠵᠢᠯᠯᠠᠵᠤ ᠪᠠᠢ᠌ᠭ᠎ᠠ ᠲᠢᠩᠬᠢᠮ᠎ᠤᠨ ᠤᠳᠤᠷᠢᠳᠤᠯᠭ᠎ᠠ ᠪᠣᠯᠣᠨ ᠲᠢᠩᠬᠢᠮ᠎ᠤᠨ ᠪᠠᠢ᠌ᠭᠤᠯᠭ᠎ᠠ ᠵᠢᠨ ᠡᠯ᠎ᠡ ᠭᠠᠵᠠᠷ ᠭᠡᠷ᠂ ᠬᠠᠷᠢᠶ᠎ᠠ ᠠᠵᠢᠯ ᠦᠢ᠍ᠯᠡᠰ᠎ᠤᠨ ᠨᠢᠭᠡᠴᠢ ᠵᠢᠨ ᠭᠠᠵᠠᠷ᠎ᠤᠨ ᠲᠠᠰ᠎ᠤᠨ ᠺᠠᠳ᠋ᠷ᠂ ᠲᠢᠩᠬᠢᠮ᠎ᠤᠨ ᠰᠢᠰᠲ᠋ᠧᠮ᠎ᠤᠨ ᠬᠡᠰᠡᠭ ᠠᠷᠠᠳᠴᠢᠯᠠᠭᠰᠠᠨ ᠨᠠᠮ ᠪᠦᠯᠦᠭ ᠪᠣᠯᠣᠨ ᠨᠠᠮ ᠪᠦᠯᠦᠭ᠎ᠤᠨ ᠪᠤᠰᠤ ᠬᠥᠮᠥᠰ ᠲᠣᠰ ᠠᠵᠢᠯᠯᠠᠭ᠎ᠠ᠎ᠳᠤ ᠣᠷᠣᠯᠴᠠᠵᠠᠢ᠃