ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠠᠮᠢ ᠠᠬᠤᠢ᠎ᠶᠢᠨ ᠬᠠᠮᠠᠭᠠᠯᠠᠯᠲᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ
ᠪᠣᠬᠢᠷᠳᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ
ᠢᠯᠡ ᠵᠠᠰᠠᠭ   -   ᠠᠵᠢᠯᠲᠠᠨ᠎ᠤ ᠶᠠᠪᠣᠳᠠᠯ᠎ᠢ ᠵᠣᠬᠢᠶᠠᠨ ᠪᠠᠶ᠋ᠢᠭᠤᠯᠬᠤ
ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ ᠬᠥᠬᠡᠬᠣᠲᠠ ᠵᠢᠨ ᠠᠮᠢ ᠠᠬᠤᠢ ᠣᠷᠴᠢᠨ ᠲᠣᠭᠣᠷᠢᠨ᠎ᠤ ᠲᠣᠪᠴᠢᠶ᠎ᠠ ᠯᠣᠣ ᠨᠢᠦ ᠫᠦᠸᠸ᠋ ᠵᠢᠨ ᠨᠠᠮᠴᠢ ᠴᠢᠨᠠᠷ᠎ᠤᠨ ᠬᠥᠮᠦᠵᠢᠯ᠎ᠤᠨ ᠰᠠᠭᠤᠷᠢᠨ᠎ᠳᠤ ᠬᠦᠷᠴᠦ ᠬᠠᠮᠲᠤᠷᠠᠨ ᠪᠠᠢ᠌ᠭᠤᠯᠬᠤ ᠭᠣᠣᠯ ᠰᠡᠳᠦᠪᠲᠦ ᠨᠠᠮ᠎ᠤᠨ ᠡᠳᠦᠷ᠎ᠤᠨ ᠠᠵᠢᠯᠯᠠᠭ᠎ᠠ ᠥᠷᠨᠢᠭᠦᠯᠪᠡ
ᠨᠡᠶ᠋ᠢᠲᠡᠯᠡᠭᠰᠡᠨ ᠴᠠᠭ᠄ 2024-09-11

      ᠳᠤᠮᠳᠠᠳᠤ ᠤᠯᠤᠰ᠎ᠤᠨ ᠡᠪ ᠬᠠᠮᠲᠤ ᠨᠠᠮ ᠪᠠᠢ᠌ᠭᠤᠯᠤᠭᠳᠠᠭᠰᠠᠨ 103 ᠵᠢᠯ᠎ᠤᠨ ᠣᠢ ᠵᠢ ᠪᠡᠯᠭᠡᠯᠡᠵᠦ᠂ ᠨᠠᠮ᠎ᠤᠨ ᠭᠡᠰᠢᠭᠦᠨ ᠺᠠᠳ᠋ᠷᠴᠤᠳ᠎ᠤᠨ ᠨᠠᠮᠴᠢ ᠴᠢᠨᠠᠷ᠎ᠤᠨ ᠬᠥᠮᠦᠵᠢᠯ ᠪᠠ ᠬᠤᠪᠢᠰᠬᠠᠯᠲᠤ ᠤᠯᠠᠮᠵᠢᠯᠠᠯ᠎ᠤᠨ ᠬᠥᠮᠦᠵᠢᠯ᠎ᠢ ᠤᠯᠠᠮ ᠨᠢᠭᠡ ᠠᠯᠬᠤᠮ ᠴᠢᠩᠭ᠋ᠠᠳᠬᠠᠵᠤ᠂ ᠨᠠᠮ᠎ᠤᠨ ᠡᠭᠦᠷ᠎ᠤᠨ ᠵᠣᠬᠢᠶᠠᠨ ᠪᠠᠢ᠌ᠭᠤᠯᠤᠯᠲᠠ ᠵᠢᠨ ᠠᠮᠢᠳᠤᠷᠠᠯ᠎ᠤᠨ ᠠᠭᠤᠯᠤᠭᠳᠠᠬᠤᠨ ᠪᠠ ᠬᠡᠯᠪᠡᠷᠢ ᠵᠢ ᠪᠠᠶᠠᠯᠢᠭᠵᠢᠭᠤᠯᠤᠨ᠂ ᠨᠠᠮ᠎ᠤᠨ ᠰᠠᠬᠢᠯᠭ᠎ᠠ ᠪᠠᠲᠤ ᠵᠢᠨ ᠰᠤᠷᠤᠯᠴᠠᠯᠭ᠎ᠠ ᠬᠥᠮᠦᠵᠢᠯ᠎ᠤᠨ ᠭᠦᠨᠵᠡᠭᠡᠢ᠌ᠷᠡᠨ ᠪᠣᠳᠠᠲᠠᠢ᠌ᠵᠢᠬᠤ ᠵᠢ ᠠᠬᠢᠭᠤᠯᠬᠤ ᠵᠢᠨ ᠲᠥᠯᠥᠭᠡ᠂ 7 ᠰᠠᠷ᠎ᠠ ᠵᠢᠨ 3᠎ᠤ ᠡᠳᠦᠷ᠎ᠠᠴᠠ 4᠎ᠤ ᠡᠳᠦᠷ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ ᠪᠣᠯᠣᠨ ᠬᠥᠬᠡᠬᠣᠲᠠ ᠵᠢᠨ ᠠᠮᠢ ᠠᠬᠤᠢ ᠣᠷᠴᠢᠨ ᠲᠣᠭᠣᠷᠢᠨ᠎ᠤ ᠲᠣᠪᠴᠢᠶ᠎ᠠ ᠵᠢᠨ 60 ᠭᠠᠷᠤᠢ ᠨᠠᠮ᠎ᠤᠨ ᠭᠡᠰᠢᠭᠦᠨ ᠺᠠᠳ᠋ᠷ ᠴᠢᠩ ᠱᠦᠢ ᠾᠧ ᠰᠢᠶᠠᠨ᠎ᠤ ᠯᠣᠣ ᠨᠢᠦ ᠫᠥᠸᠧ ᠵᠢᠨ ᠨᠠᠮᠴᠢ ᠴᠢᠨᠠᠷ᠎ᠤᠨ ᠬᠥᠮᠦᠵᠢᠯ᠎ᠤᠨ ᠰᠠᠭᠤᠷᠢᠨ ᠭᠠᠵᠠᠷ᠎ᠲᠤ ᠬᠦᠷᠴᠦ᠂ 《ᠭᠠᠶ᠋ᠢᠬᠠᠮᠰᠢᠭᠲᠤ ᠦᠢ᠍ᠯᠡᠰ ᠵᠶ᠋ᠡᠨ ᠳᠠᠬᠢᠨ ᠰᠠᠨᠠᠭ᠋ᠠᠯᠵᠠᠵᠤ ᠤᠭ ᠰᠠᠨᠠᠭ᠎ᠠ᠎ᠪᠠᠨ ᠦᠢ᠍ᠯᠡᠳᠦᠯᠭᠡᠵᠢᠭᠦᠯᠵᠦ᠂ ᠡᠷᠡᠯᠬᠡᠭᠯᠡᠨ ᠲᠡᠮᠡᠴᠡᠵᠦ ᠡᠭᠦᠷᠭᠡ ᠬᠠᠷᠢᠭᠤᠴᠠᠯᠭ᠎ᠠ᠎ᠪᠠᠨ ᠡᠭᠦᠷᠭᠡᠯᠡᠬᠦ》 ᠬᠠᠮᠲᠤᠷᠠᠨ ᠪᠠᠢ᠌ᠭᠤᠯᠬᠤ ᠭᠣᠣᠯ ᠰᠡᠳᠦᠪᠲᠦ ᠨᠠᠮ᠎ᠤᠨ ᠡᠳᠦᠷ᠎ᠤᠨ ᠠᠵᠢᠯᠯᠠᠭ᠎ᠠ ᠵᠢ ᠥᠷᠨᠢᠭᠦᠯᠪᠡ᠃
      ᠪᠡᠶᠡᠴᠢᠯᠡᠨ ᠣᠢ᠌ᠯᠠᠭ᠋ᠠᠬᠤ ᠵᠢᠭ᠋ᠠᠨ ᠰᠤᠷᠭ᠋ᠠᠯᠲᠠ ᠪᠠ ᠲᠤᠬᠠᠢ ᠵᠢᠨ ᠲᠠᠯᠠᠪᠤᠷ᠎ᠤᠨ ᠵᠢᠭ᠋ᠠᠨ ᠰᠤᠷᠭ᠋ᠠᠯᠲᠠ᠎ᠲᠠᠢ ᠤᠶᠠᠯᠳᠤᠭᠤᠯᠬᠤ ᠵᠡᠷᠭᠡ ᠠᠷᠭ᠎ᠠ ᠮᠠᠶᠢᠭ ᠵᠶ᠋ᠠᠷ ᠠᠵᠢᠯᠯᠠᠭ᠎ᠠ ᠵᠢᠨ ᠳᠤᠮᠳᠠ᠂ ᠪᠦᠬᠦ ᠨᠠᠮ᠎ᠤᠨ ᠭᠡᠰᠢᠭᠦᠳ ᠡᠩ ᠲᠡᠷᠢᠭᠦᠨ᠎ᠳᠤ 《ᠬᠤᠪᠢᠰᠬᠠᠯ᠎ᠤᠨ ᠯᠣᠣ ᠨᠢᠦ ᠫᠦᠸᠸ᠋》 ᠲᠤᠰᠬᠠᠢ ᠰᠡᠳᠦᠪᠲᠦ ᠹᠢᠯᠢᠮ᠎ᠢ ᠰᠣᠨᠢᠷᠬᠠᠵᠤ᠂ ᠠᠮᠢᠳᠤᠯᠢᠭ ᠳᠦᠷᠰᠦᠯᠢᠭ ᠳᠦᠷᠰᠦ ᠰᠢᠩᠭᠡᠭᠡᠯᠲᠡ ᠵᠢᠨ ᠮᠠᠲ᠋ᠧᠷᠢᠶᠠᠯ ᠵᠶ᠋ᠠᠷ ᠳᠠᠮᠵᠢᠨ᠂ ᠴᠢᠩ ᠱᠦᠢ᠍ᠸ ᠾᠧ ᠵᠢᠨ ᠠᠷᠠᠳ ᠤᠯᠠᠨ᠎ᠤ ᠤᠯᠠᠭ᠋ᠠᠨ ᠵᠠᠰᠠᠭ᠎ᠤᠨ ᠤᠳᠤᠷᠢᠳᠤᠯᠭ᠎ᠠ ᠳᠣᠣᠷ᠎ᠠ᠂ ᠬᠤᠪᠢᠰᠬᠠᠯᠲᠤ ᠲᠡᠮᠡᠴᠡᠯ᠎ᠢ ᠡᠷᠡᠯᠬᠡᠭᠯᠡᠨ ᠥᠷᠨᠢᠭᠦᠯᠦᠭᠰᠡᠨ ᠭᠡᠷᠡᠯ ᠰᠠᠴᠤᠷᠠᠩᠭᠤᠢ ᠲᠡᠦᠬᠡᠨ ᠶᠠᠪᠤᠴᠠ ᠵᠢ ᠪᠦᠬᠦ ᠲᠠᠯ᠎ᠠ᠎ᠪᠠᠷ ᠡᠷᠭᠢᠴᠡᠭᠦᠯᠪᠡ᠃ ᠳᠠᠷᠠᠭ᠎ᠠ᠎ᠨᠢ᠂ ᠤᠯᠠᠨ ᠵᠶ᠋ᠠᠷ ᠵᠶ᠋ᠠᠨ ᠯᠣᠣ ᠨᠢᠦ ᠫᠦᠸᠸ᠋ ᠵᠢᠨ ᠨᠠᠮ᠎ᠤᠨ ᠡᠭᠦᠷ᠎ᠤᠨ ᠦᠵᠡᠭᠦᠯᠭᠡ ᠵᠢᠨ ᠣᠷᠳᠣᠨ᠂ ᠬᠤᠪᠢᠰᠬᠠᠯ᠎ᠤᠨ ᠭᠣᠣᠯ ᠰᠡᠳᠦᠪᠲᠦ ᠠᠭᠤᠳᠠᠮ ᠲᠠᠯᠠᠪᠠᠢ ᠵᠢ ᠳᠠᠷᠠᠭ᠋ᠠᠯᠠᠨ ᠲᠣᠭᠣᠷᠢᠨ ᠦᠵᠡᠭᠰᠡᠨ ᠪᠥᠭᠡᠳ ᠯᠣᠣ ᠨᠢᠦ ᠫᠦᠸᠸ᠋ ᠵᠢᠨ ᠨᠠᠮ᠎ᠤᠨ ᠡᠭᠦᠷ᠎ᠤᠨ ᠨᠠᠮ᠎ᠤᠨ ᠲᠤᠭ᠎ᠤᠨ ᠠᠭᠤᠳᠠᠮ ᠲᠠᠯᠠᠪᠠᠢ ᠵᠢᠨ ᠡᠮᠦᠨ᠎ᠡ᠂ ᠨᠠᠮ᠎ᠳᠤ ᠣᠷᠣᠬᠤ ᠲᠠᠩᠭ᠋ᠠᠷᠢᠭ᠎ᠤᠨ ᠦᠭᠡᠰ᠎ᠢ ᠬᠠᠮᠲᠤᠪᠠᠷ ᠡᠷᠭᠢᠴᠡᠭᠦᠯᠵᠦ᠂ ᠤᠭ ᠰᠠᠨᠠᠭ᠎ᠠ ᠡᠭᠦᠷᠭᠡ ᠬᠠᠷᠢᠭᠤᠴᠠᠯᠭ᠎ᠠ᠎ᠪᠠᠨ ᠭᠦᠨᠵᠡᠭᠡᠢ ᠣᠢ᠌ᠯᠠᠭ᠋ᠠᠵᠤ᠂ ᠲᠡᠭᠦᠨ᠎ᠤ ᠳᠤᠮᠳᠠ᠎ᠠᠴᠠ ᠲᠠᠰᠤᠷᠠᠯᠲᠠ ᠦᠭᠡᠢ ᠤᠷᠤᠭᠰᠢᠯᠠᠬᠤ ᠬᠥᠳᠡᠯᠭᠡᠬᠦ ᠬᠦᠴᠦᠨ᠎ᠢ ᠰᠢᠩᠭᠡᠬᠡᠨ ᠠᠪᠤᠪᠠ᠃ ᠪᠧᠢ ᠪᠦᠦ ᠲᠣᠰᠬᠤᠨ᠎ᠤ ᠬᠤᠪᠢᠰᠬᠠᠯ᠎ᠤᠨ ᠦᠷᠡᠭᠳᠡᠭᠰᠡᠨ ᠪᠠᠭ᠋ᠠᠲᠤᠷᠴᠤᠳ᠎ᠤᠨ ᠳᠤᠷᠠᠰᠬᠠᠯ᠎ᠤᠨ ᠬᠥᠰᠢᠶ᠎ᠡ ᠵᠢ ᠪᠠᠷᠠᠳᠠᠵᠤ ᠪᠠᠢ᠌ᠭ᠎ᠠ ᠲᠥᠪ ᠬᠢᠴᠢᠶᠡᠩᠭᠦᠢ ᠴᠠᠭ ᠮᠥᠴᠡ᠎ᠳᠤ᠂ ᠨᠠᠮ᠎ᠤᠨ ᠭᠡᠰᠢᠭᠦᠳ ᠬᠡᠬᠦᠳᠡᠭ ᠳᠦᠭᠦᠷᠡᠩ ᠬᠦᠨᠳᠦᠳᠬᠡᠯ᠎ᠢ ᠡᠪᠦᠷᠯᠡᠨ ᠤᠯᠤᠰ᠎ᠤᠨ ᠵᠶ᠋ᠠᠨ ᠲᠥᠯᠥᠭᠡ ᠠᠮᠢ ᠪᠡᠶ᠎ᠡ᠎ᠪᠠᠨ ᠵᠣᠷᠢᠭᠤᠯᠤᠭᠰᠠᠨ ᠦᠷᠡᠭᠳᠡᠭᠰᠡᠨ ᠪᠠᠭ᠋ᠠᠲᠤᠷᠴᠤᠳ᠎ᠲᠤ ᠨᠠᠮᠠᠨᠴᠢᠯᠠᠨ ᠶᠣᠰᠣᠯᠠᠵᠤ᠂ ᠴᠡᠴᠡᠭᠲᠦ ᠰᠠᠭᠰᠤ ᠬᠦᠷᠭᠡᠪᠡ᠃ ᠡᠭᠦᠨ᠎ᠠᠴᠠ ᠭᠠᠳᠠᠨ᠎ᠠ᠂ ᠨᠠᠮ᠎ᠤᠨ ᠭᠡᠰᠢᠭᠦᠳ ᠪᠠᠰᠠ ᠪᠧᠢ ᠪᠦᠦ ᠲᠣᠰᠬᠤᠨ᠎ᠤ ᠶᠠᠫᠤᠨ᠎ᠢ ᠡᠰᠡᠷᠭᠦᠴᠡᠬᠦ ᠲᠡᠢ᠌ᠨ᠎ᠤ ᠪᠠᠭᠤᠷᠢ ᠵᠢ ᠲᠤᠬᠠᠢ ᠵᠢᠨ ᠭᠠᠵᠠᠷ᠎ᠲᠤᠨᠢ ᠰᠤᠷᠪᠤᠯᠵᠢᠯᠠᠵᠤ᠂ ᠬᠤᠪᠢᠰᠬᠠᠯ᠎ᠤᠨ ᠦᠷᠡᠭᠳᠡᠭᠰᠡᠨ ᠪᠠᠭ᠋ᠠᠲᠤᠷᠴᠤᠳ᠎ᠤᠨ ᠪᠠᠯᠠᠷᠠᠰᠢ ᠦᠭᠡᠢ ᠭᠠᠪᠢᠶ᠎ᠠ ᠵᠢᠳᠬᠦᠯ᠎ᠢ ᠳᠤᠷᠠᠰᠤᠨ ᠰᠠᠨᠠᠭ᠋ᠠᠯᠵᠠᠪᠠ; ᠴᠢᠩ ᠯᠦᠩ ᠳ᠋ᠦᠩ ᠠᠭᠤᠯᠠᠨ᠎ᠤ ᠠᠮᠢ ᠠᠬᠤᠢ ᠵᠢᠨ ᠪᠣᠯᠪᠠᠰᠤᠨ᠎ᠤ ᠪᠠᠢ᠌ᠭᠤᠯᠤᠯᠲᠠ ᠵᠢᠨ ᠵᠢᠭ᠋ᠠᠨ ᠰᠤᠷᠭ᠋ᠠᠯᠲᠠ ᠵᠢᠨ ᠴᠡᠭ᠎ᠲᠤ ᠬᠦᠷᠴᠦ᠂ ᠰᠢᠨ᠎ᠡ ᠴᠠᠭ ᠦᠶ᠎ᠡ ᠵᠢᠨ ᠪᠣᠬᠢᠷᠲᠤᠯ ᠦᠭᠡᠢ ᠬᠥᠭᠵᠢᠯᠲᠡ ᠵᠢᠨ ᠥᠷᠨᠢᠭᠦᠨ ᠪᠠᠳᠠᠷᠠᠩᠭᠤᠢ ᠠᠮᠢᠵᠢᠷᠠᠯ᠎ᠤᠨ ᠬᠦᠴᠦᠨ᠎ᠢ ᠣᠢ᠌ᠯᠠᠭ᠋ᠠᠪᠠ᠃ ᠠᠵᠢᠯᠯᠠᠭ᠎ᠠ ᠵᠢᠨ ᠡᠴᠦᠰ᠎ᠲᠤ᠂ ᠨᠠᠮ᠎ᠤᠨ ᠭᠡᠰᠢᠭᠦᠳ ᠣᠷᠭᠢᠯᠤᠮ᠎ᠠ ᠬᠠᠯᠠᠭᠤᠨ ᠰᠡᠳᠬᠢᠯᠭᠡ᠎ᠪᠠᠷ ᠲᠣᠰᠬᠤᠨ᠎ᠤ ᠬᠠᠵᠠᠭᠤᠳᠠᠭᠢ ᠶᠠ ᠵᠢᠶᠣᠣ ᠱᠠᠨ ᠠᠭᠤᠯᠠᠨ᠎ᠤ ᠣᠷᠳᠣ ᠴᠠᠭ᠋ᠠᠨ ᠬᠡᠷᠡᠮ᠎ᠳᠤ ᠠᠪᠠᠷᠢᠨ ᠭᠠᠷᠴᠤ᠂ ᠠᠯᠬᠤᠮ ᠪᠦᠷᠢ᠎ᠳᠤ ᠴᠥᠮ ᠲᠡᠦᠬᠡ ᠵᠢ ᠪᠢᠰᠢᠷᠡᠨ ᠵᠢᠷᠦᠬᠡᠰᠢᠶᠡᠬᠦ ᠪᠠ ᠢᠷᠡᠭᠡᠳᠦᠢ ᠵᠢᠨ ᠲᠤᠬᠠᠢ ᠬᠦᠰᠡᠯ ᠡᠷᠡᠮᠡᠯᠵᠡᠯ ᠵᠶ᠋ᠡᠨ ᠢᠯᠡᠳᠬᠡᠵᠡᠢ᠃
      ᠡᠨᠡ ᠤᠳᠠᠭ᠎ᠠ ᠵᠢᠨ ᠠᠵᠢᠯᠯᠠᠭ᠎ᠠ᠎ᠨᠢ ᠬᠤᠪᠢᠰᠬᠠᠯ᠎ᠤᠨ ᠲᠡᠦᠬᠡ ᠵᠢ ᠭᠦᠨᠵᠡᠭᠡᠢ ᠡᠷᠭᠢᠴᠡᠭᠦᠯᠦᠭᠰᠡᠨ ᠵᠶ᠋ᠡᠷ ᠪᠠᠷᠠᠬᠤ ᠦᠭᠡᠢ ᠨᠡᠩ ᠴᠤ᠌ ᠨᠠᠮ᠎ᠤᠨ ᠭᠡᠰᠢᠭᠦᠨ ᠺᠠᠳ᠋ᠷᠴᠤᠳ᠎ᠤᠨ ᠨᠠᠮᠴᠢ ᠴᠢᠨᠠᠷ᠎ᠢ ᠭᠦᠨᠵᠡᠭᠡᠢ ᠳᠠᠪᠲᠠᠨ ᠪᠣᠯᠪᠠᠰᠤᠷᠠᠭᠤᠯᠵᠠᠢ᠃ ᠪᠦᠬᠦ ᠨᠠᠮ᠎ᠤᠨ ᠭᠡᠰᠢᠭᠦᠳ᠂ ᠲᠤᠰ ᠤᠳᠠᠭ᠎ᠠ ᠵᠢᠨ ᠠᠵᠢᠯᠯᠠᠭ᠎ᠠ᠎ᠪᠠᠷ ᠠᠵᠠ ᠲᠣᠬᠢᠶᠠᠯ ᠪᠣᠯᠭ᠋ᠠᠵᠤ᠂ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ ᠵᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠨᠠᠮ᠎ᠤᠨ ᠭᠡᠰᠢᠭᠦᠨ ᠭᠡᠰᠡᠨ ᠵᠶ᠋ᠡᠨ ᠴᠠᠭ ᠢᠮᠠᠭᠲᠠ ᠪᠠᠲᠤ ᠴᠡᠭᠡᠵᠢᠯᠡᠵᠦ᠂ ᠡᠭᠦᠷᠭᠡ ᠬᠠᠷᠢᠭᠤᠴᠠᠯᠭ᠎ᠠ᠎ᠪᠠᠨ ᠵᠣᠷᠢᠭᠲᠠᠢ᠎ᠪᠠᠷ ᠡᠭᠦᠷᠭᠡᠯᠡᠨ᠎ᠡ ᠭᠡᠵᠦ ᠢᠯᠡᠳᠬᠡᠵᠡᠭᠡᠪᠡ᠃ ᠬᠣᠶ᠋ᠢᠰᠢᠳᠠ ᠵᠢᠨ ᠠᠵᠢᠯ ᠠᠮᠢᠳᠤᠷᠠᠯ᠎ᠤᠨ ᠳᠤᠮᠳᠠ᠂ ᠯᠣᠣ ᠨᠢᠦ ᠫᠦᠸᠸ᠋ ᠵᠢᠨ 《ᠤᠯᠤᠰ ᠵᠶ᠋ᠠᠨ ᠬᠠᠢ᠌ᠷᠠᠯᠠᠵᠤ ᠭᠡᠷ ᠵᠶ᠋ᠡᠨ ᠬᠠᠢ᠌ᠷᠠᠯᠠᠬᠤ᠂ ᠤᠯᠠᠨ ᠲᠦᠮᠡᠨ᠎ᠳᠤ ᠲᠦᠰᠢᠭᠯᠡᠬᠦ᠂ ᠨᠤᠭᠤᠷᠠᠰᠢ ᠦᠭᠡᠢ ᠲᠡᠮᠡᠴᠡᠬᠦ᠂ ᠵᠣᠷᠢᠭᠲᠠᠢ᠎ᠪᠠᠷ ᠲᠡᠮᠡᠴᠡᠬᠦ》 ᠬᠤᠪᠢᠰᠬᠠᠯᠲᠤ ᠵᠣᠷᠢᠭ ᠰᠠᠨᠠᠭ᠎ᠠ ᠵᠢ ᠢᠳᠡᠪᠬᠢᠲᠡᠢ ᠤᠯᠠᠮᠵᠢᠯᠠᠨ ᠪᠠᠳᠠᠷᠠᠭᠤᠯᠵᠤ᠂ ᠮᠠᠨ᠎ᠤ ᠤᠯᠤᠰ᠎ᠤᠨ ᠤᠮᠠᠷᠠᠲᠤ ᠵᠢᠨ ᠴᠢᠬᠤᠯᠠ ᠠᠮᠢ ᠠᠬᠤᠢ ᠵᠢᠨ ᠠᠮᠤᠷ ᠲᠦᠪᠰᠢᠨ᠎ᠤ ᠬᠠᠯᠬᠠᠪᠴᠢ ᠵᠢ ᠪᠡᠬᠢᠵᠢᠭᠦᠯᠬᠦ᠂ ᠦᠵᠡᠰᠬᠦᠯᠡᠩᠲᠦ ᠰᠠᠢ᠌ᠬᠠᠨ ᠥᠪᠥᠷ ᠮᠣᠩᠭᠣᠯ᠎ᠢ ᠪᠦᠲᠦᠭᠡᠨ ᠪᠠᠢ᠌ᠭᠤᠯᠬᠤ᠎ᠳᠤ ᠨᠡᠩ ᠶᠡᠬᠡ ᠬᠤᠪᠢ ᠨᠡᠮᠡᠷᠢ ᠦᠵᠡᠭᠦᠯᠦᠨ᠎ᠡ ᠭᠡᠵᠦ ᠵᠢᠭ᠋ᠠᠵᠤ ᠭᠠᠷᠭ᠋ᠠᠪᠠ᠃

ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠮᠢ ᠠᠬᠤᠢ ᠤᠷᠴᠢᠨ ᠲᠤᠭᠤᠷᠢᠨ᠎ᠤ ᠲᠢᠩᠬᠢᠮ
          
ᠬᠠᠮᠢᠶ᠎ᠡ ᠪᠦᠬᠦᠢ ᠰᠣᠨᠢᠨ
ᠬᠥᠬᠡᠬᠣᠲᠠ ᠵᠢᠨ ᠠᠮᠢ ᠠᠬᠤᠢ ᠣᠷᠴᠢᠨ ᠲᠣᠭᠣᠷᠢᠨ᠎ᠤ ᠲᠣᠪᠴᠢᠶ᠎ᠠ 2024 ᠣᠨ᠎ᠤ ᠨᠡᠢ᠌ᠭᠡᠮ᠎ᠤᠨ ᠢᠲᠡᠭᠡᠮᠵᠢ ᠵᠢᠨ ᠰᠢᠰᠲ᠋ᠧᠮ᠎ᠤᠨ ᠪᠠᠢ᠌ᠭᠤᠯᠤᠯᠲᠠ ᠵᠢᠨ ᠲᠤᠰᠬᠠᠢ ᠰᠡᠳᠦᠪᠲᠦ ᠪᠣᠯᠪᠠᠰᠤᠷᠠᠯ᠎ᠤᠨ ᠠᠩᠭᠢ ᠡᠷᠬᠢᠯᠡᠪᠡ
ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ ᠪᠦᠭᠦᠳᠡ ᠨᠠᠢ᠌ᠷᠠᠮᠳᠠᠬᠤ ᠳᠤᠮᠳᠠᠳᠤ ᠠᠷᠠᠳ ᠤᠯᠤᠰ ᠪᠠᠢ᠌ᠭᠤᠯᠤᠭᠳᠠᠭᠰᠠᠨ 75 ᠵᠢᠯ᠎ᠤᠨ ᠤᠢ ᠵᠢ ᠪᠡᠯᠭᠡᠯᠡᠬᠦ 《ᠬᠤᠪᠢᠰᠬᠠᠯᠲᠤ ᠳᠠᠭᠤᠤ᠎ᠪᠠᠨ ᠳᠠᠭᠤᠯᠠᠵᠤ ᠨᠠᠮ᠎ᠤᠨ ᠠᠴᠢ᠎ᠳᠤ ᠲᠠᠯᠠᠷᠬᠠᠵᠤ ᠨᠠᠮ ᠵᠶ᠋ᠡᠨ᠎ᠲᠠᠭᠠᠨ ᠤᠷᠤᠭᠰᠢᠯᠠᠬᠤ》 ᠨᠠᠢ᠌ᠷᠠᠯ ᠳᠠᠭᠤᠤ ᠵᠢᠨ ᠤᠷᠤᠯᠳᠤᠭ᠋ᠠᠨ ᠶᠠᠪᠤᠭᠳᠠᠭᠤᠯᠪᠠ
ᠬᠤᠪᠢᠰᠬᠠᠯᠲᠤ ᠤᠳᠤᠮᠰᠢᠯ᠎ᠢ ᠤᠯᠠᠮᠵᠢᠯᠠᠨ ᠵᠠᠯᠭ᠋ᠠᠮᠵᠢᠯᠠᠵᠤ ᠵᠢᠩᠭ᠋ᠠᠩᠱ᠌ᠠᠨ᠎ᠤ ᠵᠣᠷᠢᠭ ᠰᠠᠨᠠᠭ᠎ᠠ ᠵᠢ ᠪᠠᠳᠠᠷᠠᠭᠤᠯᠤᠶ᠎ᠠ — ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ ᠨᠠᠮ᠎ᠤᠨ ᠠᠵᠢᠯ᠎ᠤᠨ ᠺᠠᠳ᠋ᠷ᠎ᠤᠨ ᠬᠡᠪ ᠴᠢᠨᠠᠷ᠎ᠢ ᠳᠡᠭᠡᠭᠰᠢᠯᠡᠭᠦᠯᠬᠦ ᠪᠣᠯᠪᠠᠰᠤᠷᠠᠯ᠎ᠤᠨ ᠠᠩᠭᠢ ᠡᠷᠬᠢᠯᠡᠪᠡ
ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ ᠨᠠᠮ᠎ᠤᠨ ᠤᠳᠤᠷᠢᠳᠬᠤ ᠳᠤᠭᠤᠢ᠌ᠯᠠᠩ᠎ᠤᠨ ᠤᠨᠤᠯ ᠰᠤᠷᠤᠯᠴᠠᠬᠤ ᠭᠣᠣᠯ ᠳᠤᠭᠤᠢ᠌ᠯᠠᠩ (ᠥᠷᠭᠡᠳᠬᠡᠭᠰᠡᠨ) ᠎ᠤᠨ 2024 ᠣᠨ᠎ᠤ ᠠᠷᠪᠠᠨ ᠨᠢᠭᠡᠳᠦᠭᠡᠷ ᠤᠳᠠᠭ᠎ᠠ ᠵᠢᠨ ᠰᠤᠷᠤᠯᠴᠠᠯᠭ᠎ᠠ ᠵᠢᠨ ᠬᠤᠷᠠᠯ ᠬᠤᠷᠠᠯᠳᠤᠭᠤᠯᠪᠠ
ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ ᠳᠠᠭ᠋ᠠᠭ᠋ᠠᠴᠢᠯᠠᠨ ᠬᠠᠷᠢᠯᠴᠠᠬᠤ ᠨᠡᠢ᠌ᠭᠡᠮ ᠲᠣᠭᠣᠷᠢᠭ᠎ᠲᠤ ᠭᠦᠨᠵᠡᠭᠡᠢ᠌ᠷᠡᠨ ᠬᠣᠣᠰᠯᠠᠨ ᠬᠠᠮᠲᠤᠪᠠᠷ ᠪᠠᠢ᠌ᠭᠤᠯᠬᠤ ᠲᠤᠬᠠᠢ ᠶᠠᠷᠢᠯᠴᠠᠭ᠎ᠠ ᠰᠣᠯᠢᠯᠴᠠᠭ᠎ᠠ ᠥᠷᠨᠢᠭᠦᠯᠪᠡ
 
             蒙ICP备05000248号