ᠲᠠᠭᠯᠠᠬᠤ ᠲᠣᠳᠣᠷᠬᠠᠶ᠋ᠢᠯᠠᠯᠲᠠ᠄ ᠳᠣᠣᠷᠠᠬᠢ ᠱᠠᠭ᠋ᠠᠷᠳᠠᠯᠭ᠎ᠠ ᠶᠣᠰᠣᠭ᠋ᠠᠷ ᠲᠠᠭᠯᠠᠨ ᠮᠡᠳᠡᠭᠦᠯᠦᠨ᠎ᠡ
ᠬᠢᠨᠠᠨ ᠵᠥᠪᠰᠢᠶᠡᠷᠡᠬᠦ ᠵᠦᠢ᠍ᠯᠡᠰ᠄ ᠠᠶᠤᠯᠲᠠᠢ ᠬᠠᠶᠠᠭᠳᠠᠮᠠᠯ ᠡᠳ᠋᠎ᠤᠨ ᠡᠵᠡᠩᠨᠡᠯᠲᠡ ᠵᠢᠨ ᠵᠥᠪᠰᠢᠶᠡᠷᠡᠯ᠎ᠤᠨ ᠦᠨᠡᠮᠯᠡᠯ
ᠭᠣᠣᠯᠯᠠᠨ ᠡᠷᠬᠢᠯᠡᠬᠦ ᠪᠠᠶ᠋ᠢᠭᠤᠯᠤᠮᠵᠢ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠲᠢᠩᠬᠢᠮ
ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠤᠨ ᠦᠨᠳᠦᠰᠦᠯᠡᠯ᠄
《ᠪᠥᠬᠥᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠬᠠᠲᠠᠭᠤ ᠪᠡᠶᠡᠲᠦ ᠬᠠᠶᠠᠭᠳᠠᠮᠠᠯ ᠡᠳ᠋᠎ᠤᠨ ᠣᠷᠴᠢᠨ ᠲᠣᠭᠣᠷᠢᠨ᠎ᠤ ᠪᠣᠬᠢᠷᠲᠤᠯ᠎ᠢ ᠰᠡᠷᠭᠡᠢ᠌ᠯᠡᠨ ᠵᠠᠰᠠᠬᠤ ᠬᠠᠤᠯᠢ》 ᠵᠢᠨ ᠲᠠᠪᠢᠨ ᠳᠣᠯᠣᠳᠤᠭ᠋ᠠᠷ ᠵᠦᠢ᠍ᠯ;
《ᠠᠶᠤᠯᠲᠠᠢ ᠬᠠᠶᠠᠭᠳᠠᠮᠠᠯ ᠡᠳ᠋᠎ᠤᠨ ᠡᠵᠡᠩᠨᠡᠯᠲᠡ ᠵᠢᠨ ᠵᠥᠪᠰᠢᠶᠡᠷᠡᠯ᠎ᠤᠨ ᠦᠨᠡᠮᠯᠡᠯ᠎ᠢ ᠬᠠᠮᠢᠶᠠᠷᠬᠤ ᠠᠷᠭ᠎ᠠ》᠃
ᠬᠢᠨᠠᠨ ᠵᠥᠪᠰᠢᠶᠡᠷᠡᠬᠦ ᠬᠡᠪᠴᠢᠶ᠎ᠡ᠄
ᠮᠤᠵᠢ ᠵᠢᠨ ᠱᠠᠲᠤᠨ᠎ᠤ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠰᠠᠯᠠᠭ᠎ᠠ ᠮᠥᠴᠢᠷ᠎ᠠᠴᠠ ᠬᠠᠤᠯᠢ ᠶᠣᠰᠣᠭ᠋ᠠᠷ ᠬᠡᠷᠡᠭᠵᠢᠭᠦᠯᠬᠦ ᠠᠶᠤᠯᠲᠠᠶ ᠬᠠᠶᠠᠭᠳᠠᠮᠠᠯ ᠡᠳ᠋᠎ᠤᠨ ᠡᠵᠡᠩᠨᠡᠯᠲᠡ ᠵᠢᠨ ᠵᠥᠪᠰᠢᠶᠡᠷᠡᠯ᠃
(ᠨᠢᠭᠡ) ᠵᠥᠪᠰᠢᠶᠡᠷᠡᠯ᠎ᠤᠨ ᠦᠨᠡᠮᠯᠡᠯ ᠭᠤᠶᠤᠴᠢᠯᠠᠬᠤ
ᠠᠶᠤᠯᠲᠠᠶ ᠬᠠᠶᠠᠭᠳᠠᠮᠠᠯ ᠡᠳ᠋᠎ᠢ ᠴᠤᠭᠯᠠᠭᠤᠯᠬᠤ᠂ ᠬᠠᠳᠠᠭ᠋ᠠᠯᠠᠬᠤ᠂ ᠰᠢᠢ᠍ᠳᠪᠦᠷᠢᠯᠡᠬᠦ ᠶᠡᠷᠦᠩᠬᠡᠢ᠌ᠯᠡᠭᠰᠡᠨ ᠡᠵᠡᠩᠨᠡᠯᠲᠡ ᠵᠢᠨ ᠠᠵᠢᠯᠯᠠᠭ᠎ᠠ ᠡᠷᠬᠢᠯᠡᠵᠦ ᠪᠠᠢ᠌ᠭ᠎ᠠ ᠨᠢᠭᠡᠴᠢ ᠵᠢᠨ᠎ᠬᠢᠨ ᠥᠪᠡᠷᠲᠡᠭᠡᠨ ᠵᠠᠰᠠᠬᠤ ᠣᠷᠣᠨ᠎ᠤ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠲᠢᠩᠬᠢᠮ᠎ᠳᠤ ᠦᠨᠡᠮᠯᠡᠯ ᠭᠦᠢ᠍ᠴᠡᠳᠬᠡᠬᠦ ᠭᠤᠶᠤᠴᠢᠯᠠᠯ ᠭᠠᠷᠭ᠋ᠠᠬᠤ ᠬᠡᠷᠡᠭᠲᠡᠢ᠃
ᠳᠣᠣᠷ᠎ᠠ ᠵᠢᠭᠰᠠᠭ᠋ᠠᠭᠰᠠᠨ ᠪᠠᠶ᠋ᠢᠳᠠᠯ᠎ᠤᠨ ᠳᠤᠷ᠎ᠠ ᠵᠢᠨ ᠨᠢᠭᠡ᠎ᠨᠢ ᠪᠠᠶ᠋ᠢᠪᠠᠯ᠂ ᠡᠵᠡᠩᠨᠡᠯᠲᠡ ᠵᠢᠨ ᠨᠢᠭᠡᠴᠢ ᠵᠢᠨ᠎ᠬᠢᠨ ᠥᠪᠡᠷᠲᠡᠭᠡᠨ ᠵᠠᠰᠠᠬᠤ ᠣᠷᠣᠨ᠎ᠤ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠲᠢᠩᠬᠢᠮ᠎ᠠᠴᠠ ᠠᠶᠤᠯᠲᠠᠢ ᠬᠠᠶᠠᠭᠳᠠᠮᠠᠯ ᠡᠳ᠋᠎ᠤᠨ ᠡᠵᠡᠩᠨᠡᠯᠲᠡ ᠵᠢᠨ ᠵᠥᠪᠰᠢᠶᠡᠷᠡᠯ᠎ᠤᠨ ᠦᠨᠡᠮᠯᠡᠯ᠎ᠢ ᠳᠠᠬᠢᠵᠤ ᠭᠤᠶᠤᠴᠢᠯᠠᠬᠤ ᠬᠡᠷᠡᠭᠲᠡᠢ᠄
1. ᠠᠶᠤᠯᠲᠠᠶ ᠬᠠᠶᠠᠭᠳᠠᠮᠠᠯ ᠡᠳ᠋᠎ᠤᠨ ᠡᠵᠡᠩᠨᠡᠯᠲᠡ ᠵᠢᠨ ᠠᠷᠭ᠎ᠠ ᠬᠡᠯᠪᠡᠷᠢ ᠵᠢ ᠬᠤᠪᠢᠷᠠᠭᠤᠯᠬᠤ;
2. ᠠᠶᠤᠯᠲᠠᠶ ᠬᠠᠶᠠᠭᠳᠠᠮᠠᠯ ᠡᠳ᠋᠎ᠤᠨ ᠲᠥᠷᠥᠯ ᠢᠯᠭ᠋ᠠᠭ᠎ᠠ ᠵᠢ ᠨᠡᠮᠡᠭᠳᠡᠭᠦᠯᠬᠦ;
3. ᠠᠶᠤᠯᠲᠠᠶ ᠬᠠᠶᠠᠭᠳᠠᠮᠠᠯ ᠡᠳ᠋᠎ᠤᠨ ᠡᠵᠡᠩᠨᠡᠯᠲᠡ ᠵᠢᠨ ᠪᠡᠯᠡᠳᠬᠡᠮᠵᠢ ᠵᠢ ᠰᠢᠨ᠎ᠡ᠎ᠪᠠᠷ ᠪᠠᠢ᠌ᠭᠤᠯᠬᠤ ᠪᠤᠶᠤ ᠤᠤᠯ᠎ᠤᠨ ᠪᠠᠢ᠌ᠭᠰᠠᠨ ᠠᠶᠤᠯᠲᠠᠶ ᠬᠠᠶᠠᠭᠳᠠᠮᠠᠯ ᠡᠳ᠋᠎ᠤᠨ ᠡᠵᠡᠩᠨᠡᠯᠲᠡ ᠵᠢᠨ ᠪᠡᠯᠡᠳᠬᠡᠮᠵᠢ᠎ᠪᠠᠨ ᠥᠷᠭᠡᠳᠬᠡᠨ ᠪᠠᠢ᠌ᠭᠤᠯᠬᠤ ᠪᠠ ᠥᠭᠡᠷᠡᠴᠢᠯᠡᠨ ᠪᠠᠢ᠌ᠭᠤᠯᠬᠤ;
4. ᠡᠵᠡᠩᠨᠡᠵᠦ ᠪᠠᠢ᠌ᠭ᠎ᠠ ᠠᠶᠤᠯᠲᠠᠶ ᠬᠠᠶᠠᠭᠳᠠᠮᠠᠯ ᠡᠳ᠋᠎ᠨᠢ ᠤᠤᠯ᠎ᠤᠨ ᠵᠥᠪᠰᠢᠶᠡᠷᠡᠭᠰᠡᠨ ᠣᠨ᠎ᠤ ᠡᠵᠡᠩᠨᠡᠯᠲᠡ ᠵᠢᠨ ᠬᠡᠪᠴᠢᠶᠡᠨ᠎ᠤ 20 %᠎ᠠᠴᠠ ᠳᠡᠭᠡᠭᠰᠢ ᠪᠣᠯᠲᠠᠯ᠎ᠠ ᠳᠠᠪᠠᠭᠰᠠᠨ᠃
(ᠬᠣᠶᠠᠷ) ᠵᠥᠪᠰᠢᠶᠡᠷᠡᠯ᠎ᠤᠨ ᠦᠨᠡᠮᠯᠡᠯ᠎ᠢ ᠬᠤᠪᠢᠷᠠᠭᠤᠯᠬᠤ
ᠡᠵᠡᠩᠨᠡᠯᠲᠡ ᠵᠢᠨ ᠨᠢᠭᠡᠴᠢ᠎ᠠᠴᠠ ᠬᠠᠤᠯᠢ ᠵᠢᠨ ᠡᠷᠬᠡᠲᠡᠨ᠎ᠤ ᠨᠡᠷᠡᠶ᠋ᠢᠳᠦᠯ᠂ ᠬᠠᠤᠯᠢ᠎ᠪᠠᠷ ᠲᠣᠭᠲᠠᠭ᠋ᠠᠭᠰᠠᠨ ᠲᠥᠯᠥᠭᠡᠨᠤ ᠬᠥᠮᠥᠨ ᠪᠠ ᠰᠠᠭᠤᠭ᠎ᠠ ᠭᠠᠵᠠᠷ ᠵᠶ᠋ᠠᠨ ᠬᠤᠪᠢᠷᠠᠭᠤᠯᠬᠤ᠎ᠳᠤ᠂ ᠠᠵᠤ ᠦᠢ᠍ᠯᠡᠳᠪᠦᠷᠢ ᠬᠤᠳᠠᠯᠳᠤᠭ᠋ᠠᠨ᠎ᠤ ᠰᠠᠯᠠᠭ᠎ᠠ ᠮᠥᠴᠢᠷ᠎ᠠᠴᠠ ᠬᠤᠪᠢᠷᠠᠭᠤᠯᠬᠤ᠎ᠪᠠᠷ ᠳᠠᠩᠰᠠᠯᠠᠨ ᠲᠡᠮᠳᠡᠭᠯᠡᠭᠰᠡᠨ ᠡᠳᠦᠷ᠎ᠠᠴᠠ ᠡᠬᠢᠯᠡᠵᠦ ᠭᠤᠶᠤᠴᠢᠯᠠᠯ ᠭᠠᠷᠭ᠋ᠠᠨ᠎ᠠ᠃
(ᠭᠤᠷᠪᠠ) ᠵᠥᠪᠰᠢᠶᠡᠷᠡᠯ᠎ᠤᠨ ᠦᠨᠡᠮᠯᠡᠯ᠎ᠢ ᠤᠷᠲᠤᠳᠬᠠᠬᠤ
ᠠᠶᠤᠯᠲᠠᠶ ᠬᠠᠶᠠᠭᠳᠠᠮᠠᠯ ᠡᠳ᠋᠎ᠤᠨ ᠡᠵᠡᠩᠨᠡᠯᠲᠡ ᠵᠢᠨ ᠵᠥᠪᠰᠢᠶᠡᠷᠡᠯ᠎ᠤᠨ ᠦᠨᠡᠮᠯᠡᠯ᠎ᠤᠨ ᠬᠦᠴᠦᠨ᠎ᠲᠠᠢ ᠬᠤᠭᠤᠴᠠᠭ᠎ᠠ᠎ᠨᠢ ᠳᠦᠭᠦᠷᠴᠦ᠂ ᠠᠶᠤᠯᠲᠠᠶ ᠬᠠᠶᠠᠭᠳᠠᠮᠠᠯ ᠡᠳ᠋ ᠤᠨ ᠡᠵᠡᠩᠨᠡᠯᠲᠡ ᠵᠢᠨ ᠨᠢᠭᠡᠴᠢ᠎ᠠᠴᠠ ᠦᠷᠭᠦᠯᠵᠢᠯᠡᠨ ᠠᠶᠤᠯᠲᠠᠶ ᠬᠠᠶᠠᠭᠳᠠᠮᠠᠯ ᠡᠳ᠋᠎ᠤᠨ ᠡᠵᠡᠩᠨᠡᠯᠲᠡ ᠵᠢᠨ ᠠᠵᠢᠯᠯᠠᠭ᠎ᠠ ᠡᠷᠬᠢᠯᠡᠬᠦ᠃
(ᠲᠦᠷᠪᠡ) ᠵᠥᠪᠰᠢᠶᠡᠷᠡᠯ᠎ᠤᠨ ᠦᠨᠡᠮᠯᠡᠯ᠎ᠢ ᠬᠦᠴᠦᠨ ᠦᠭᠡᠢ ᠪᠣᠯᠭ᠋ᠠᠬᠤ
ᠠᠶᠤᠯᠲᠠᠶ ᠬᠠᠶᠠᠭᠳᠠᠮᠠᠯ ᠡᠳ᠋᠎ᠤᠨ ᠡᠵᠡᠩᠨᠡᠯᠲᠡ ᠵᠢᠨ ᠨᠢᠭᠡᠴᠢ᠎ᠠᠴᠠ ᠠᠶᠤᠯᠲᠠᠶ ᠬᠠᠶᠠᠭᠳᠠᠮᠠᠯ ᠡᠳ᠋᠎ᠢ ᠴᠤᠭᠯᠠᠭᠤᠯᠬᠤ᠂ ᠬᠠᠳᠠᠭ᠋ᠠᠯᠠᠬᠤ᠂ ᠰᠢᠢ᠍ᠳᠪᠦᠷᠢᠯᠡᠬᠦ ᠡᠵᠡᠩᠨᠡᠯᠲᠡ ᠵᠢᠨ ᠠᠵᠢᠯᠯᠠᠭ᠎ᠠ᠎ᠪᠠᠨ ᠵᠣᠭᠰᠣᠭ᠋ᠠᠬᠤ᠎ᠳᠤ᠂ ᠡᠵᠡᠩᠨᠡᠯᠲᠡ ᠵᠢᠨ ᠪᠡᠯᠡᠳᠬᠡᠮᠵᠢ᠂ ᠲᠠᠯᠠᠪᠤᠷ ᠭᠠᠵᠠᠷ᠎ᠲᠤ᠎ᠪᠠᠨ ᠪᠣᠬᠢᠷᠲᠤᠯ᠎ᠢ ᠰᠡᠷᠭᠡᠶ᠋ᠢᠯᠡᠨ ᠵᠠᠰᠠᠬᠤ ᠠᠷᠭ᠎ᠠ ᠬᠡᠮᠵᠢᠶ᠎ᠡ ᠠᠪᠬᠤ ᠪᠠ ᠥᠯᠥ ᠰᠢᠶᠳᠪᠦᠷᠢᠯᠡᠭᠰᠡᠨ ᠠᠶᠤᠯᠲᠠᠶ ᠬᠠᠶᠠᠭᠳᠠᠮᠠᠯ ᠡᠳ᠋ ᠵᠶ᠋ᠠᠨ ᠵᠣᠬᠢᠰᠲᠠᠢ ᠰᠢᠢ᠍ᠳᠪᠦᠷᠢᠯᠡᠭᠰᠡᠨ᠎ᠤ ᠳᠠᠷᠠᠭ᠎ᠠ ᠭᠤᠶᠤᠴᠢᠯᠠᠯ ᠭᠠᠷᠭ᠋ᠠᠬᠤ ᠬᠡᠷᠡᠭᠲᠡᠶ᠃
ᠬᠢᠨᠠᠨ ᠵᠥᠪᠰᠢᠶᠡᠷᠡᠬᠦ ᠨᠥᠬᠥᠴᠡᠯ᠄
(ᠨᠢᠭᠡ) ᠣᠷᠴᠢᠨ ᠲᠣᠭᠣᠷᠢᠨ᠎ᠤ ᠢᠨᠵᠧᠨᠧᠷᠢᠩ᠎ᠤᠨ ᠲᠤᠰᠬᠠᠶ ᠮᠡᠷᠭᠡᠵᠢᠯ ᠪᠤᠶᠤ ᠬᠠᠮᠢᠶ᠎ᠠ ᠪᠦᠬᠦᠢ ᠲᠤᠰᠬᠠᠶ ᠮᠡᠷᠭᠡᠵᠢᠯ᠎ᠤᠨ ᠳᠤᠮᠳᠠᠳᠤ ᠵᠡᠷᠭᠡ᠎ᠠᠴᠠ ᠳᠡᠭᠡᠭᠰᠢ ᠮᠡᠷᠭᠡᠵᠢᠯ᠎ᠤᠨ ᠴᠣᠯᠠ᠎ᠲᠠᠢ ᠮᠥᠷᠲᠡᠭᠡᠨ ᠬᠠᠲᠠᠭᠤ ᠪᠡᠶᠡᠲᠦ ᠬᠠᠶᠠᠭᠳᠠᠮᠠᠯ ᠡᠳ᠋᠎ᠤᠨ ᠪᠣᠬᠢᠷᠲᠤᠯ᠎ᠳᠤ 3 ᠵᠢᠯ᠎ᠠᠴᠠ ᠳᠡᠭᠡᠭᠰᠢ ᠵᠠᠰᠠᠯᠲᠠ ᠬᠢᠭᠰᠡᠨ ᠥᠩᠭᠡᠷᠡᠯᠲᠡ᠎ᠲᠠᠢ 3᠎ᠠᠴᠠ ᠳᠡᠭᠡᠭᠰᠢ ᠮᠡᠷᠭᠡᠵᠢᠯ᠎ᠤᠨ ᠠᠵᠢᠯᠳᠠᠨ ᠪᠠᠶ᠋ᠢᠬᠤ;
(ᠬᠣᠶᠠᠷ) ᠲᠤᠢ᠍ᠷᠦ ᠵᠢᠨ ᠶᠠᠪᠤᠳᠠᠯ᠎ᠤᠨ ᠬᠣᠷᠢᠶ᠎ᠠ ᠵᠢᠨ ᠵᠡᠮ ᠬᠠᠷᠢᠯᠴᠠᠭ᠋ᠠᠨ᠎ᠤ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠤᠨ᠎ᠬᠢᠨ᠎ᠤ ᠠᠶᠤᠯᠲᠠᠶ ᠡᠳ᠋ ᠪᠠᠷᠠᠭ᠎ᠠ ᠲᠡᠭᠡᠭᠡᠪᠦᠷᠢᠯᠡᠬᠦ ᠠᠮᠤᠷ ᠲᠦᠪᠰᠢᠨ᠎ᠤ ᠬᠣᠯᠪᠣᠭᠳᠠᠯ ᠪᠦᠬᠦᠢ ᠱᠠᠭ᠋ᠠᠷᠳᠠᠯᠭ᠎ᠠ᠎ᠳᠤ ᠨᠡᠢ᠌ᠴᠡᠭᠰᠡᠨ ᠲᠡᠭᠡᠭᠡᠪᠦᠷᠢ ᠵᠢᠨ ᠪᠠᠭ᠋ᠠᠵᠢ ᠪᠠᠢ᠌ᠬᠤ;
(ᠭᠤᠷᠪᠠ) ᠤᠯᠤᠰ᠎ᠤᠨ ᠪᠤᠶᠤ ᠣᠷᠣᠨ ᠨᠤᠲᠤᠭ᠎ᠤᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠪᠠᠷᠢᠮᠵᠢᠶ᠎ᠠ ᠪᠠ ᠠᠮᠤᠷ ᠲᠦᠪᠰᠢᠨ᠎ᠤ ᠱᠠᠭ᠋ᠠᠷᠳᠠᠯᠭ᠎ᠠ᠎ᠳᠤ ᠨᠡᠶ᠋ᠢᠴᠡᠭᠰᠡᠨ ᠪᠣᠭᠣᠳᠠᠯᠯᠠᠬᠤ ᠪᠠᠭ᠋ᠠᠵᠢ᠂ ᠳᠠᠮᠵᠢᠭᠤᠯᠬᠤ ᠪᠠ ᠲᠦᠷ ᠬᠠᠳᠠᠭ᠋ᠠᠯᠠᠨ ᠬᠤᠷᠢᠶᠠᠬᠤ ᠪᠡᠯᠡᠳᠬᠡᠮᠵᠢ᠂ ᠲᠥᠬᠥᠭᠡᠷᠦᠮᠵᠢ ᠵᠢᠴᠢ ᠰᠢᠯᠭ᠋ᠠᠨ ᠬᠤᠷᠢᠶᠠᠵᠤ ᠠᠪᠬᠤ᠎ᠳᠤ ᠬᠢᠷᠢ ᠲᠡᠩᠴᠡᠭᠰᠡᠨ ᠬᠠᠳᠠᠭ᠋ᠠᠯᠠᠬᠤ ᠪᠡᠯᠡᠳᠬᠡᠮᠵᠢ᠂ ᠲᠥᠬᠥᠭᠡᠷᠦᠮᠵᠢ ᠪᠠᠢ᠌ᠬᠤ;
(ᠳᠦᠷᠪᠡ) ᠤᠯᠤᠰ᠎ᠤᠨ ᠪᠤᠶᠤ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠣᠲᠠ ᠵᠢᠨ ᠠᠶᠤᠯᠲᠠᠶ ᠬᠠᠶᠠᠭᠳᠠᠮᠠᠯ ᠡᠳ᠋᠎ᠢ ᠰᠢᠢ᠍ᠳᠪᠦᠷᠢᠯᠡᠬᠦ ᠪᠡᠯᠡᠳᠬᠡᠮᠵᠢ ᠵᠢᠨ ᠪᠦᠳᠦᠭᠡᠨ ᠪᠠᠶ᠋ᠢᠭᠤᠯᠤᠯᠲᠠ ᠵᠢᠨ ᠲᠥᠯᠥᠪᠵᠢᠭᠦᠯᠭᠡ᠎ᠳᠤ ᠨᠡᠢ᠌ᠴᠡᠵᠦ᠂ ᠤᠯᠤᠰ᠎ᠤᠨ ᠪᠤᠶᠤ ᠣᠷᠣᠨ ᠨᠤᠲᠤᠭ᠎ᠤᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠪᠠᠷᠢᠮᠵᠢᠶ᠎ᠠ ᠪᠠ ᠠᠮᠤᠷ ᠲᠦᠪᠰᠢᠨ᠎ᠤ ᠱᠠᠭ᠋ᠠᠷᠳᠠᠯᠭ᠎ᠠ᠎ᠳᠤ ᠨᠡᠶ᠋ᠢᠴᠡᠭᠰᠡᠨ ᠰᠢᠢ᠍ᠳᠪᠦᠷᠢᠯᠡᠬᠦ ᠪᠡᠯᠡᠳᠬᠡᠮᠵᠢ᠂ ᠲᠥᠬᠥᠭᠡᠷᠦᠮᠵᠢ ᠪᠠ ᠪᠣᠬᠢᠷᠲᠤᠯ᠎ᠢ ᠰᠡᠷᠭᠡᠶ᠋ᠢᠯᠡᠨ ᠵᠠᠰᠠᠬᠤ ᠢᠵᠢ ᠪᠦᠷᠢᠳᠦᠭᠰᠡᠨ ᠪᠡᠯᠡᠳᠬᠡᠮᠵᠢ ᠪᠠᠢ᠌ᠬᠤ;
(ᠲᠠᠪᠤ) ᠡᠵᠡᠩᠨᠡᠵᠦ ᠪᠠᠶ᠋ᠢᠭ᠎ᠠ ᠠᠶᠤᠯᠲᠠᠢ ᠬᠠᠶᠠᠭᠳᠠᠮᠠᠯ ᠡᠳ᠋᠎ᠤᠨ ᠲᠥᠷᠥᠯ ᠢᠯᠭ᠋ᠠᠯ᠎ᠲᠠᠢ ᠲᠣᠬᠢᠷᠠᠯᠴᠠᠭᠰᠠᠨ ᠰᠢᠢ᠍ᠳᠪᠦᠷᠢᠯᠡᠬᠦ ᠮᠡᠷᠭᠡᠵᠢᠯ ᠪᠠ ᠭᠠᠷ ᠤᠷᠠᠯᠠᠯ ᠪᠠᠢ᠌ᠬᠤ;
(ᠵᠢᠷᠭᠤᠭ᠎ᠠ) ᠠᠶᠤᠯᠲᠠᠶ ᠬᠠᠶᠠᠭᠳᠠᠮᠠᠯ ᠡᠳ᠋᠎ᠤᠨ ᠡᠵᠡᠩᠨᠡᠯᠲᠡ ᠵᠢᠨ ᠠᠮᠤᠷ ᠲᠦᠪᠰᠢᠨ᠎ᠢ ᠪᠠᠲᠤᠯᠠᠬᠤ ᠲᠤᠬᠠᠶ ᠳᠦᠷᠢᠮ ᠲᠣᠭᠲᠠᠭ᠋ᠠᠯ᠂ ᠪᠣᠬᠢᠷᠲᠤᠯ᠎ᠢ ᠰᠡᠷᠭᠡᠶ᠋ᠢᠯᠡᠨ ᠵᠠᠰᠠᠬᠤ ᠠᠷᠭ᠎ᠠ ᠬᠡᠮᠵᠢᠶ᠎ᠡ ᠪᠠ ᠡᠨᠳᠡᠯ᠎ᠤᠨ ᠪᠠᠴᠢᠮ ᠪᠠᠶ᠋ᠢᠳᠠᠯ᠎ᠢ ᠠᠷᠭ᠋ᠠᠴᠠᠭ᠋ᠠᠵᠤ ᠠᠪᠤᠷᠠᠨ ᠲᠤᠰᠠᠯᠠᠬᠤ ᠠᠷᠭ᠎ᠠ ᠬᠡᠮᠵᠢᠶ᠎ᠡ ᠪᠠᠢ᠌ᠬᠤ;
(ᠲᠤᠯᠤᠭ᠎ᠠ) ᠪᠤᠯᠠᠵᠤ ᠬᠠᠶᠠᠬᠤ ᠠᠷᠭ᠎ᠠ ᠬᠡᠯᠪᠡᠷᠢ᠎ᠪᠠᠷ ᠠᠶᠤᠯᠲᠠᠶ ᠬᠠᠶᠠᠭᠳᠠᠮᠠᠯ ᠡᠳ᠋᠎ᠢ ᠰᠢᠢ᠍ᠳᠪᠦᠷᠢᠯᠡᠬᠦ᠎ᠳᠤ᠂ ᠪᠤᠯᠠᠬᠤ ᠲᠠᠯᠠᠪᠤᠷ ᠭᠠᠵᠠᠷ᠎ᠤᠨ ᠭᠠᠵᠠᠷ ᠰᠢᠷᠣᠶ ᠵᠢᠨ ᠬᠡᠷᠡᠭᠯᠡᠬᠦ ᠡᠷᠬᠡ ᠵᠢ ᠬᠠᠤᠯᠢ ᠶᠣᠰᠣᠭ᠋ᠠᠷ ᠣᠯᠤᠭᠰᠠᠨ ᠪᠠᠶ᠋ᠢᠬᠤ ᠬᠡᠷᠡᠭᠲᠡᠶ᠃
ᠵᠠᠷᠯᠠᠯ ᠨᠡᠢ᠌ᠲᠡᠯᠡᠯ ᠵᠠᠷ ᠵᠢᠴᠢ ᠬᠠᠮᠤᠭ᠎ᠤᠨ ᠰᠢᠨ᠎ᠡ ᠮᠡᠳᠡᠭᠡ᠄ ᠰᠦᠯᠵᠢᠶ᠎ᠡ ᠵᠢ ᠲᠣᠪᠴᠢᠳᠠᠵᠤ ᠮᠡᠳᠡᠭᠡ ᠵᠠᠩᠭᠢ ᠵᠢ ᠣᠯᠣᠨ᠎ᠠ
ᠬᠠᠮᠢᠶ᠎ᠠ ᠪᠦᠬᠦᠢ ᠪᠢᠴᠢᠭ ᠮᠠᠲ᠋ᠧᠷᠢᠶᠠᠯ᠄ ᠠᠯᠠᠭ᠎ᠠ
ᠭᠤᠶᠤᠴᠢᠯᠠᠨ ᠮᠡᠳᠡᠭᠦᠯᠬᠦ ᠮᠠᠲ᠋ᠧᠷᠢᠶᠠᠯ᠄
(ᠨᠢᠭᠡ) ᠵᠥᠪᠰᠢᠶᠡᠷᠡᠯ᠎ᠤᠨ ᠦᠨᠡᠮᠯᠡᠯ ᠭᠤᠶᠤᠴᠢᠯᠠᠬᠤ
1. 《ᠠᠶᠤᠯᠲᠠᠶ ᠬᠠᠶᠠᠭᠳᠠᠮᠠᠯ ᠡᠳ᠋ ᠤᠨ ᠡᠵᠡᠩᠨᠡᠯᠲᠡ ᠵᠢᠨ ᠵᠥᠪᠰᠢᠶᠡᠷᠡᠯ᠎ᠤᠨ ᠦᠨᠡᠮᠯᠡᠯ ᠭᠤᠶᠤᠴᠢᠯᠠᠬᠤ ᠬᠦᠰᠦᠨᠦᠭ》 ᠵᠢᠴᠢ ᠠᠶ᠋ᠢᠮᠠᠭ ᠬᠤᠳᠠ᠎ᠠᠴᠠ ᠠᠩᠬ᠎ᠠ ᠠᠯᠬᠤᠮ᠎ᠤᠨ ᠬᠢᠨᠠᠯᠲᠠ ᠬᠢᠭᠰᠡᠨ ᠰᠠᠨᠠᠯ;
2. ᠣᠷᠴᠢᠨ ᠲᠣᠭᠣᠷᠢᠨ᠎ᠤ ᠢᠨᠵᠧᠨᠧᠷᠢᠩ᠎ᠤᠨ ᠲᠤᠰᠬᠠᠶ ᠮᠡᠷᠭᠡᠵᠢᠯ ᠪᠤᠶᠤ ᠬᠠᠮᠢᠶ᠎ᠠ ᠪᠦᠬᠦᠢ ᠲᠤᠰᠬᠠᠶ ᠮᠡᠷᠭᠡᠵᠢᠯ᠎ᠤᠨ ᠳᠤᠮᠳᠠᠳᠤ ᠵᠡᠷᠭᠡ᠎ᠠᠴᠠ ᠳᠡᠭᠡᠭᠰᠢ ᠮᠡᠷᠭᠡᠵᠢᠯ᠎ᠤᠨ ᠴᠣᠯᠠ᠎ᠲᠠᠢ ᠮᠥᠷᠲᠡᠭᠡᠨ ᠬᠠᠲᠠᠭᠤ ᠪᠡᠶᠡᠲᠦ ᠬᠠᠶᠠᠭᠳᠠᠮᠠᠯ ᠡᠳ᠋᠎ᠤᠨ ᠪᠣᠬᠢᠷᠲᠤᠯ᠎ᠳᠤ 3 ᠵᠢᠯ᠎ᠠᠴᠠ ᠳᠡᠭᠡᠭᠰᠢ ᠵᠠᠰᠠᠯᠲᠠ ᠬᠢᠭᠰᠡᠨ ᠥᠩᠭᠡᠷᠡᠯᠲᠡ᠎ᠲᠠᠢ 3᠎ᠠᠴᠠ ᠳᠡᠭᠡᠭᠰᠢ ᠮᠡᠷᠭᠡᠵᠢᠯ᠎ᠤᠨ ᠠᠵᠢᠯᠳᠠᠨ᠎ᠤ ᠭᠡᠷᠡᠴᠢᠯᠡᠬᠦ ᠮᠠᠲ᠋ᠧᠷᠢᠶᠠᠯ᠎ᠨᠢ ᠳᠣᠣᠷᠠᠬᠢ ᠨᠥᠬᠥᠴᠡᠯ᠎ᠢ ᠬᠠᠮᠤᠷᠬᠤ ᠬᠡᠷᠡᠭᠲᠡᠢ᠄
(1) ᠣᠷᠴᠢᠨ ᠲᠣᠭᠣᠷᠢᠨ᠎ᠤ ᠢᠨᠵᠧᠨᠧᠷᠢᠩ ᠪᠤᠶᠤ ᠬᠠᠮᠢᠶ᠎ᠠ ᠪᠦᠬᠦᠢ ᠲᠤᠰᠬᠠᠶ ᠮᠡᠷᠭᠡᠵᠢᠯ᠎ᠤᠨ ᠠᠵᠢᠯᠲᠠᠳ᠎ᠤᠨ ᠰᠤᠷᠤᠯᠭ᠎ᠠ ᠵᠢᠨ ᠨᠠᠮᠲᠠᠷ ᠪᠠ ᠡᠷᠳᠡᠮ᠎ᠤᠨ ᠴᠣᠯᠠ ᠵᠢᠨ ᠦᠨᠡᠮᠯᠡᠯ᠂ ᠮᠡᠷᠭᠡᠵᠢᠯ᠎ᠤᠨ ᠴᠣᠯᠠ ᠵᠢᠨ ᠦᠨᠡᠮᠯᠡᠯ᠎ᠤᠨ ᠬᠠᠭᠤᠯᠪᠤᠷᠢ;
(2) ᠮᠡᠷᠭᠡᠵᠢᠯ᠎ᠤᠨ ᠠᠵᠢᠯᠲᠠᠳ᠎ᠨᠢ ᠬᠠᠲᠠᠭᠤ ᠪᠡᠶᠡᠲᠦ ᠬᠠᠶᠠᠭᠳᠠᠮᠠᠯ ᠡᠳ᠋᠎ᠤᠨ ᠪᠣᠬᠢᠷᠲᠤᠯ᠎ᠳᠤ ᠵᠠᠰᠠᠯᠲᠠ ᠬᠢᠭᠰᠡᠨ 3 ᠵᠢᠯ᠎ᠠᠴᠠ ᠳᠡᠭᠡᠭᠰᠢ ᠥᠩᠭᠡᠷᠡᠯᠲᠡ᠎ᠲᠠᠢ ᠪᠠᠢ᠌ᠬᠤ ᠵᠢᠨ ᠭᠡᠷᠡᠴᠢᠯᠡᠬᠦ ᠮᠠᠲ᠋ᠧᠷᠢᠶᠠᠯ;
(3) ᠮᠡᠷᠭᠡᠵᠢᠯ᠎ᠲᠠᠢ ᠠᠵᠢᠯᠲᠠᠨ ᠪᠠ ᠭᠤᠶᠤᠴᠢᠯᠠᠬᠤ ᠨᠢᠭᠡᠴᠢ ᠵᠢᠨ ᠲᠣᠭᠲᠠᠭ᠋ᠠᠭᠰᠠᠨ ᠬᠥᠳᠡᠯᠮᠦᠷᠢ ᠵᠢᠨ ᠭᠡᠷ᠎ᠡ ᠵᠡᠷᠭᠡ ᠬᠥᠳᠡᠯᠮᠦᠷᠢ ᠵᠢᠨ ᠬᠠᠷᠢᠴᠠᠭ᠎ᠠ ᠵᠢ ᠭᠡᠷᠡᠴᠢᠯᠡᠵᠦ ᠳᠡᠢ᠌ᠯᠬᠦ ᠭᠡᠷᠡᠴᠢᠯᠡᠬᠦ ᠮᠠᠲ᠋ᠧᠷᠢᠶᠠᠯ (ᠭᠤᠶᠤᠴᠢᠯᠠᠬᠤ ᠨᠢᠭᠡᠴᠢ᠎ᠠᠴᠠ ᠭᠠᠷᠭ᠋ᠠᠵᠤ ᠥᠭᠭᠦᠭᠰᠡᠨ ᠪᠥᠭᠡᠳ ᠨᠢᠭᠡᠴᠢ ᠵᠢᠨ ᠠᠯᠪᠠᠨ ᠲᠠᠮᠠᠭ᠎ᠠ ᠳᠠᠷᠤᠭᠰᠠᠨ ᠪᠠᠢ᠌ᠬᠤ ᠬᠡᠷᠡᠭᠲᠡᠢ);
(4) ᠪᠤᠰᠤᠳ ᠬᠠᠮᠢᠶ᠎ᠠ ᠪᠦᠭᠦᠢ ᠭᠡᠷᠡᠴᠢᠯᠡᠬᠦ ᠮᠠᠲ᠋ᠧᠷᠢᠶᠠᠯ᠃
3. ᠲᠤᠢ᠍ᠷᠦ ᠵᠢᠨ ᠶᠠᠪᠤᠳᠠᠯ᠎ᠤᠨ ᠬᠣᠷᠢᠶ᠎ᠠ ᠵᠢᠨ ᠵᠡᠮ ᠬᠠᠷᠢᠯᠴᠠᠭ᠋ᠠᠨ᠎ᠤ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠤᠨ᠎ᠬᠢᠨ᠎ᠤ ᠠᠶᠤᠯᠲᠠᠶ ᠡᠳ᠋ ᠪᠠᠷᠠᠭ᠎ᠠ ᠲᠡᠭᠡᠭᠡᠪᠦᠷᠢᠯᠡᠬᠦ ᠠᠮᠤᠷ ᠲᠦᠪᠰᠢᠨ᠎ᠤ ᠬᠣᠯᠪᠣᠭᠳᠠᠯ ᠪᠦᠬᠦᠢ ᠱᠠᠭ᠋ᠠᠷᠳᠠᠯᠭ᠎ᠠ᠎ᠳᠤ ᠨᠡᠢ᠌ᠴᠡᠭᠰᠡᠨ ᠲᠡᠭᠡᠭᠡᠪᠦᠷᠢ ᠵᠢᠨ ᠪᠠᠭ᠋ᠠᠵᠢ ᠵᠢᠨ ᠭᠡᠷᠡᠴᠢᠯᠡᠬᠦ ᠮᠠᠲ᠋ᠧᠷᠢᠶᠠᠯ᠎ᠨᠢ ᠳᠣᠣᠷᠠᠬᠢ ᠨᠥᠬᠥᠴᠡᠯ᠎ᠤᠳ᠎ᠢ ᠬᠠᠮᠤᠷᠬᠤ ᠬᠡᠷᠡᠭᠲᠡᠢ᠄
(1) ᠵᠡᠮ ᠬᠠᠷᠢᠯᠴᠠᠭ᠋ᠠᠨ᠎ᠤ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠠᠴᠠ ᠣᠯᠭᠣᠭᠰᠠᠨ ᠠᠶᠤᠯᠲᠠᠶ ᠡᠳ᠋ ᠪᠠᠷᠠᠭ᠎ᠠ ᠲᠡᠭᠡᠭᠡᠪᠦᠷᠢᠯᠡᠬᠦ ᠵᠢ ᠵᠥᠪᠰᠢᠶᠡᠷᠡᠭᠰᠡᠨ ᠵᠠᠮ᠎ᠤᠨ ᠲᠡᠭᠡᠭᠡᠪᠦᠷᠢ ᠵᠢᠨ ᠡᠵᠡᠩᠨᠡᠯᠲᠡ ᠵᠢᠨ ᠵᠥᠪᠰᠢᠶᠡᠷᠡᠯ᠎ᠤᠨ ᠦᠨᠡᠮᠯᠡᠯ᠎ᠤᠨ ᠬᠠᠭᠤᠯᠪᠤᠷᠢ;
(2) ᠠᠶᠤᠯᠲᠠᠶ ᠬᠠᠶᠠᠭᠳᠠᠮᠠᠯ ᠡᠳ᠋᠎ᠢ ᠲᠡᠭᠡᠭᠡᠪᠦᠷᠢᠯᠡᠬᠦ ᠲᠡᠷᠭᠡ ᠵᠢᠨ ᠲᠡᠭᠡᠭᠡᠪᠦᠷᠢᠯᠡᠨ ᠡᠵᠡᠩᠨᠡᠬᠦ ᠦᠨᠡᠮᠯᠡᠯ᠂ ᠠᠶᠤᠯᠲᠠᠶ ᠡᠳ᠋ ᠪᠠᠷᠠᠭ᠎ᠠ ᠲᠡᠭᠡᠭᠡᠪᠦᠷᠢᠯᠡᠬᠦ ᠵᠢᠯᠣᠭᠣᠴᠢ ᠵᠢᠨ ᠦᠨᠡᠮᠯᠡᠯ ᠪᠠ ᠬᠠᠮᠠᠭ᠋ᠠᠯᠠᠨ ᠲᠡᠭᠡᠭᠡᠪᠦᠷᠢᠯᠡᠭᠴᠢ ᠵᠢᠨ ᠦᠨᠡᠮᠯᠡᠯ᠎ᠤᠨ ᠬᠠᠭᠤᠯᠪᠤᠷᠢ;
(3) ᠠᠶᠤᠯᠲᠠᠶ ᠡᠳ᠋ ᠪᠠᠷᠠᠭ᠎ᠠ ᠲᠡᠭᠡᠭᠡᠪᠦᠷᠢᠯᠡᠬᠦ ᠬᠢᠷᠢ ᠬᠡᠮ ᠦᠭᠡᠢ ᠭᠤᠶᠤᠴᠢᠯᠠᠬᠤ ᠨᠢᠭᠡᠴᠢ ᠵᠢᠨ᠎ᠬᠢᠨ ᠬᠠᠮᠢᠶ᠎ᠠ ᠪᠦᠬᠦᠢ ᠠᠶᠤᠯᠲᠠᠶ ᠡᠳ᠋ ᠪᠠᠷᠠᠭ᠎ᠠ ᠲᠡᠭᠡᠭᠡᠪᠦᠷᠢᠯᠡᠬᠦ ᠬᠢᠷᠢ ᠬᠡᠮ ᠪᠦᠬᠦᠢ ᠨᠢᠭᠡᠴᠢ᠎ᠲᠠᠢ ᠲᠣᠭᠲᠠᠭ᠋ᠠᠭᠰᠠᠨ ᠲᠡᠭᠡᠭᠡᠪᠦᠷᠢ ᠵᠢᠨ ᠬᠡᠯᠡᠯᠴᠡᠭᠡᠷ (ᠪᠤᠶᠤ ᠭᠡᠷ᠎ᠡ)᠎ᠤᠨ ᠬᠠᠭᠤᠯᠪᠤᠷᠢ ᠬᠠᠩᠭ᠋ᠠᠬᠤ ᠵᠢᠨ ᠬᠠᠮᠲᠤ᠂ ᠳᠡᠭᠡᠷ᠎ᠡ ᠳᠤᠷᠠᠳᠤᠭᠰᠠᠨ ᠭᠡᠷᠡᠴᠢᠯᠡᠬᠦ ᠮᠠᠲ᠋ᠧᠷᠢᠶᠠᠯ᠎ᠢ ᠬᠠᠮᠲᠤᠳᠤᠨᠢ ᠬᠠᠩᠭ᠋ᠠᠬᠤ ᠬᠡᠷᠡᠭᠲᠡᠶ;
(4) ᠪᠤᠰᠤᠳ ᠬᠠᠮᠢᠶ᠎ᠠ ᠪᠦᠭᠦᠢ ᠭᠡᠷᠡᠴᠢᠯᠡᠬᠦ ᠮᠠᠲ᠋ᠧᠷᠢᠶᠠᠯ᠃
4. ᠤᠯᠤᠰ᠎ᠤᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠪᠠᠷᠢᠮᠵᠢᠶ᠎ᠠ ᠪᠠ ᠠᠮᠤᠷ ᠲᠦᠪᠰᠢᠨ᠎ᠤ ᠱᠠᠭ᠋ᠠᠷᠳᠠᠯᠭ᠎ᠠ᠎ᠳᠤ ᠨᠡᠶ᠋ᠢᠴᠡᠭᠰᠡᠨ ᠪᠣᠭᠣᠳᠠᠯᠯᠠᠬᠤ ᠪᠠᠭ᠋ᠠᠵᠢ᠂ ᠳᠠᠮᠵᠢᠭᠤᠯᠬᠤ ᠪᠠ ᠲᠦᠷ ᠬᠠᠳᠠᠭ᠋ᠠᠯᠠᠨ ᠬᠤᠷᠢᠶᠠᠬᠤ ᠪᠡᠯᠡᠳᠬᠡᠮᠵᠢ᠂ ᠲᠥᠬᠥᠭᠡᠷᠦᠮᠵᠢ ᠵᠢᠴᠢ ᠰᠢᠯᠭ᠋ᠠᠨ ᠬᠤᠷᠢᠶᠠᠵᠤ ᠠᠪᠬᠤ᠎ᠳᠤ ᠬᠢᠷᠢ ᠲᠡᠩᠴᠡᠭᠰᠡᠨ ᠬᠠᠳᠠᠭ᠋ᠠᠯᠠᠬᠤ ᠪᠡᠯᠡᠳᠬᠡᠮᠵᠢ᠂ ᠲᠥᠬᠥᠭᠡᠷᠦᠮᠵᠢ ᠵᠢᠨ ᠭᠡᠷᠡᠴᠢᠯᠡᠬᠦ ᠮᠠᠲ᠋ᠧᠷᠢᠶᠠᠯ᠎ᠨᠢ ᠳᠣᠣᠷᠠᠬᠢ ᠨᠥᠬᠥᠴᠡᠯ᠎ᠤᠳ᠎ᠢ ᠬᠠᠮᠤᠷᠬᠤ ᠬᠡᠷᠡᠭᠲᠡᠶ᠄
(1) ᠪᠣᠭᠣᠳᠠᠯᠯᠠᠬᠤ ᠪᠠᠭ᠋ᠠᠵᠢ ᠵᠢᠨ ᠵᠢᠷᠤᠭ ᠰᠡᠭᠦᠳᠡᠷ ᠪᠤᠶᠤ ᠥᠯᠢᠭᠡᠷ ᠵᠢᠷᠤᠭ ᠵᠢᠴᠢ ᠤᠢ᠍ᠰᠦᠭ ᠪᠢᠴᠢᠭ᠎ᠤᠨ ᠲᠣᠳᠣᠷᠬᠠᠶ᠋ᠢᠯᠠᠯᠲᠠ;
(2) ᠳᠠᠮᠵᠢᠭᠤᠯᠬᠤ ᠪᠠ ᠲᠦᠷ ᠬᠤᠷᠢᠶᠠᠨ ᠬᠠᠳᠠᠭ᠋ᠠᠯᠠᠬᠤ ᠪᠡᠯᠡᠳᠬᠡᠮᠵᠢ᠂ ᠲᠥᠬᠥᠭᠡᠷᠦᠮᠵᠢ ᠵᠢᠴᠢ ᠬᠠᠳᠠᠭ᠋ᠠᠯᠠᠬᠤ ᠪᠡᠯᠡᠳᠬᠡᠮᠵᠢ᠂ ᠲᠤᠨᠤᠭ ᠲᠥᠬᠥᠭᠡᠷᠦᠮᠵᠢ ᠵᠢᠨ ᠵᠢᠷᠤᠭ ᠰᠡᠭᠦᠳᠡᠷ᠂ ᠵᠢᠷᠤᠵᠤ ᠲᠥᠯᠥᠪᠯᠡᠭᠰᠡᠨ ᠪᠢᠴᠢᠭ ᠮᠠᠲ᠋ᠧᠷᠢᠶᠠᠯ ᠵᠢᠴᠢ ᠤᠢ᠍ᠰᠦᠭ ᠪᠢᠴᠢᠭ᠎ᠤᠨ ᠲᠣᠳᠣᠷᠬᠠᠶ᠋ᠢᠯᠠᠯᠲᠠ (ᠪᠡᠯᠡᠳᠬᠡᠮᠵᠢ ᠵᠢᠨ ᠨᠡᠷᠡᠢ᠌ᠳᠦᠯ᠂ ᠬᠠᠳᠠᠭ᠋ᠠᠯᠠᠬᠤ ᠴᠢᠳᠠᠪᠤᠷᠢ᠂ ᠬᠠᠳᠠᠭ᠋ᠠᠯᠠᠭᠰᠠᠨ ᠠᠶᠤᠯᠲᠠᠶ ᠬᠠᠶᠠᠭᠳᠠᠮᠠᠯ ᠡᠳ᠋᠎ᠤᠨ ᠲᠥᠷᠥᠯ ᠵᠦᠢ᠍ᠯ ᠪᠠ ᠪᠤᠰᠤᠳ ᠮᠡᠷᠭᠡᠵᠢᠯ᠎ᠤᠨ ᠪᠤᠯᠵᠤᠯᠳᠤ ᠲᠣᠭ᠎ᠠ ᠵᠡᠷᠭᠡ ᠵᠢ ᠪᠠᠭᠲᠠᠭ᠋ᠠᠨ᠎ᠠ)᠂ ᠪᠠᠷᠢᠯᠭ᠎ᠠ ᠪᠠᠷᠢᠬᠤ ᠮᠡᠳᠡᠭᠦᠯᠦᠯᠲᠡ ᠵᠡᠷᠭᠡ;
(3) ᠬᠠᠳᠠᠭ᠋ᠠᠯᠠᠬᠤ ᠪᠡᠯᠡᠳᠬᠡᠮᠵᠢ᠎ᠨᠢ 《ᠠᠶᠤᠯᠲᠠᠢ ᠬᠠᠶᠠᠭᠳᠠᠮᠠᠯ ᠡᠳ᠋᠎ᠢ ᠬᠠᠳᠠᠭ᠋ᠠᠯᠠᠬᠤ ᠪᠣᠬᠢᠷᠲᠤᠯ᠎ᠢ ᠬᠢᠵᠠᠭ᠋ᠠᠷᠯᠠᠬᠤ ᠪᠠᠷᠢᠮᠵᠢᠶ᠎ᠠ》 (GB1859 — 2001)᠎ᠲᠠᠢ ᠨᠡᠢ᠌ᠴᠡᠭᠰᠡᠨ ᠭᠡᠷᠡᠴᠢᠯᠡᠬᠦ ᠮᠠᠲ᠋ᠧᠷᠢᠶᠠᠯ ᠵᠢᠴᠢ ᠣᠷᠴᠢᠨ ᠲᠣᠭᠣᠷᠢᠨ᠎ᠤ ᠬᠠᠮᠠᠭ᠋ᠠᠯᠠᠯᠲᠠ᠂ ᠭᠠᠯ᠎ᠢ ᠰᠡᠷᠭᠡᠶ᠋ᠢᠯᠡᠬᠦ ᠂ ᠠᠮᠤᠷ ᠲᠦᠪᠰᠢᠨ᠎ᠢ ᠬᠠᠮᠠᠭ᠋ᠠᠯᠠᠬᠤ ᠵᠡᠷᠭᠡ ᠰᠠᠯᠠᠭ᠎ᠠ ᠮᠥᠴᠢᠷ᠎ᠤᠳ᠎ᠠᠴᠠ ᠰᠢᠯᠭ᠋ᠠᠨ ᠬᠤᠷᠢᠶᠠᠵᠤ ᠠᠪᠬᠤ᠎ᠳᠤ ᠬᠢᠷᠢ ᠲᠡᠩᠴᠡᠭᠰᠡᠨ᠎ᠢ ᠭᠡᠷᠡᠴᠢᠯᠡᠬᠦ ᠪᠢᠴᠢᠭ ᠮᠠᠲ᠋ᠧᠷᠢᠶᠠᠯ;
(4) ᠪᠤᠰᠤᠳ ᠬᠠᠮᠢᠶ᠎ᠠ ᠪᠦᠭᠦᠢ ᠭᠡᠷᠡᠴᠢᠯᠡᠬᠦ ᠮᠠᠲ᠋ᠧᠷᠢᠶᠠᠯ᠃
5. ᠤᠯᠤᠰ᠎ᠤᠨ ᠠᠶᠤᠯᠲᠠᠶ ᠬᠠᠶᠠᠭᠳᠠᠮᠠᠯ ᠡᠳ᠋᠎ᠢ ᠰᠢᠢ᠍ᠳᠪᠦᠷᠢᠯᠡᠬᠦ ᠪᠡᠯᠡᠳᠬᠡᠮᠵᠢ ᠵᠢᠨ ᠪᠦᠳᠦᠭᠡᠨ ᠪᠠᠶ᠋ᠢᠭᠤᠯᠤᠯᠲᠠ ᠵᠢᠨ ᠲᠥᠯᠥᠪᠵᠢᠭᠦᠯᠭᠡ᠎ᠳᠤ ᠨᠡᠢ᠌ᠴᠡᠵᠦ᠂ ᠤᠯᠤᠰ᠎ᠤᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠪᠠᠷᠢᠮᠵᠢᠶ᠎ᠠ ᠪᠠ ᠠᠮᠤᠷ ᠲᠦᠪᠰᠢᠨ᠎ᠤ ᠱᠠᠭ᠋ᠠᠷᠳᠠᠯᠭ᠎ᠠ᠎ᠳᠤ ᠨᠡᠶ᠋ᠢᠴᠡᠭᠰᠡᠨ ᠰᠢᠢ᠍ᠳᠪᠦᠷᠢᠯᠡᠬᠦ ᠪᠡᠯᠡᠳᠬᠡᠮᠵᠢ᠂ ᠲᠥᠬᠥᠭᠡᠷᠦᠮᠵᠢ ᠪᠠ ᠪᠣᠬᠢᠷᠲᠤᠯ᠎ᠢ ᠰᠡᠷᠭᠡᠶ᠋ᠢᠯᠡᠨ ᠵᠠᠰᠠᠬᠤ ᠢᠵᠢ ᠪᠦᠷᠢᠳᠦᠭᠰᠡᠨ ᠪᠡᠯᠡᠳᠬᠡᠮᠵᠢ ᠵᠢᠨ ᠭᠡᠷᠡᠴᠢᠯᠡᠬᠦ ᠮᠠᠲ᠋ᠧᠷᠢᠶᠠᠯ᠎ᠨᠢ ᠳᠣᠣᠷᠠᠬᠢ ᠨᠥᠬᠥᠴᠡᠯ᠎ᠤᠳ᠎ᠢ ᠬᠠᠮᠤᠷᠬᠤ ᠬᠡᠷᠡᠭᠲᠡᠢ᠄
(1) 《ᠠᠵᠤ ᠠᠬᠤᠶ᠋ᠢᠯᠠᠯ᠎ᠤᠨ ᠬᠠᠤᠯᠢ ᠵᠢᠨ ᠡᠷᠬᠡᠲᠡᠨ᠎ᠤ ᠡᠵᠡᠩᠨᠡᠯᠲᠡ ᠵᠢᠨ ᠦᠨᠡᠮᠯᠡᠯ》 ᠪᠠ 《ᠵᠣᠬᠢᠶᠠᠨ ᠪᠠᠶ᠋ᠢᠭᠤᠯᠤᠯᠲᠠ ᠵᠢᠨ ᠪᠠᠶ᠋ᠢᠭᠤᠯᠤᠮᠵᠢ ᠵᠢᠨ ᠣᠷᠣᠯᠠᠬᠤ ᠨᠣᠮᠧᠷ᠎ᠤᠨ ᠭᠡᠷᠡᠴᠢ》 ᠵᠢᠨ ᠬᠠᠭᠤᠯᠪᠤᠷᠢ;
(2) ᠦᠢ᠍ᠯᠡᠳᠪᠦᠷᠢ ᠵᠢᠨ ᠲᠣᠭᠣᠷᠢᠭ᠎ᠤᠨ ᠬᠠᠪᠲᠠᠭ᠋ᠠᠶ ᠪᠠᠢ᠌ᠷᠢᠰᠢᠯ ᠵᠢᠷᠤᠭ᠂ ᠰᠢᠶᠳᠪᠦᠷᠢᠯᠡᠬᠦ ᠪᠡᠯᠡᠳᠬᠡᠮᠵᠢ᠂ ᠲᠥᠬᠥᠭᠡᠷᠦᠮᠵᠢ ᠵᠢᠴᠢ ᠪᠣᠬᠢᠷᠲᠤᠯ᠎ᠢ ᠰᠡᠷᠭᠡᠶ᠋ᠢᠯᠡᠨ ᠵᠠᠰᠠᠬᠤ ᠢᠵᠢ ᠪᠦᠷᠢᠳᠦᠭᠰᠡᠨ ᠪᠡᠯᠡᠳᠬᠡᠮᠵᠢ ᠵᠢᠨ ᠵᠢᠷᠤᠵᠤ ᠲᠥᠯᠥᠪᠯᠡᠭᠰᠡᠨ ᠪᠢᠴᠢᠭ ᠮᠠᠲ᠋ᠧᠷᠢᠶᠠᠯ ᠵᠢᠴᠢ ᠤᠢ᠍ᠰᠦᠭ ᠪᠢᠴᠢᠭ᠎ᠤᠨ ᠲᠣᠳᠣᠷᠬᠠᠶ᠋ᠢᠯᠠᠯᠲᠠ;
(3) ᠣᠷᠴᠢᠨ ᠲᠣᠭᠣᠷᠢᠨ᠎ᠤ ᠨᠥᠯᠥᠭᠡᠯᠡᠯ᠎ᠤᠨ ᠦᠨᠡᠯᠡᠯᠲᠡ ᠵᠢᠨ ᠲᠤᠬᠠᠢ ᠴᠣᠬᠣᠯᠠᠪᠤᠷᠢᠯᠠᠭᠰᠠᠨ ᠪᠢᠴᠢᠭ ᠮᠠᠲ᠋ᠧᠷᠢᠶᠠᠯ᠎ᠤᠨ ᠬᠠᠭᠤᠯᠪᠤᠷᠢ; ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠪᠠᠷᠢᠯᠭ᠎ᠠ ᠳᠠᠭᠤᠰᠤᠭᠰᠠᠨ᠎ᠤ ᠳᠠᠷᠠᠭ᠎ᠠ ᠰᠢᠯᠭ᠋ᠠᠨ ᠬᠤᠷᠢᠶᠠᠵᠤ ᠠᠪᠤᠭᠰᠠᠨ ᠰᠠᠨᠠᠯ᠂ ᠰᠢᠯᠭ᠋ᠠᠨ ᠬᠤᠷᠢᠶᠠᠵᠤ ᠠᠪᠬᠤ᠎ᠪᠠᠷ ᠬᠢᠨᠠᠨ ᠰᠢᠨᠵᠢᠯᠡᠭᠰᠡᠨ ᠮᠡᠳᠡᠭᠦᠯᠦᠯᠲᠡ ᠵᠢᠨ ᠬᠠᠭᠤᠯᠪᠤᠷᠢ;
(4) ᠠᠶᠤᠯᠲᠠᠶ ᠬᠠᠶᠠᠭᠳᠠᠮᠠᠯ ᠡᠳ᠋᠎ᠢ ᠭᠠᠯᠳᠠᠨ ᠰᠢᠲᠠᠭ᠋ᠠᠬᠤ ᠪᠡᠯᠡᠳᠬᠡᠮᠵᠢ᠎ᠳᠤ᠂ ᠲᠡᠭᠦᠨ᠎ᠤ 《ᠠᠶᠤᠯᠲᠠᠶ ᠬᠠᠶᠠᠭᠳᠠᠮᠠᠯ ᠡᠳ᠋᠎ᠢ ᠭᠠᠯᠳᠠᠨ ᠰᠢᠲᠠᠭ᠋ᠠᠬᠤ ᠪᠣᠬᠢᠷᠲᠤᠯ᠎ᠢ ᠬᠢᠵᠠᠭ᠋ᠠᠷᠯᠠᠬᠤ ᠪᠠᠷᠢᠮᠵᠢᠶ᠎ᠠ》 (GB18484 — 2001)᠂ 《ᠠᠶᠤᠯᠲᠠᠶ ᠬᠠᠶᠠᠭᠳᠠᠮᠠᠯ ᠡᠳ᠋᠎ᠢ ᠲᠥᠪᠯᠡᠷᠡᠭᠦᠯᠵᠦ ᠰᠢᠲᠠᠭ᠋ᠠᠨ ᠰᠢᠶᠳᠪᠦᠷᠢᠯᠡᠬᠦ ᠪᠠᠷᠢᠯᠭ᠎ᠠ ᠵᠢᠨ ᠪᠥᠲᠥᠭᠡᠨ ᠪᠠᠶ᠋ᠢᠭᠤᠯᠤᠯᠲᠠ ᠵᠢᠨ ᠮᠡᠷᠭᠡᠵᠢᠯ᠎ᠤᠨ ᠱᠠᠭ᠋ᠠᠷᠳᠠᠯᠭ᠎ᠠ (ᠲᠤᠷᠰᠢᠨ ᠬᠡᠷᠡᠭᠵᠢᠭᠦᠯᠬᠦ)》᠎ᠳᠤ ᠨᠡᠢ᠌ᠴᠡᠭᠰᠡᠨ ᠡᠯ᠎ᠡ ᠵᠦᠢ᠍ᠯ᠎ᠤᠨ ᠭᠡᠷᠡᠴᠢᠯᠡᠬᠦ ᠮᠠᠲ᠋ᠧᠷᠢᠶᠠᠯ᠎ᠢ ᠬᠠᠩᠭ᠋ᠠᠬᠤ ᠬᠡᠷᠡᠭᠲᠡᠢ;
(5) ᠠᠶᠤᠯᠲᠠᠶ ᠬᠠᠶᠠᠭᠳᠠᠮᠠᠯ ᠡᠳ᠋᠎ᠢ ᠪᠤᠯᠠᠵᠤ ᠬᠠᠶᠠᠬᠤ ᠪᠡᠯᠡᠳᠬᠡᠮᠵᠢ᠎ᠳᠤ᠂ ᠬᠣᠯᠪᠣᠭᠳᠠᠯ ᠪᠦᠬᠦᠢ ᠪᠠᠷᠢᠯᠭ᠎ᠠ ᠵᠢᠨ ᠶᠠᠰᠤ ᠴᠢᠨᠠᠷ᠎ᠤᠨ ᠪᠠᠲᠤᠯᠠᠪᠤᠷᠢ ᠪᠢᠴᠢᠭ᠂ ᠪᠠᠷᠢᠯᠭ᠎ᠠ ᠪᠠᠷᠢᠭᠰᠠᠨ ᠪᠠ ᠬᠢᠨᠠᠨ ᠬᠠᠮᠢᠶᠠᠷᠤᠭᠰᠠᠨ ᠪᠠᠶ᠋ᠢᠳᠠᠯ᠎ᠤᠨ ᠮᠡᠳᠡᠭᠦᠯᠦᠯᠲᠡ ᠵᠢᠴᠢ ᠭᠠᠵᠠᠷ ᠳᠣᠣᠷᠠᠬᠢ ᠤᠰᠤᠨ᠎ᠤ ᠬᠢᠨᠠᠨ ᠰᠢᠨᠵᠢᠯᠡᠬᠦ ᠬᠤᠳᠳᠤᠭ᠎ᠢ ᠵᠢᠷᠤᠭᠯᠠᠨ ᠲᠥᠯᠥᠪᠯᠡᠭᠰᠡᠨ ᠲᠥᠰᠦᠯ᠎ᠢ ᠬᠠᠩᠭ᠋ᠠᠬᠤ ᠵᠢᠨ ᠬᠠᠮᠲᠤ᠂ ᠲᠡᠭᠦᠨ᠎ᠤ 《ᠠᠶᠤᠯᠲᠠᠢ ᠬᠠᠶᠠᠭᠳᠠᠮᠠᠯ ᠡᠳ᠋᠎ᠢ ᠪᠤᠯᠠᠵᠤ ᠬᠠᠶᠠᠬᠤ ᠪᠣᠬᠢᠷᠲᠤᠯ᠎ᠢ ᠬᠢᠵᠠᠭ᠋ᠠᠷᠯᠠᠬᠤ ᠪᠠᠷᠢᠮᠵᠢᠶ᠎ᠠ》 (GB18598 — 2001)᠂ 《ᠠᠶᠤᠯᠲᠠᠶ ᠬᠠᠶᠠᠭᠳᠠᠮᠠᠯ ᠡᠳ᠋᠎ᠢ ᠠᠶᠤᠯᠭᠦᠶ᠎ᠪᠠᠷ ᠪᠤᠯᠠᠵᠤ ᠰᠢᠶᠳᠪᠦᠷᠢᠯᠡᠬᠦ ᠪᠠᠷᠢᠯᠭ᠎ᠠ ᠵᠢᠨ ᠪᠦᠲᠦᠭᠡᠨ ᠪᠠᠶ᠋ᠢᠭᠤᠯᠤᠯᠲᠠ ᠵᠢᠨ ᠮᠡᠷᠭᠡᠵᠢᠯ᠎ᠤᠨ ᠱᠠᠭ᠋ᠠᠷᠳᠠᠯᠭ᠎ᠠ》᠎ᠳᠤ ᠨᠡᠢ᠌ᠴᠡᠭᠰᠡᠨ ᠡᠯ᠎ᠡ ᠵᠦᠢ᠍ᠯ᠎ᠤᠨ ᠭᠡᠷᠡᠴᠢᠯᠡᠬᠦ ᠮᠠᠲ᠋ᠧᠷᠢᠶᠠᠯ ᠬᠠᠩᠭ᠋ᠠᠬᠤ ᠬᠡᠷᠡᠭᠲᠡᠢ;
(6) ᠪᠦᠳᠤᠭᠡᠨ ᠪᠠᠶ᠋ᠢᠭᠤᠯᠤᠯᠲᠠ ᠵᠢᠨ ᠲᠥᠷᠥᠯ ᠵᠦᠢ᠍ᠯ᠎ᠤᠨ ᠪᠠᠷᠢᠯᠭ᠎ᠠ ᠵᠢᠨ ᠶᠠᠰᠤ ᠴᠢᠨᠠᠷ᠂ ᠭᠠᠯ᠎ᠢ ᠰᠡᠷᠭᠡᠶ᠋ᠢᠯᠡᠬᠦ ᠪᠠ ᠠᠮᠤᠷ ᠲᠦᠪᠰᠢᠨ ᠤ ᠬᠠᠮᠠᠭ᠋ᠠᠯᠠᠯᠲᠠ ᠵᠢᠨ ᠰᠢᠯᠭ᠋ᠠᠨ ᠬᠤᠷᠢᠶᠠᠵᠤ ᠠᠪᠬᠤ ᠬᠠᠮᠢᠶ᠎ᠠ ᠪᠦᠬᠦᠢ ᠭᠡᠷᠡᠴᠢᠯᠡᠬᠦ ᠮᠠᠲ᠋ᠧᠷᠢᠶᠠᠯ;
(7) ᠨᠣᠴᠣᠮᠠᠲᠠᠭ᠋ᠠᠶ ᠳᠡᠯᠪᠡᠷᠡᠮᠡᠲᠡᠭᠡᠶ ᠬᠢᠮᠢ ᠵᠢᠨ ᠪᠣᠳᠠᠰ᠎ᠤᠨ ᠬᠠᠶᠠᠭᠳᠠᠮᠠᠯ ᠡᠳ᠋᠎ᠢ ᠡᠵᠡᠩᠨᠡᠵᠦ ᠪᠠᠢ᠌ᠪᠠᠯ᠂ ᠭᠠᠯ᠎ᠢ ᠰᠡᠷᠭᠡᠢ᠌ᠯᠡᠬᠦ ᠰᠠᠯᠠᠭ᠎ᠠ ᠮᠥᠴᠢᠷ ᠠᠴᠠ ᠰᠢᠯᠭ᠋ᠠᠨ ᠬᠤᠷᠢᠶᠠᠵᠤ ᠠᠪᠤᠭᠰᠠᠨ ᠭᠡᠷᠡᠴᠢᠯᠡᠬᠦ ᠮᠠᠲ᠋ᠧᠷᠢᠶᠠᠯ ᠬᠠᠩᠭ᠋ᠠᠬᠤ ᠬᠡᠷᠡᠭᠲᠡᠢ; ᠲᠤᠬᠰᠢᠨ ᠬᠣᠣᠷᠲᠠᠢ ᠬᠢᠮᠢ ᠵᠢᠨ ᠪᠣᠳᠠᠰ᠎ᠤᠨ ᠬᠠᠶᠠᠭᠳᠠᠮᠠᠯ ᠡᠳ᠋᠎ᠢ ᠡᠵᠡᠩᠨᠡᠵᠦ ᠪᠠᠢ᠌ᠪᠠᠯ᠂ ᠳᠣᠲᠣᠭ᠋ᠠᠳᠤ ᠵᠢ ᠬᠠᠮᠠᠭ᠋ᠠᠯᠠᠬᠤ ᠰᠠᠯᠠᠭ᠎ᠠ ᠮᠥᠴᠢᠷ ᠲᠤ ᠪᠦᠷᠢᠳᠬᠡᠨ ᠳᠠᠩᠰᠠᠯᠠᠭᠤᠯᠤᠭᠰᠠᠨ ᠭᠡᠷᠡᠴᠢᠯᠡᠬᠦ ᠮᠠᠲ᠋ᠧᠷᠢᠶᠠᠯ ᠬᠠᠩᠭ᠋ᠠᠬᠤ ᠬᠡᠷᠡᠭᠲᠡᠢ; ᠬᠠᠶᠠᠭᠳᠠᠭᠰᠠᠨ ᠠᠶᠤᠯᠲᠠᠶ ᠬᠢᠮᠢ ᠵᠢᠨ ᠪᠣᠳᠠᠰ᠎ᠢ ᠡᠵᠡᠩᠨᠡᠵᠦ ᠪᠠᠢ᠌ᠪᠠᠯ᠂ ᠠᠮᠤᠷ ᠲᠦᠪᠰᠢᠨ ᠦᠢ᠍ᠯᠡᠳᠪᠦᠷᠢᠯᠡᠯ᠎ᠤᠨ ᠦᠨᠡᠯᠡᠨ ᠵᠢᠱ᠌ᠢᠭᠰᠡᠨ ᠮᠡᠳᠡᠭᠦᠯᠦᠯᠲᠡ ᠵᠢᠴᠢ ᠠᠶᠤᠯ ᠦᠭᠡᠢ ᠦᠢ᠍ᠯᠡᠳᠪᠦᠷᠢᠯᠡᠯ᠎ᠤᠨ ᠬᠢᠨᠠᠯᠲᠠ ᠬᠠᠮᠢᠶᠠᠷᠤᠯᠲᠠ ᠵᠢᠨ ᠰᠠᠯᠠᠭ᠎ᠠ ᠮᠥᠴᠢᠷ᠎ᠲᠤ ᠪᠦᠷᠢᠳᠬᠡᠨ ᠳᠠᠩᠰᠠᠯᠠᠭᠤᠯᠤᠭᠰᠠᠨ ᠭᠡᠷᠡᠴᠢᠯᠡᠬᠦ ᠮᠠᠲ᠋ᠧᠷᠢᠶᠠᠯ ᠬᠠᠩᠭ᠋ᠠᠬᠤ ᠬᠡᠷᠡᠭᠲᠡᠢ; ᠠᠵᠢᠯ᠎ᠤᠨ ᠨᠥᠯᠥᠭᠡᠨ᠎ᠤ ᠡᠪᠡᠳᠴᠢᠨ᠎ᠤ ᠬᠣᠣᠷ ᠬᠥᠨᠥᠭᠡᠯ᠎ᠤᠨ ᠲᠠᠯᠳᠠ ᠭᠡᠮ ᠣᠷᠣᠰᠢᠵᠤ ᠪᠠᠢ᠌ᠪᠠᠯ᠂ ᠡᠷᠡᠭᠦᠯ ᠬᠠᠮᠠᠭ᠋ᠠᠯᠠᠯ᠎ᠤᠨ ᠰᠠᠯᠠᠭ᠎ᠠ ᠮᠥᠴᠢᠷ᠎ᠤᠨ᠎ᠬᠢᠨ᠎ᠤ ᠠᠵᠢᠯ ᠮᠡᠷᠭᠡᠵᠢᠯ᠎ᠤᠨ ᠡᠷᠡᠭᠦᠯ ᠬᠠᠮᠠᠭ᠋ᠠᠯᠠᠯ᠎ᠤᠨ ᠬᠢᠨᠠᠯᠲᠠ ᠪᠠᠢ᠌ᠴᠠᠭ᠋ᠠᠯᠲᠠ ᠵᠢᠨ ᠪᠦᠷᠢᠳᠬᠡᠨ ᠳᠠᠩᠰᠠᠯᠠᠭᠤᠯᠤᠭᠰᠠᠨ ᠭᠡᠷᠡᠴᠢᠯᠡᠬᠦ ᠮᠠᠲ᠋ᠧᠷᠢᠶᠠᠯ ᠬᠠᠩᠭ᠋ᠠᠬᠤ ᠬᠡᠷᠡᠭᠲᠡᠶ᠃
(8) ᠵᠠᠳᠠᠯᠤᠨ ᠰᠢᠨᠵᠢᠯᠡᠬᠦ ᠲᠤᠷᠰᠢᠯᠲᠠ ᠵᠢᠨ ᠪᠠᠭ᠋ᠠᠵᠢ ᠬᠡᠮᠵᠢᠭᠦᠷᠯᠢᠭ᠎ᠤᠨ ᠨᠡᠷᠡᠶ᠋ᠢᠳᠦᠯ᠂ ᠵᠢᠷᠤᠭ ᠰᠡᠭᠦᠳᠡᠷ ᠪᠤᠶᠤ ᠵᠢᠷᠤᠭ ᠲᠥᠰᠥᠯ᠂ ᠦᠰᠦᠭ ᠪᠢᠴᠢᠭ᠎ᠤᠨ ᠲᠣᠳᠣᠷᠬᠠᠶ᠋ᠢᠯᠠᠯᠲᠠ᠂ ᠬᠡᠷᠡᠭᠯᠡᠯᠲᠡ ᠵᠢᠴᠢ ᠵᠠᠳᠠᠯᠤᠨ ᠰᠢᠨᠵᠢᠯᠡᠬᠦ ᠪᠠ ᠬᠢᠨᠠᠨ ᠰᠢᠨᠵᠢᠯᠡᠬᠦ ᠲᠥᠷᠥᠯ ᠵᠦᠶᠯ;
(9) ᠪᠠᠴᠢᠮ ᠪᠠᠢ᠌ᠳᠠᠯ᠎ᠢ ᠠᠷᠭ᠋ᠠᠴᠠᠭ᠋ᠠᠬᠤ ᠬᠣᠯᠪᠣᠭᠳᠠᠯ ᠪᠦᠬᠦᠢ ᠲᠣᠨᠣᠭᠯᠠᠯ᠂ ᠪᠡᠯᠡᠳᠬᠡᠮᠵᠢ ᠪᠠ ᠪᠠᠭ᠋ᠠᠵᠢ ᠬᠡᠷᠡᠭᠰᠡᠯ᠎ᠤᠨ ᠨᠠᠷᠢᠨ ᠬᠠᠭᠤᠳᠠᠰᠤ᠂ ᠡᠭᠦᠨ᠎ᠳᠤ ᠲᠤᠢ᠍ᠷᠦᠯ ᠵᠦᠢ᠍ᠯ᠂ ᠨᠡᠷᠡᠶ᠋ᠢᠳᠦᠯ ᠂ ᠲᠣᠭ᠎ᠠ ᠬᠡᠮᠵᠢᠶ᠎ᠡ ᠂ ᠬᠤᠷᠢᠶᠠᠨ ᠬᠠᠳᠠᠭ᠋ᠠᠯᠠᠬᠤ ᠣᠷᠣᠨ ᠪᠠᠶ᠋ᠢᠷᠢ᠂ ᠪᠠᠷᠢᠮᠵᠢᠶ᠎ᠠ ᠂ ᠦᠢ᠍ᠯᠡᠳᠦᠯ ᠴᠢᠳᠠᠮᠵᠢ ᠂ ᠬᠡᠷᠡᠭᠯᠡᠯᠲᠡ ᠪᠠ ᠬᠡᠷᠡᠭᠯᠡᠬᠦ ᠠᠷᠭ᠎ᠠ ᠵᠡᠷᠭᠡ ᠮᠡᠳᠡᠭᠡ ᠵᠠᠩᠭᠢ;
(10) ᠪᠤᠰᠤᠳ ᠬᠠᠮᠢᠶ᠎ᠠ ᠪᠦᠭᠦᠢ ᠭᠡᠷᠡᠴᠢᠯᠡᠬᠦ ᠮᠠᠲ᠋ᠧᠷᠢᠶᠠᠯ᠃
6. ᠡᠵᠡᠩᠨᠡᠵᠦ ᠪᠠᠶ᠋ᠢᠭ᠎ᠠ ᠠᠶᠤᠯᠲᠠᠢ ᠬᠠᠶᠠᠭᠳᠠᠮᠠᠯ ᠡᠳ᠋᠎ᠤᠨ ᠲᠥᠷᠥᠯ ᠢᠯᠭ᠋ᠠᠯ᠎ᠲᠠᠢ ᠲᠣᠬᠢᠷᠠᠯᠴᠠᠭᠰᠠᠨ ᠰᠢᠢ᠍ᠳᠪᠦᠷᠢᠯᠡᠬᠦ ᠮᠡᠷᠭᠡᠵᠢᠯ ᠪᠠ ᠭᠠᠷ ᠤᠷᠠᠯᠠᠯ᠎ᠤᠨ ᠭᠡᠷᠡᠴᠢᠯᠡᠬᠦ ᠮᠠᠲ᠋ᠧᠷᠢᠶᠠᠯ ᠪᠠᠢ᠌ᠬᠤ᠎ᠳᠤ ᠳᠣᠣᠷᠠᠬᠢ ᠨᠥᠬᠥᠴᠡᠯ᠎ᠤᠳ᠎ᠢ ᠬᠠᠮᠤᠷᠬᠤ ᠬᠡᠷᠡᠭᠲᠡᠶ᠄
(1) ᠠᠶᠤᠯᠲᠠᠶ ᠬᠠᠶᠠᠭᠳᠠᠮᠠᠯ ᠡᠳ᠋᠎ᠢ ᠵᠣᠬᠢᠴᠠᠭᠤᠯᠬᠤ ᠪᠠ ᠰᠢᠶᠳᠪᠦᠷᠢᠯᠡᠬᠦ ᠤᠷ᠎ᠠ ᠮᠡᠷᠭᠡᠵᠢᠯ ᠵᠢᠴᠢ ᠠᠵᠢᠯᠯᠠᠭᠤᠯᠬᠤ ᠶᠣᠰᠣ ᠳᠦᠷᠢᠮ;
(2) ᠠᠶᠤᠯᠲᠠᠶ ᠬᠠᠶᠠᠭᠳᠠᠮᠠᠯ ᠡᠳ᠋᠎ᠢ ᠵᠣᠬᠢᠴᠠᠭᠤᠯᠬᠤ ᠪᠠ ᠰᠢᠶᠳᠪᠦᠷᠢᠯᠡᠬᠦ ᠭᠣᠣᠯ ᠪᠣᠯᠬᠤ ᠲᠥᠬᠥᠭᠡᠷᠦᠮᠵᠢ ᠵᠢᠨ ᠨᠡᠷᠡᠢ᠌ᠳᠦᠯ᠂ ᠬᠡᠪ ᠪᠠᠷᠢᠮᠵᠢᠶ᠎ᠠ ᠬᠡᠯᠪᠡᠷᠢ ᠮᠠᠶᠢᠭ ᠂ ᠵᠢᠷᠤᠭᠯᠠᠨ ᠲᠥᠯᠥᠪᠯᠡᠬᠦ ᠴᠢᠳᠠᠪᠤᠷᠢ᠂ ᠦᠢ᠍ᠯᠡᠳᠦᠯ ᠴᠢᠳᠠᠮᠵᠢ ᠂ ᠪᠤᠰᠤᠳ ᠮᠡᠷᠭᠡᠵᠢᠯ᠎ᠤᠨ ᠪᠤᠯᠵᠤᠯᠳᠤ ᠲᠣᠭ᠎ᠠ;
(3) ᠠᠶᠤᠯᠲᠠᠶ ᠬᠠᠶᠠᠭᠳᠠᠮᠠᠯ ᠡᠳ᠋᠎ᠢ ᠵᠣᠬᠢᠴᠠᠭᠤᠯᠬᠤ ᠪᠠ ᠰᠢᠶᠳᠪᠦᠷᠢᠯᠡᠬᠦ ᠭᠣᠣᠯ ᠪᠣᠯᠬᠤ ᠲᠥᠬᠥᠭᠡᠷᠦᠮᠵᠢ ᠵᠢᠨ ᠵᠣᠬᠢᠴᠠᠭᠤᠯᠬᠤ ᠪᠠ ᠰᠢᠢ᠍ᠳᠪᠦᠷᠢᠯᠡᠵᠦ ᠳᠡᠢ᠌ᠯᠬᠦ ᠬᠠᠶᠠᠭᠳᠠᠮᠠᠯ ᠡᠳ᠋᠎ᠤᠨ ᠨᠡᠷᠡᠶ᠋ᠢᠳᠦᠯ᠂ ᠲᠥᠷᠥᠯ ᠠᠩᠭᠢᠯᠠᠯ ᠂ ᠲᠥᠯᠥᠪ ᠪᠠᠢ᠌ᠳᠠᠯ ᠪᠠ ᠠᠶᠤᠯ ᠲᠦᠭᠰᠢᠭᠦᠷᠢ ᠵᠢᠨ ᠣᠨᠴᠠᠭ᠋ᠠᠢ ᠴᠢᠨᠠᠷ;
(4) ᠪᠤᠰᠤᠳ ᠬᠠᠮᠢᠶ᠎ᠠ ᠪᠦᠭᠦᠢ ᠭᠡᠷᠡᠴᠢᠯᠡᠬᠦ ᠮᠠᠲ᠋ᠧᠷᠢᠶᠠᠯ᠃
7. ᠠᠶᠤᠯᠲᠠᠶ ᠬᠠᠶᠠᠭᠳᠠᠮᠠᠯ ᠡᠳ᠋᠎ᠤᠨ ᠡᠵᠡᠩᠨᠡᠯᠲᠡ ᠵᠢᠨ ᠠᠮᠤᠷ ᠲᠦᠪᠰᠢᠨ᠎ᠢ ᠪᠠᠲᠤᠯᠠᠬᠤ ᠲᠤᠬᠠᠶ ᠳᠦᠷᠢᠮ ᠲᠣᠭᠲᠠᠭ᠋ᠠᠯ᠂ ᠪᠣᠬᠢᠷᠲᠤᠯ᠎ᠢ ᠰᠡᠷᠭᠡᠶ᠋ᠢᠯᠡᠨ ᠵᠠᠰᠠᠬᠤ ᠠᠷᠭ᠎ᠠ ᠬᠡᠮᠵᠢᠶ᠎ᠡ ᠪᠠ ᠡᠨᠳᠡᠯ᠎ᠤᠨ ᠪᠠᠴᠢᠮ ᠪᠠᠶ᠋ᠢᠳᠠᠯ᠎ᠢ ᠠᠷᠭ᠋ᠠᠴᠠᠭ᠋ᠠᠵᠤ ᠠᠪᠤᠷᠠᠨ ᠲᠤᠰᠠᠯᠠᠬᠤ ᠠᠷᠭ᠎ᠠ ᠬᠡᠮᠵᠢᠶ᠎ᠡ ᠵᠢᠨ ᠭᠡᠷᠡᠴᠢᠯᠡᠬᠦ ᠮᠠᠲ᠋ᠧᠷᠢᠶᠠᠯ ᠪᠠᠢ᠌ᠬᠤ᠎ᠳᠤ ᠳᠣᠣᠷᠠᠬᠢ ᠨᠥᠬᠥᠴᠡᠯ᠎ᠤᠳ᠎ᠢ ᠬᠠᠮᠤᠷᠬᠤ ᠬᠡᠷᠡᠭᠲᠡᠶ᠄
(1) ᠠᠶᠤᠯᠲᠠᠶ ᠬᠠᠶᠠᠭᠳᠠᠮᠠᠯ ᠡᠳ᠋᠎ᠢ ᠵᠠᠳᠠᠯᠤᠨ ᠰᠢᠨᠵᠢᠯᠡᠵᠦ ᠬᠠᠮᠢᠶᠠᠷᠬᠤ ᠳᠦᠷᠢᠮ᠃ ᠡᠭᠦᠨ᠎ᠳᠤ ᠬᠠᠶᠠᠭᠳᠠᠮᠠᠯ ᠡᠳ᠋᠎ᠤᠨ ᠲᠠᠯᠠᠪᠤᠷ᠎ᠲᠤ ᠣᠷᠣᠭᠤᠯᠤᠭᠰᠠᠨ᠎ᠢ ᠨᠤᠲᠠᠯᠠᠬᠤ᠂ ᠥᠯᠢᠭᠡᠷ ᠠᠪᠬᠤ ᠠᠷᠭ᠎ᠠ᠂ ᠰᠢᠯᠭ᠋ᠠᠨ ᠲᠤᠷᠰᠢᠵᠤ ᠵᠠᠳᠠᠯᠤᠯᠲᠠ ᠬᠢᠬᠦ ᠠᠷᠭ᠎ᠠ᠂ ᠳᠠᠪᠲᠠᠵᠤ ᠰᠢᠯᠭ᠋ᠠᠨ ᠲᠤᠷᠰᠢᠬᠤ ᠤᠳᠠᠭ᠎ᠠ᠂ ᠬᠦᠯᠢᠶᠡᠨ ᠠᠪᠬᠤ ᠪᠠᠷᠢᠮᠵᠢᠶ᠎ᠠ᠂ ᠦᠯᠦ ᠬᠦᠯᠢᠶᠡᠨ ᠠᠪᠴᠤ ᠪᠤᠴᠠᠭ᠋ᠠᠨ ᠲᠡᠭᠡᠭᠡᠪᠦᠷᠢᠯᠡᠬᠦ ᠠᠷᠭ᠎ᠠ ᠬᠡᠮᠵᠢᠶ᠎ᠡ ᠵᠢ ᠪᠠᠭᠲᠠᠭ᠋ᠠᠨ᠎ᠠ;
(2) ᠠᠮᠤᠷ ᠲᠦᠪᠰᠢᠨ ᠬᠠᠮᠢᠶᠠᠷᠤᠯᠲᠠ ᠵᠢᠨ ᠲᠥᠷᠢᠮ᠃ ᠡᠭᠦᠨ᠎ᠳᠤ ᠠᠶᠤᠯᠲᠠᠶ ᠬᠠᠶᠠᠭᠳᠠᠮᠠᠯ ᠡᠳ᠋᠎ᠤᠨ ᠠᠮᠤᠷ ᠲᠦᠪᠰᠢᠨ᠎ᠤ ᠰᠡᠷᠡᠮᠵᠢᠯᠡᠭᠦᠯᠬᠦ ᠲᠡᠮᠳᠡᠭ᠎ᠤᠨ ᠪᠠᠢ᠌ᠷᠢᠯᠠᠭᠤᠯᠤᠯᠲᠠ᠂ ᠠᠶᠤᠯᠲᠠᠢ ᠬᠠᠶᠠᠭᠳᠠᠮᠠᠯ ᠡᠳ᠋᠎ᠢ ᠬᠠᠳᠠᠭ᠋ᠠᠯᠠᠬᠤ ᠪᠠ ᠰᠢᠢ᠍ᠳᠪᠦᠷᠢᠯᠡᠬᠦ ᠪᠡᠯᠡᠳᠬᠡᠮᠵᠢ ᠵᠢ ᠪᠠᠢ᠌ᠷᠢᠯᠠᠭᠤᠯᠵᠤ 24 ᠴᠠᠭ ᠬᠢᠨᠠᠨ ᠡᠵᠡᠮᠳᠡᠬᠦ ᠰᠢᠰᠲ᠋ᠧᠮ᠂ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠪᠡᠯᠡᠳᠬᠡᠮᠵᠢ ᠪᠠ ᠲᠥᠬᠥᠭᠡᠷᠦᠮᠵᠢ ᠵᠢ ᠬᠠᠮᠠᠭ᠋ᠠᠯᠠᠬᠤ ᠪᠠ ᠲᠣᠭᠲᠠᠮᠠᠯ ᠬᠤᠭᠤᠴᠠᠭ᠎ᠠ᠎ᠲᠠᠢ᠎ᠪᠠᠷ ᠪᠠᠢ᠌ᠴᠠᠭ᠋ᠠᠨ ᠰᠢᠨᠵᠢᠯᠡᠬᠦ ᠠᠷᠭ᠎ᠠ ᠬᠡᠮᠵᠢᠶ᠎ᠡ᠂ ᠨᠣᠴᠣᠮᠠᠲᠠᠭ᠋ᠠᠢ᠂ ᠤᠷᠪᠠᠯ᠎ᠤᠨ ᠴᠢᠨᠠᠷᠲᠠᠶ ᠪᠤᠶᠤ ᠥᠯᠥ ᠵᠣᠬᠢᠴᠠᠯᠳᠤᠬᠤ ᠬᠠᠶᠠᠭᠳᠠᠮᠠᠯ ᠡᠳ᠋᠎ᠤᠨ ᠠᠮᠤᠷ ᠲᠦᠪᠰᠢᠨ ᠬᠠᠮᠢᠶᠠᠷᠤᠯᠲᠠ ᠵᠢᠨ ᠠᠷᠭ᠎ᠠ ᠬᠡᠮᠵᠢᠶ᠎ᠡ᠂ ᠪᠡᠯᠡᠳᠬᠡᠮᠵᠢ ᠵᠢᠨ ᠠᠵᠢᠯᠯᠠᠭᠤᠯᠤᠭᠰᠠᠨ ᠪᠠᠶ᠋ᠢᠳᠠᠯ᠎ᠳᠤ ᠬᠡᠪ᠎ᠤᠨ ᠪᠠᠶ᠋ᠢᠴᠠᠭ᠋ᠠᠯᠲᠠ ᠪᠠ ᠬᠠᠮᠠᠭ᠋ᠠᠯᠠᠯᠲᠠ ᠬᠢᠬᠦ ᠠᠷᠭ᠎ᠠ ᠬᠡᠮᠵᠢᠶ᠎ᠡ ᠵᠡᠷᠭᠡ ᠵᠢ ᠪᠠᠭᠲᠠᠭ᠋ᠠᠨ᠎ᠠ;
(3) ᠳᠣᠲᠣᠭ᠋ᠠᠳᠤ ᠵᠢᠨ ᠬᠢᠨᠠᠯᠲᠠ ᠲᠠᠯᠪᠢᠬᠤ ᠬᠠᠮᠢᠶᠠᠷᠬᠤ ᠠᠷᠭ᠎ᠠ ᠬᠡᠮᠵᠢᠶ᠎ᠡ ᠪᠠ ᠲᠦᠷᠢᠮ᠃ ᠠᠶᠤᠯᠲᠠᠶ ᠬᠠᠶᠠᠭᠳᠠᠮᠠᠯ ᠡᠳ᠋᠎ᠤᠨ ᠡᠵᠡᠩᠨᠡᠯᠲᠡ ᠵᠢᠨ ᠨᠢᠭᠡᠴᠢ᠎ᠠᠴᠠ ᠠᠶᠤᠯᠲᠠᠶ ᠬᠠᠶᠠᠭᠳᠠᠮᠠᠯ ᠡᠳ᠋᠎ᠤᠨ ᠡᠯ᠎ᠡ ᠪᠦᠷᠢᠯᠳᠦᠬᠦᠨ᠎ᠤ ᠣᠷᠴᠢᠨ ᠲᠣᠭᠣᠷᠢᠨ᠎ᠳᠤ ᠭᠣᠭᠣᠵᠢᠵᠤ ᠣᠷᠣᠬᠤ ᠵᠢ ᠡᠭᠦᠰᠬᠡᠵᠦ ᠮᠡᠳᠡᠬᠦ ᠵᠢᠴᠢ ᠬᠥᠮᠦᠨ᠎ᠤ ᠪᠡᠶ᠎ᠡ ᠵᠢᠨ ᠡᠷᠡᠭᠦᠯ ᠮᠡᠡᠳᠦ᠎ᠳᠤ ᠰᠦᠷᠳᠡᠭᠦᠯᠦᠯ ᠪᠣᠯᠬᠤ ᠪᠡᠯᠡᠳᠬᠡᠮᠵᠢ ᠵᠢᠨ ᠭᠡᠮᠲᠦᠯ ᠪᠤᠶᠤ ᠬᠠᠭᠤᠴᠢᠷᠠᠭᠰᠠᠨ᠂ ᠪᠤᠷᠤᠭᠤ ᠠᠵᠢᠯᠯᠠᠭᠤᠯᠤᠭᠰᠠᠨ ᠵᠡᠷᠭᠡ ᠪᠠᠶ᠋ᠢᠳᠠᠯ᠎ᠳᠤ ᠴᠢᠭᠯᠡᠭᠦᠯᠵᠦ᠂ ᠪᠠᠢ᠌ᠴᠠᠭ᠋ᠠᠯᠲᠠ ᠵᠢᠨ ᠲᠥᠰᠦᠯ ᠲᠣᠭᠲᠠᠭ᠋ᠠᠬᠤ ᠬᠡᠷᠡᠭᠲᠡᠶ᠃ ᠪᠠᠶ᠋ᠢᠴᠠᠭ᠋ᠠᠯᠲᠠ ᠵᠢᠨ ᠲᠥᠰᠦᠯ᠎ᠨᠢ ᠪᠠᠶ᠋ᠢᠴᠠᠭ᠋ᠠᠬᠤ᠎ᠪᠠᠷ ᠪᠠᠢ᠌ᠭ᠎ᠠ ᠠᠰᠠᠭᠤᠳᠠᠯ᠎ᠤᠨ ᠲᠥᠷᠥᠯ ᠬᠡᠯᠪᠡᠷᠢ ᠪᠠ ᠪᠠᠶ᠋ᠢᠴᠠᠭ᠋ᠠᠯᠲᠠ ᠬᠢᠬᠦ ᠤᠳᠠᠭ᠎ᠠ ᠵᠢ ᠬᠠᠮᠤᠷᠬᠤ ᠬᠡᠷᠡᠭᠲᠡᠢ;
(4) ᠪᠣᠬᠢᠷᠲᠤᠯ᠎ᠢ ᠰᠡᠷᠭᠡᠶ᠋ᠢᠯᠡᠨ ᠵᠠᠰᠠᠬᠤ ᠠᠷᠭ᠎ᠠ ᠬᠡᠮᠵᠢᠶ᠎ᠡ᠃ ᠡᠭᠦᠨ᠎ᠳᠤ ᠪᠣᠬᠢᠷᠲᠤᠯ᠎ᠢ ᠰᠡᠷᠭᠡᠶ᠋ᠢᠯᠡᠨ ᠵᠠᠰᠠᠬᠤ ᠪᠡᠯᠡᠳᠬᠡᠮᠵᠢ ᠵᠢᠨ ᠡᠳᠦᠷ ᠲᠤᠲᠤᠮ᠎ᠤᠨ ᠬᠠᠮᠠᠭ᠋ᠠᠯᠠᠯᠲᠠ ᠪᠠ ᠪᠠᠶ᠋ᠢᠴᠠᠭ᠋ᠠᠨ ᠰᠡᠯᠪᠢᠬᠦ ᠠᠷᠭ᠎ᠠ ᠬᠡᠮᠵᠢᠶ᠎ᠡ; ᠪᠡᠯᠡᠳᠬᠡᠮᠵᠢ ᠵᠢᠨ ᠠᠵᠢᠯᠯᠠᠭ᠎ᠠ᠎ᠨᠢ ᠬᠡᠪ᠎ᠤᠨ ᠪᠤᠰᠤ ᠪᠣᠯᠣᠭᠰᠠᠨ ᠪᠤᠶᠤ ᠪᠤᠰᠤᠳ ᠭᠡᠨᠡᠳᠲᠡ ᠵᠢᠨ ᠡᠨᠳᠡᠯ ᠡᠭᠦᠰᠬᠦ ᠦᠶ᠎ᠡ᠎ᠳᠤ ᠪᠣᠬᠢᠷᠲᠤᠯ ᠡᠳ᠋᠎ᠤᠨ ᠭᠠᠳᠠᠭᠰᠢᠯᠠᠭᠤᠯᠬᠤ ᠪᠠᠷᠢᠮᠵᠢᠶ᠎ᠠ᠎ᠳᠤ ᠬᠦᠷᠭᠡᠬᠦ ᠵᠢ ᠪᠠᠲᠤᠯᠠᠬᠤ ᠠᠷᠭ᠎ᠠ ᠬᠡᠮᠵᠢᠶ᠎ᠡ ᠵᠢ ᠪᠠᠭᠲᠠᠭ᠋ᠠᠨ᠎ᠠ;
(5) 《ᠠᠶᠤᠯᠲᠠᠶ ᠬᠠᠶᠠᠭᠳᠠᠮᠠᠯ ᠡᠳ᠋᠎ᠤᠨ ᠡᠵᠡᠩᠨᠡᠯᠲᠡ ᠵᠢᠨ ᠨᠢᠭᠡᠴᠢ ᠵᠢᠨ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠪᠡᠯᠡᠳᠬᠡᠯ ᠲᠥᠰᠦᠯ᠎ᠢ ᠨᠠᠶ᠋ᠢᠷᠠᠭᠤᠯᠤᠨ ᠵᠣᠬᠢᠶᠠᠬᠤ ᠵᠦᠭᠯᠡᠭᠦᠷ》᠎ᠤᠨ ᠱᠠᠭ᠋ᠠᠷᠳᠠᠯᠭ᠎ᠠ᠎ᠳᠤ ᠨᠡᠢ᠌ᠴᠡᠭᠰᠡᠨ ᠣᠷᠴᠢᠨ ᠲᠣᠭᠣᠷᠢᠨ᠎ᠤ ᠭᠡᠨᠡᠳᠲᠡ ᠵᠢᠨ ᠡᠨᠳᠡᠯ᠎ᠤᠨ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠪᠡᠯᠡᠳᠬᠡᠯ ᠲᠥᠰᠦᠯ;
(6) ᠠᠵᠢᠯᠲᠠᠳ᠎ᠢ ᠪᠣᠯᠪᠠᠰᠤᠷᠠᠭᠤᠯᠬᠤ ᠳᠦᠷᠢᠮ᠃ ᠠᠶᠤᠯᠲᠠᠶ ᠬᠠᠶᠠᠭᠳᠠᠮᠠᠯ ᠡᠳ᠋᠎ᠤᠨ ᠡᠵᠡᠩᠨᠡᠯᠲᠡ ᠵᠢᠨ ᠨᠢᠭᠡᠴᠢ᠎ᠠᠴᠠ ᠠᠶᠤᠯᠲᠠᠶ ᠬᠠᠶᠠᠭᠳᠠᠮᠠᠯ ᠡᠳ᠋᠎ᠤᠨ ᠬᠠᠮᠢᠶᠠᠷᠤᠯᠲᠠ ᠵᠢ ᠬᠣᠯᠪᠣᠭᠳᠠᠬᠤ ᠠᠵᠢᠯ᠎ᠤᠨ ᠪᠠᠶ᠋ᠢᠷᠢ ᠨᠢᠭᠡᠪᠦᠷᠢ ᠵᠢᠨ ᠡᠭᠦᠷᠭᠡ ᠬᠠᠷᠢᠭᠤᠴᠠᠯᠭ᠎ᠠ ᠵᠢ ᠲᠣᠳᠣᠷᠬᠠᠶ ᠳᠦᠷᠰᠦᠯᠡᠨ ᠲᠣᠭ᠋ᠠᠴᠢᠬᠤ ᠵᠢᠨ ᠬᠠᠮᠲᠤ᠂ ᠡᠭᠦᠨ᠎ᠢ ᠦᠨᠳᠦᠰᠦᠯᠡᠨ ᠡᠯ᠎ᠡ ᠠᠵᠢᠯ᠎ᠤᠨ ᠪᠠᠶ᠋ᠢᠷᠢ ᠵᠢᠨ ᠠᠵᠢᠯᠲᠠᠳ᠎ᠲᠤ ᠪᠣᠯᠪᠠᠰᠤᠷᠠᠭᠤᠯᠤᠯ ᠬᠢᠬᠦ ᠲᠥᠯᠥᠪᠯᠡᠭᠡ ᠲᠣᠭᠲᠠᠭ᠋ᠠᠬᠤ ᠬᠡᠷᠡᠭᠲᠡᠢ;
(7) ᠣᠷᠴᠢᠨ ᠲᠣᠭᠣᠷᠢᠨ᠎ᠤ ᠬᠢᠨᠠᠨ ᠰᠢᠨᠵᠢᠯᠡᠬᠦ ᠳᠦᠷᠢᠮ᠃ ᠠᠶᠤᠯᠲᠠᠶ ᠬᠠᠶᠠᠭᠳᠠᠮᠠᠯ ᠡᠳ᠋᠎ᠤᠨ ᠡᠵᠡᠩᠨᠡᠯᠲᠡ ᠵᠢᠨ ᠨᠢᠭᠡᠴᠢ᠎ᠠᠴᠠ ᠣᠷᠴᠢᠨ ᠲᠣᠭᠣᠷᠢᠨ ᠤ ᠬᠢᠨᠠᠨ ᠰᠢᠨᠵᠢᠯᠡᠬᠦ ᠲᠥᠰᠦᠯ᠎ᠢ ᠲᠣᠭᠲᠠᠭ᠋ᠠᠵᠤ᠂ ᠬᠠᠶᠠᠭᠳᠠᠮᠠᠯ ᠤᠰᠤ᠂ ᠠᠭ᠋ᠠᠷ ᠮᠠᠨᠳᠠᠯ᠎ᠤᠨ ᠪᠣᠬᠢᠷᠲᠤᠯ ᠪᠣᠳᠠᠰ ᠂ ᠳᠠᠭᠤ ᠱᠤᠤᠭᠢᠶᠠᠨ᠂ ᠭᠠᠵᠠᠷ ᠳᠣᠸᠷᠠᠬᠢ ᠤᠰᠤ ᠵᠡᠷᠭᠡ᠎ᠳᠤ ᠲᠣᠭᠲᠠᠮᠠᠯ ᠬᠤᠭᠤᠴᠠᠭ᠎ᠠ᠎ᠲᠠᠢ᠎ᠪᠠᠷ ᠬᠢᠨᠠᠨ ᠰᠢᠨᠵᠢᠯᠡᠯᠲᠡ ᠬᠢᠬᠦ ᠬᠡᠷᠡᠭᠲᠡᠶ᠃ ᠣᠷᠴᠢᠨ ᠲᠣᠭᠣᠷᠢᠨ᠎ᠤ ᠬᠢᠨᠠᠨ ᠰᠢᠨᠵᠢᠯᠡᠬᠦ ᠲᠥᠰᠦᠯ᠎ᠳᠤ᠎ᠪᠠᠨ ᠬᠢᠨᠠᠨ ᠰᠢᠨᠵᠢᠯᠡᠬᠦ ᠭᠦᠢ᠍ᠴᠡᠳᠬᠡᠯ ᠲᠣᠭ᠎ᠠ ᠪᠠ ᠤᠳᠠᠭ᠎ᠠ ᠵᠢ ᠲᠣᠭᠲᠠᠭ᠋ᠠᠬᠤ ᠬᠡᠷᠡᠭᠲᠡᠶ᠃ ᠠᠶᠤᠯᠲᠠᠶ ᠬᠠᠶᠠᠭᠳᠠᠮᠠᠯ ᠡᠳ᠋᠎ᠤᠨ ᠡᠵᠡᠩᠨᠡᠯᠲᠡ ᠵᠢᠨ ᠨᠢᠭᠡᠴᠢ᠎ᠠᠴᠠ ᠥᠪᠡᠰᠦᠪᠡᠨ ᠬᠢᠨᠠᠨ ᠰᠢᠨᠵᠢᠯᠡᠬᠦ᠎ᠳᠤ᠂ ᠪᠠᠰᠠ ᠬᠢᠨᠠᠨ ᠰᠢᠨᠵᠢᠯᠡᠬᠦ ᠪᠠᠭ᠋ᠠᠵᠢ ᠬᠡᠮᠵᠢᠭᠦᠷᠯᠢᠭ ᠤᠨ ᠬᠠᠮᠠᠭ᠋ᠠᠯᠠᠬᠤ ᠪᠠ ᠰᠢᠯᠭ᠋ᠠᠨ ᠲᠣᠭᠲᠠᠭ᠋ᠠᠬᠤ ᠲᠥᠰᠥᠯ᠎ᠢ ᠲᠣᠭᠲᠠᠭ᠋ᠠᠨ᠂ ᠲᠣᠭᠲᠠᠮᠠᠯ ᠬᠤᠭᠤᠴᠠᠭ᠎ᠠ᠎ᠲᠠᠢ᠎ᠪᠠᠷ ᠬᠠᠮᠠᠭ᠋ᠠᠯᠠᠵᠤ᠂ ᠰᠢᠯᠭ᠋ᠠᠨ ᠲᠣᠭᠲᠠᠭ᠋ᠠᠬᠤ ᠵᠢᠨ ᠬᠠᠮᠲᠤ ᠦᠷ᠎ᠡ ᠳ᠋ᠦᠩ᠎ᠢ᠎ᠨᠢ ᠲᠡᠮᠳᠡᠭᠯᠡᠬᠦ ᠬᠡᠷᠡᠭᠲᠡᠢ;
(8) ᠰᠢᠨ᠎ᠡ᠎ᠪᠠᠷ ᠡᠭᠦᠰᠦᠭᠰᠡᠨ ᠠᠶᠤᠯᠲᠠᠶ ᠬᠠᠶᠠᠭᠳᠠᠮᠠᠯ ᠡᠳ᠋᠎ᠤᠨ ᠬᠠᠮᠢᠶᠠᠷᠬᠤ ᠲᠥᠯᠥᠪᠯᠡᠭᠡ;
(9) ᠪᠤᠰᠤᠳ ᠬᠠᠮᠢᠶ᠎ᠠ ᠪᠥᠬᠥᠶ ᠬᠠᠮᠢᠶᠠᠷᠤᠯᠲᠠ ᠵᠢᠨ ᠲᠦᠷᠢᠮ᠃
8. ᠪᠤᠯᠠᠵᠤ ᠬᠠᠶᠠᠬᠤ ᠠᠷᠭ᠎ᠠ ᠬᠡᠯᠪᠡᠷᠢ᠎ᠪᠠᠷ ᠠᠶᠤᠯᠲᠠᠶ ᠬᠠᠶᠠᠭᠳᠠᠮᠠᠯ ᠡᠳ᠋᠎ᠢ ᠰᠢᠢ᠍ᠳᠪᠦᠷᠢᠯᠡᠬᠦ᠎ᠳᠤ᠂ ᠪᠤᠯᠠᠬᠤ ᠲᠠᠯᠠᠪᠤᠷ ᠭᠠᠵᠠᠷ᠎ᠤᠨ ᠭᠠᠵᠠᠷ ᠰᠢᠷᠣᠶ ᠵᠢᠨ ᠬᠡᠷᠡᠭᠯᠡᠬᠦ ᠡᠷᠬᠡ ᠵᠢ ᠬᠠᠤᠯᠢ ᠶᠣᠰᠣᠭ᠋ᠠᠷ ᠣᠯᠤᠭᠰᠠᠨ ᠭᠡᠷᠡᠴᠢᠯᠡᠬᠦ ᠮᠠᠲ᠋ᠧᠷᠢᠶᠠᠯ᠎ᠢ ᠲᠤᠰᠢᠶᠠᠬᠤ ᠬᠡᠷᠡᠭᠲᠡᠢ᠃
(1) ᠪᠦᠳᠦᠭᠡᠨ ᠪᠠᠶ᠋ᠢᠭᠤᠯᠤᠯᠲᠠ᠎ᠳᠤ ᠬᠡᠷᠡᠭᠯᠡᠬᠦ ᠭᠠᠵᠠᠷ ᠰᠢᠷᠣᠢ ᠵᠢᠨ ᠲᠥᠯᠥᠪᠵᠢᠭᠦᠯᠭᠡ ᠵᠢᠨ ᠵᠥᠪᠰᠢᠶᠡᠷᠡᠯ᠎ᠤᠨ ᠦᠨᠡᠮᠯᠡᠯ᠎ᠤᠨ ᠬᠠᠭᠤᠯᠪᠤᠷᠢ;
(2) ᠪᠦᠳᠦᠭᠡᠨ ᠪᠠᠶ᠋ᠢᠭᠤᠯᠤᠯᠲᠠ᠎ᠳᠤ ᠬᠡᠷᠡᠭᠯᠡᠬᠦ ᠭᠠᠵᠠᠷ ᠰᠢᠷᠣᠢ ᠪᠠ ᠦᠢ᠍ᠯᠡᠳᠪᠦᠷᠢ ᠵᠢᠨ ᠲᠣᠭᠣᠷᠢᠭ᠎ᠤᠨ ᠬᠡᠷᠡᠭᠯᠡᠬᠦ ᠭᠠᠵᠠᠷ ᠰᠢᠷᠣᠢ ᠵᠢᠨ ᠵᠠᠭ᠋ᠠᠭ ᠬᠢᠵᠠᠭ᠋ᠠᠷ᠎ᠤᠨ ᠵᠢᠷᠤᠭ᠎ᠤᠨ ᠬᠠᠭᠤᠯᠪᠤᠷᠢ;
(3) ᠣᠷᠣᠨ ᠨᠤᠲᠤᠭ᠎ᠤᠨ ᠠᠷᠠᠳ᠎ᠤᠨ ᠵᠠᠰᠠᠭ᠎ᠤᠨ ᠣᠷᠳᠣᠨ᠎ᠤ ᠨᠡᠶ᠋ᠢᠲᠡᠯᠡᠭᠰᠡᠨ ᠭᠠᠵᠠᠷ ᠰᠢᠷᠣᠶ ᠵᠢᠨ ᠡᠷᠬᠡ ᠵᠢᠨ ᠦᠨᠡᠮᠯᠡᠯ᠎ᠤᠨ ᠬᠠᠭᠤᠯᠪᠤᠷᠢ;
(4) ᠪᠤᠰᠤᠳ ᠬᠠᠮᠢᠶ᠎ᠠ ᠪᠦᠭᠦᠢ ᠭᠡᠷᠡᠴᠢᠯᠡᠬᠦ ᠮᠠᠲ᠋ᠧᠷᠢᠶᠠᠯ᠃
9. ᠠᠶᠤᠯᠲᠠᠶ ᠬᠠᠶᠠᠭᠳᠠᠮᠠᠯ ᠡᠳ᠋᠎ᠤᠨ ᠡᠵᠡᠩᠨᠡᠯᠲᠡ ᠵᠢᠨ ᠨᠢᠭᠡᠴᠢ ᠵᠢᠨ᠎ᠬᠢᠨ᠎ᠤ ᠡᠵᠡᠩᠨᠡᠯᠲᠡ ᠵᠢᠨ ᠴᠢᠳᠠᠪᠤᠷᠢ ᠵᠢᠴᠢ ᠣᠷᠴᠢᠨ ᠲᠣᠭᠣᠷᠢᠨ᠎ᠤ ᠲᠦᠭᠰᠢᠭᠦᠷᠢ ᠵᠢ ᠰᠡᠷᠭᠡᠶ᠋ᠢᠯᠡᠬᠦ ᠪᠠ ᠪᠠᠴᠢᠮ ᠪᠠᠶ᠋ᠢᠳᠠᠯ᠎ᠢ ᠠᠷᠭ᠋ᠠᠴᠠᠭ᠋ᠠᠨ ᠰᠢᠢ᠍ᠳᠪᠦᠷᠢᠯᠡᠬᠦ ᠴᠢᠳᠠᠪᠤᠷᠢ ᠵᠢᠨ ᠶᠡᠷᠦᠩᠬᠡᠶ᠋ᠢᠯᠡᠨ ᠦᠨᠡᠯᠡᠨ ᠵᠢᠱ᠌ᠢᠭᠰᠡᠨ ᠮᠡᠳᠡᠭᠦᠯᠦᠯᠲᠡ᠃
(ᠬᠣᠶᠠᠷ) ᠵᠥᠪᠰᠢᠶᠡᠷᠡᠯ᠎ᠤᠨ ᠦᠨᠡᠮᠯᠡᠯ᠎ᠢ ᠬᠤᠪᠢᠷᠠᠭᠤᠯᠬᠤ
1. 《ᠠᠶᠤᠯᠲᠠᠶ ᠬᠠᠶᠠᠭᠳᠠᠮᠠᠯ ᠡᠳ᠋᠎ᠤᠨ ᠡᠵᠡᠩᠨᠡᠯᠲᠡ ᠵᠢᠨ ᠵᠥᠪᠰᠢᠶᠡᠷᠡᠯ᠎ᠤᠨ ᠦᠨᠡᠮᠯᠡᠯ ᠭᠤᠶᠤᠴᠢᠯᠠᠬᠤ ᠬᠦᠰᠦᠨᠦᠭ》 ᠵᠢᠴᠢ ᠠᠶ᠋ᠢᠮᠠᠭ ᠬᠤᠳᠠ ᠵᠢᠨ ᠠᠩᠬ᠎ᠠ ᠠᠯᠬᠤᠮ᠎ᠤᠨ ᠬᠢᠨᠠᠯᠲᠠ ᠬᠢᠭᠰᠡᠨ ᠰᠠᠨᠠᠯ (ᠬᠤᠪᠢᠷᠠᠭᠤᠯᠬᠤ ᠭᠤᠶᠤᠴᠢᠯᠠᠯ)᠃
2. ᠠᠵᠤ ᠦᠢ᠍ᠯᠡᠳᠪᠦᠷᠢ ᠬᠤᠳᠠᠯᠳᠤᠭ᠋ᠠᠨ᠎ᠤ ᠬᠠᠮᠢᠶᠠᠷᠤᠯᠲᠠ ᠵᠢᠨ ᠰᠠᠯᠠᠭ᠎ᠠ ᠮᠥᠴᠢᠷ᠎ᠠᠴᠠ ᠳᠠᠩᠰᠠᠯᠠᠭᠤᠯᠤᠯᠲᠠ ᠵᠢ ᠬᠤᠪᠢᠷᠠᠭᠤᠯᠤᠭᠰᠠᠨ ᠭᠡᠷᠡᠴᠢᠯᠡᠬᠦ ᠪᠢᠴᠢᠭ ᠮᠠᠲ᠋ᠧᠷᠢᠶᠠᠯ᠃
3. ᠠᠶᠤᠯᠲᠠᠶ ᠬᠠᠶᠠᠭᠳᠠᠮᠠᠯ ᠡᠳ᠋᠎ᠤᠨ ᠡᠵᠡᠩᠨᠡᠯᠲᠡ ᠵᠢᠨ ᠤᠤᠯ᠎ᠤᠨ ᠵᠥᠪᠰᠢᠶᠡᠷᠡᠯ᠎ᠤᠨ ᠦᠨᠡᠮᠯᠡᠯ (ᠵᠢᠩᠬᠢᠨᠢ ᠳᠡᠪᠲᠡᠷ ᠪᠠ ᠳᠡᠳ᠋ ᠳᠡᠪᠲᠡᠷ᠎ᠤᠨ ᠤᠭ ᠮᠠᠲ᠋ᠧᠷᠢᠶᠠᠯ)᠃
4 . ᠪᠤᠰᠤᠳ ᠬᠠᠮᠢᠶ᠎ᠠ ᠪᠦᠬᠦᠢ ᠭᠡᠷᠡᠴᠢᠯᠡᠬᠦ ᠮᠠᠲ᠋ᠧᠷᠢᠶᠠᠯ᠃
(ᠭᠤᠷᠪᠠ) ᠵᠥᠪᠰᠢᠶᠡᠷᠡᠯ᠎ᠤᠨ ᠦᠨᠡᠮᠯᠡᠯ᠎ᠢ ᠤᠷᠲᠤᠳᠬᠠᠬᠤ
1. 《ᠠᠶᠤᠯᠲᠠᠶ ᠬᠠᠶᠠᠭᠳᠠᠮᠠᠯ ᠡᠳ᠋ ᠤᠨ ᠡᠵᠡᠩᠨᠡᠯᠲᠡ ᠵᠢᠨ ᠵᠥᠪᠰᠢᠶᠡᠷᠡᠯ᠎ᠤᠨ ᠦᠨᠡᠮᠯᠡᠯ ᠭᠤᠶᠤᠴᠢᠯᠠᠬᠤ ᠬᠦᠰᠦᠨᠦᠭ》 ᠵᠢᠴᠢ ᠠᠶ᠋ᠢᠮᠠᠭ ᠬᠤᠳᠠ ᠵᠢᠨ ᠠᠩᠬᠠᠨ᠎ᠤ ᠬᠢᠨᠠᠯᠲᠠ ᠬᠢᠭᠰᠡᠨ ᠰᠠᠨᠠᠯ (ᠤᠷᠲᠤᠳᠬᠠᠬᠤ ᠭᠤᠶᠤᠴᠢᠯᠠᠯ)᠃
2. ᠳᠡᠭᠡᠷ᠎ᠡ ᠨᠢᠭᠡ ᠡᠵᠡᠩᠨᠡᠯᠲᠡ ᠵᠢᠨ ᠬᠤᠭᠤᠴᠠᠭ᠋ᠠᠨ᠎ᠳᠠᠬᠢ ᠡᠵᠡᠩᠨᠡᠯᠲᠡ ᠵᠢᠨ ᠮᠡᠳᠡᠭᠦᠯᠦᠯᠲᠡ (ᠡᠵᠡᠩᠨᠡᠵᠦ ᠪᠠᠢ᠌ᠭ᠎ᠠ ᠬᠠᠶᠠᠭᠳᠠᠮᠠᠯ ᠡᠳ᠋᠎ᠤᠨ ᠲᠦᠷᠦᠯ ᠵᠦᠢ᠍ᠯ᠂ ᠲᠣᠭ᠎ᠠ ᠬᠡᠮᠵᠢᠶ᠎ᠡ ᠵᠢᠴᠢ ᠢᠷᠡᠯᠲᠡ ᠵᠢᠨ ᠲᠣᠭ᠎ᠠ ᠪᠦᠷᠢᠳᠬᠡᠯ᠎ᠤᠨ ᠬᠤᠷᠢᠶᠠᠩᠭᠤᠶ᠋ᠢᠯᠠᠯ᠂ ᠡᠵᠡᠩᠨᠡᠯᠲᠡ ᠵᠢᠨ ᠬᠤᠭᠤᠴᠠᠭ᠋ᠠᠨ᠎ᠳᠠᠬᠢ ᠪᠡᠯᠡᠳᠬᠡᠮᠵᠢ ᠵᠢᠨ ᠠᠵᠢᠯᠯᠠᠭᠤᠯᠤᠭᠰᠠᠨ ᠪᠠᠶ᠋ᠢᠳᠠᠯ᠂ ᠪᠣᠬᠢᠷᠲᠤᠯ ᠪᠣᠳᠠᠰ ᠭᠠᠳᠠᠭᠰᠢᠯᠠᠭᠤᠯᠤᠭᠰᠠᠨ ᠪᠠᠶ᠋ᠢᠳᠠᠯ᠂ ᠡᠯ᠎ᠡ ᠵᠦᠢ᠍ᠯ᠎ᠤᠨ ᠬᠠᠤᠯᠢ ᠴᠠᠭ᠋ᠠᠵᠠ ᠬᠠᠤᠯᠢ ᠲᠣᠭᠲᠠᠭ᠋ᠠᠯ ᠪᠠ ᠪᠠᠷᠢᠮᠵᠢᠶ᠎ᠠ ᠵᠢ ᠬᠡᠷᠡᠭᠵᠢᠭᠦᠯᠦᠭᠰᠡᠨ ᠪᠠᠶ᠋ᠢᠳᠠᠯ᠂ ᠮᠡᠷᠭᠡᠵᠢᠯ ᠪᠠ ᠪᠡᠯᠡᠳᠬᠡᠮᠵᠢ ᠵᠢ ᠥᠭᠡᠷᠡᠴᠢᠯᠡᠨ ᠵᠣᠬᠢᠶᠠᠭᠰᠠᠨ ᠪᠠᠶ᠋ᠢᠳᠠᠯ ᠵᠢᠴᠢ ᠭᠡᠨᠡᠳᠲᠡ ᠵᠢᠨ ᠡᠨᠳᠡᠯ᠎ᠢ ᠰᠢᠶᠳᠪᠦᠷᠢᠯᠡᠭᠰᠡᠨ ᠪᠠᠶ᠋ᠢᠳᠠᠯ ᠵᠡᠷᠭᠡ ᠵᠢ ᠪᠠᠭᠲᠠᠭ᠋ᠠᠬᠤ ᠬᠡᠷᠡᠭᠲᠡᠢ)᠃
3. ᠠᠶᠤᠯᠲᠠᠶ ᠬᠠᠶᠠᠭᠳᠠᠮᠠᠯ ᠡᠳ᠋᠎ᠤᠨ ᠡᠵᠡᠩᠨᠡᠯᠲᠡ ᠵᠢᠨ ᠤᠤᠯ᠎ᠤᠨ ᠵᠥᠪᠰᠢᠶᠡᠷᠡᠯ᠎ᠤᠨ ᠦᠨᠡᠮᠯᠡᠯ (ᠵᠢᠩᠬᠢᠨᠢ ᠳᠡᠪᠲᠡᠷ ᠪᠠ ᠳᠡᠳ᠋ ᠳᠡᠪᠲᠡᠷ᠎ᠤᠨ ᠤᠭ ᠮᠠᠲ᠋ᠧᠷᠢᠶᠠᠯ)᠃
4. ᠪᠤᠰᠤᠳ ᠬᠠᠮᠢᠶ᠎ᠠ ᠪᠦᠬᠦᠢ ᠭᠡᠷᠡᠴᠢᠯᠡᠬᠦ ᠮᠠᠲ᠋ᠧᠷᠢᠶᠠᠯ᠃
(ᠲᠦᠷᠪᠡ) ᠵᠥᠪᠰᠢᠶᠡᠷᠡᠯ᠎ᠤᠨ ᠦᠨᠡᠮᠯᠡᠯ᠎ᠢ ᠬᠦᠴᠦᠨ ᠦᠭᠡᠢ ᠪᠣᠯᠭ᠋ᠠᠬᠤ
1. ᠠᠶᠤᠯᠲᠠᠶ ᠬᠠᠶᠠᠭᠳᠠᠮᠠᠯ ᠡᠳ᠋᠎ᠤᠨ ᠡᠵᠡᠩᠨᠡᠯᠲᠡ ᠵᠢᠨ ᠵᠥᠪᠰᠢᠶᠡᠷᠡᠯ᠎ᠤᠨ ᠦᠨᠡᠮᠯᠡᠯ᠎ᠢ ᠬᠦᠴᠦᠨ ᠦᠭᠡᠢ ᠪᠣᠯᠭ᠋ᠠᠬᠤ ᠭᠤᠶᠤᠴᠢᠯᠠᠯ᠎ᠤᠨ ᠪᠢᠴᠢᠭ ᠵᠢᠴᠢ ᠠᠶ᠋ᠢᠮᠠᠭ ᠬᠣᠲᠠ ᠵᠢᠨ ᠠᠩᠬᠠᠨ᠎ᠤ ᠬᠢᠨᠠᠯᠲᠠ ᠵᠢᠨ ᠰᠠᠨᠠᠯ᠃
2. ᠡᠵᠡᠩᠨᠡᠯᠲᠡ ᠵᠢᠨ ᠪᠡᠯᠡᠳᠬᠡᠮᠵᠢ᠂ ᠲᠠᠯᠠᠪᠤᠷ ᠭᠠᠵᠠᠷ᠎ᠲᠤ ᠪᠣᠬᠢᠷᠲᠤᠯ᠎ᠢ ᠪᠦᠲᠦᠮᠵᠢᠲᠡᠢ ᠰᠡᠷᠭᠡᠶ᠋ᠢᠯᠡᠨ ᠵᠠᠰᠠᠬᠤ ᠠᠷᠭ᠎ᠠ ᠬᠡᠮᠵᠢᠶ᠎ᠡ ᠠᠪᠤᠭᠰᠠᠨ ᠭᠡᠷᠡᠴᠢᠯᠡᠬᠦ ᠮᠠᠲ᠋ᠧᠷᠢᠶᠠᠯ ᠵᠢᠴᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠬᠢᠨᠠᠨ ᠰᠢᠨᠵᠢᠯᠡᠭᠰᠡᠨ ᠮᠡᠳᠡᠭᠦᠯᠦᠯᠲᠡ᠃
3. ᠰᠢᠢ᠍ᠳᠪᠦᠷᠢᠯᠡᠭᠡᠳᠦᠢ ᠠᠶᠤᠯᠲᠠᠶ ᠬᠠᠶᠠᠭᠳᠠᠮᠠᠯ ᠡᠳ᠋᠎ᠢ ᠵᠣᠬᠢᠰᠲᠠᠢ ᠰᠢᠢ᠍ᠳᠪᠦᠷᠢᠯᠡᠭᠰᠡᠨ ᠭᠡᠷᠡᠴᠢᠯᠡᠬᠦ ᠮᠠᠲ᠋ᠧᠷᠢᠶᠠᠯ (ᠠᠶᠤᠯᠲᠠᠢ ᠬᠠᠶᠠᠭᠳᠠᠮᠠᠯ ᠡᠳ᠋᠎ᠤᠨ ᠡᠵᠡᠩᠨᠡᠯᠲᠡ ᠵᠢᠨ ᠲᠡᠮᠳᠡᠭᠯᠡᠯ᠎ᠤᠨ ᠳᠡᠪᠲᠡᠷ)᠃
4. ᠠᠶᠤᠯᠲᠠᠶ ᠬᠠᠶᠠᠭᠳᠠᠮᠠᠯ ᠡᠳ᠋᠎ᠤᠨ ᠡᠵᠡᠩᠨᠡᠯᠲᠡ ᠵᠢᠨ ᠤᠤᠯ᠎ᠤᠨ ᠵᠥᠪᠰᠢᠶᠡᠷᠡᠯ᠎ᠤᠨ ᠦᠨᠡᠮᠯᠡᠯ (ᠵᠢᠩᠬᠢᠨᠢ ᠳᠡᠪᠲᠡᠷ ᠪᠠ ᠳᠡᠳ᠋ ᠳᠡᠪᠲᠡᠷ᠎ᠤᠨ ᠤᠭ ᠮᠠᠲ᠋ᠧᠷᠢᠶᠠᠯ)᠃
5᠂ ᠪᠤᠰᠤᠳ ᠬᠠᠮᠢᠶ᠎ᠠ ᠪᠦᠬᠦᠢ ᠭᠡᠷᠡᠴᠢᠯᠡᠬᠦ ᠮᠠᠲ᠋ᠧᠷᠢᠶᠠᠯ᠃
ᠭᠦᠢ᠍ᠴᠡᠳᠬᠡᠬᠦ ᠠᠯᠬᠤᠮ ᠳᠠᠷᠠᠭ᠋ᠠᠯᠠᠯ᠄ ᠰᠦᠯᠵᠢᠶ᠎ᠡ ᠵᠢ ᠲᠣᠪᠴᠢᠳᠠᠵᠤ ᠮᠡᠳᠡᠭᠡ ᠵᠠᠩᠭᠢ ᠵᠢ ᠣᠯᠣᠨ᠎ᠠ
ᠬᠦᠰᠦᠨᠦᠭ ᠪᠠᠭᠤᠯᠭ᠋ᠠᠬᠤ᠄ ᠡᠨᠳᠡ ᠲᠣᠪᠴᠢᠳᠠᠭ᠋ᠠᠷᠠᠢ
ᠥᠯᠢᠭᠡᠷ ᠬᠦᠰᠦᠨᠦᠭ᠎ᠢ ᠪᠠᠭᠤᠯᠭ᠋ᠠᠬᠤ᠄ ᠡᠨᠳᠡ ᠲᠣᠪᠴᠢᠳᠠᠭ᠋ᠠᠷᠠᠢ
ᠭᠦᠢ᠍ᠴᠡᠳᠬᠡᠬᠦ ᠴᠠᠭ᠄
1. ᠵᠥᠪᠰᠢᠶᠡᠷᠡᠯ᠎ᠤᠨ ᠦᠨᠡᠮᠯᠡᠯ ᠭᠤᠶᠤᠴᠢᠯᠠᠬᠤ
ᠬᠦᠯᠢᠶᠡᠨ ᠠᠪᠴᠤ ᠭᠦᠢ᠍ᠴᠡᠳᠬᠡᠭᠰᠡᠨ ᠡᠳᠦᠷ᠎ᠠᠴᠠ ᠡᠬᠢᠯᠡᠨ 20 ᠠᠵᠢᠯᠯᠠᠬᠤ ᠡᠳᠦᠷ᠎ᠤᠨ ᠳᠣᠲᠣᠷ᠎ᠠ ᠵᠠᠰᠠᠭ ᠵᠠᠬᠢᠷᠭ᠋ᠠᠨ᠎ᠤ ᠵᠥᠪᠰᠢᠶᠡᠷᠡᠯ᠎ᠤᠨ ᠲᠣᠭᠲᠠᠭ᠋ᠠᠯ ᠭᠠᠷᠭ᠋ᠠᠨ᠎ᠠ᠃ ᠬᠢᠨᠠᠨ ᠵᠥᠪᠰᠢᠶᠡᠷᠡᠬᠦ ᠶᠠᠪᠤᠴᠠ᠎ᠳᠤ ᠭᠡᠷᠡᠴᠢᠯᠡᠯᠲᠡ ᠰᠣᠨᠣᠰᠬᠤ᠂ ᠬᠢᠨᠠᠨ ᠰᠢᠨᠵᠢᠯᠡᠬᠦ᠂ ᠰᠢᠯᠭ᠋ᠠᠨ ᠲᠣᠭᠲᠠᠭ᠋ᠠᠬᠤ ᠪᠠ ᠲᠤᠰᠬᠠᠶ ᠮᠡᠷᠭᠡᠵᠢᠯᠲᠡᠳ᠎ᠠᠴᠠ ᠰᠢᠯᠭ᠋ᠠᠷᠠᠭᠤᠯᠬᠤ ᠵᠢ ᠬᠠᠤᠯᠢ ᠶᠣᠰᠣᠭ᠋ᠠᠷ ᠱᠠᠭ᠋ᠠᠷᠳᠠᠪᠠᠯ᠂ ᠬᠡᠷᠡᠭᠰᠡᠬᠦ ᠴᠠᠭ᠎ᠢ᠎ᠨᠢ 20 ᠠᠵᠢᠯᠯᠠᠬᠤ ᠡᠳᠦᠷ᠎ᠤᠨ ᠳᠣᠲᠣᠷ᠎ᠠ ᠪᠤᠳᠤᠵᠤ ᠣᠷᠣᠭᠤᠯᠬᠤ ᠦᠭᠡᠢ᠃
2. ᠵᠥᠪᠰᠢᠶᠡᠷᠡᠯ᠎ᠤᠨ ᠦᠨᠡᠮᠯᠡᠯ᠎ᠢ ᠬᠤᠪᠢᠷᠠᠭᠤᠯᠬᠤ
ᠠᠶᠤᠯᠲᠠᠶ ᠬᠠᠶᠠᠭᠳᠠᠮᠠᠯ ᠡᠳ᠋᠎ᠤᠨ ᠡᠵᠡᠩᠨᠡᠯᠲᠡ ᠵᠢᠨ ᠨᠢᠭᠡᠴᠢ᠎ᠠᠴᠠ ᠬᠠᠤᠯᠢ ᠵᠢᠨ ᠡᠷᠬᠡᠲᠡᠨ᠎ᠤ ᠨᠡᠷᠡᠶ᠋ᠢᠳᠦᠯ᠂ ᠬᠠᠤᠯᠢ᠎ᠪᠠᠷ ᠲᠣᠭᠲᠠᠭ᠋ᠠᠭᠰᠠᠨ ᠲᠥᠯᠥᠭᠡᠨᠤ ᠬᠥᠮᠥᠨ ᠪᠠ ᠣᠷᠣᠨ ᠰᠠᠭᠤᠴᠠ᠎ᠪᠠᠨ ᠬᠤᠪᠢᠷᠠᠭᠤᠯᠬᠤ᠎ᠳᠤ᠂ ᠦᠢ᠍ᠯᠡᠳᠪᠦᠷᠢ ᠬᠤᠳᠠᠯᠳᠤᠭ᠋ᠠᠨ᠎ᠤ ᠬᠠᠮᠢᠶᠠᠷᠤᠯᠲᠠ ᠵᠢᠨ ᠰᠠᠯᠠᠭ᠎ᠠ ᠮᠥᠴᠢᠷ᠎ᠠᠴᠠ ᠳᠠᠩᠰᠠᠯᠠᠭᠤᠯᠤᠯᠲᠠ ᠵᠢ ᠬᠤᠪᠢᠷᠠᠭᠤᠯᠤᠭᠰᠠᠨ ᠡᠳᠦᠷ᠎ᠠᠴᠠ ᠡᠬᠢᠯᠡᠵᠦ 15 ᠠᠵᠢᠭᠯᠠᠬᠤ ᠡᠳᠦᠷ᠎ᠤᠨ ᠳᠣᠲᠣᠷ᠎ᠠ᠂ ᠦᠨᠡᠮᠯᠡᠯ ᠣᠯᠭᠣᠭᠰᠠᠨ ᠤᠤᠯ᠎ᠤᠨ ᠪᠠᠶ᠋ᠢᠭᠤᠯᠭ᠎ᠠ᠎ᠳᠤ ᠠᠶᠤᠯᠲᠠᠢ ᠬᠠᠶᠠᠭᠳᠠᠮᠠᠯ ᠡᠳ᠋᠎ᠤᠨ ᠡᠵᠡᠩᠨᠡᠯᠲᠡ ᠵᠢᠨ ᠵᠥᠪᠰᠢᠶᠡᠷᠡᠯ᠎ᠤᠨ ᠦᠨᠡᠮᠯᠡᠯ ᠵᠶ᠋ᠡᠨ ᠬᠤᠪᠢᠷᠠᠭᠤᠯᠬᠤ ᠭᠠᠷᠳᠠᠮ ᠭᠦᠢ᠍ᠴᠡᠳᠬᠡᠬᠦ᠎ᠪᠠᠷ ᠭᠤᠶᠤᠴᠢᠯᠠᠨ᠎ᠠ᠃ ᠦᠨᠡᠮᠯᠡᠯ ᠣᠯᠭᠣᠭᠰᠠᠨ ᠤᠤᠯ᠎ᠤᠨ ᠪᠠᠶ᠋ᠢᠭᠤᠯᠭ᠎ᠠ᠎ᠨᠢ ᠦᠨᠡᠮᠯᠡᠯ ᠰᠣᠯᠢᠬᠤ ᠭᠤᠶᠤᠴᠢᠯᠠᠯ᠎ᠢ ᠬᠦᠯᠢᠶᠡᠨ ᠠᠪᠴᠤ ᠭᠦᠢ᠍ᠴᠡᠳᠬᠡᠭᠰᠡᠨ ᠡᠳᠦᠷ᠎ᠠᠴᠠ ᠡᠬᠢᠯᠡᠨ 15 ᠠᠵᠢᠯᠯᠠᠬᠤ ᠡᠳᠦᠷ᠎ᠤᠨ ᠳᠣᠲᠣᠷ᠎ᠠ ᠬᠢᠨᠠᠯᠲᠠ ᠪᠠᠢ᠌ᠴᠠᠭ᠋ᠠᠯᠲᠠ ᠬᠢᠵᠦ᠂ ᠨᠥᠬᠥᠴᠡᠯ᠎ᠳᠤ ᠨᠡᠶ᠋ᠢᠴᠡᠭᠰᠡᠨ ᠪᠣᠯ᠂ ᠦᠨᠡᠮᠯᠡᠯ᠎ᠢ᠎ᠨᠢ ᠰᠣᠯᠢᠵᠤ ᠥᠭᠬᠦ ᠬᠡᠷᠡᠭᠲᠡᠢ; ᠨᠥᠬᠥᠴᠡᠯ᠎ᠳᠤ ᠨᠡᠶ᠋ᠢᠴᠡᠬᠦ ᠦᠭᠡᠢ ᠪᠣᠯ᠂ ᠭᠤᠶᠤᠴᠢᠯᠠᠭᠰᠠᠨ ᠨᠢᠭᠡᠴᠢ᠎ᠳᠤ ᠪᠢᠴᠢᠭ ᠵᠶ᠋ᠡᠷ ᠮᠡᠳᠡᠭᠳᠡᠬᠦ ᠵᠢᠨ ᠬᠠᠮᠲᠤ ᠤᠴᠢᠷ ᠰᠢᠯᠲᠠᠭ᠋ᠠᠨ᠎ᠢ᠎ᠨᠢ ᠲᠣᠳᠣᠷᠬᠠᠶ᠋ᠢᠯᠠᠬᠤ ᠬᠡᠷᠡᠭᠲᠡᠶ᠃
3. ᠵᠥᠪᠰᠢᠶᠡᠷᠡᠯ᠎ᠤᠨ ᠦᠨᠡᠮᠯᠡᠯ᠎ᠢ ᠤᠷᠲᠤᠳᠬᠠᠬᠤ
ᠠᠶᠤᠯᠲᠠᠶ ᠬᠠᠶᠠᠭᠳᠠᠮᠠᠯ ᠡᠳ᠋᠎ᠤᠨ ᠡᠵᠡᠩᠨᠡᠯᠲᠡ ᠵᠢᠨ ᠵᠥᠪᠰᠢᠶᠡᠷᠡᠯ᠎ᠤᠨ ᠦᠨᠡᠮᠯᠡᠯ᠎ᠤᠨ ᠬᠦᠴᠦᠨ᠎ᠲᠠᠢ ᠬᠤᠭᠤᠴᠠᠭ᠎ᠠ᠎ᠨᠢ ᠳᠦᠭᠦᠷᠴᠦ᠂ ᠠᠶᠤᠯᠲᠠᠶ ᠬᠠᠶᠠᠭᠳᠠᠮᠠᠯ ᠡᠳ᠋᠎ᠤᠨ ᠡᠵᠡᠩᠨᠡᠯᠲᠡ ᠵᠢᠨ ᠨᠢᠭᠡᠴᠢ᠎ᠠᠴᠠ ᠦᠷᠭᠦᠯᠵᠢᠯᠡᠨ ᠠᠶᠤᠯᠲᠠᠶ ᠬᠠᠶᠠᠭᠳᠠᠮᠠᠯ ᠡᠳ᠋᠎ᠤᠨ ᠡᠵᠡᠩᠨᠡᠯᠲᠡ ᠵᠢᠨ ᠠᠵᠢᠯᠯᠠᠭ᠎ᠠ ᠬᠢᠬᠦ᠎ᠳᠤ᠂ ᠠᠶᠤᠯᠲᠠᠶ ᠬᠠᠶᠠᠭᠳᠠᠮᠠᠯ ᠡᠳ᠋᠎ᠤᠨ ᠡᠵᠡᠩᠨᠡᠯᠲᠡ ᠵᠢᠨ ᠵᠥᠪᠰᠢᠶᠡᠷᠡᠯ᠎ᠤᠨ ᠦᠨᠡᠮᠯᠡᠯ᠎ᠤᠨ ᠬᠦᠴᠦᠨ᠎ᠲᠠᠢ ᠬᠤᠭᠤᠴᠠᠭ᠎ᠠ᠎ᠨᠢ ᠳᠦᠭᠦᠷᠬᠦ 30 ᠠᠵᠢᠯᠯᠠᠬᠤ ᠡᠳᠦᠷ᠎ᠠᠴᠠ ᠡᠮᠦᠨ᠎ᠡ᠂ ᠦᠨᠡᠮᠯᠡᠯ ᠣᠯᠭᠣᠭᠰᠠᠨ ᠤᠤᠯ᠎ᠤᠨ ᠪᠠᠶ᠋ᠢᠭᠤᠯᠭ᠎ᠠ᠎ᠳᠤ ᠦᠨᠡᠮᠯᠡᠯ ᠰᠣᠯᠢᠬᠤ ᠭᠤᠶᠤᠴᠢᠯᠠᠯ ᠭᠠᠷᠭ᠋ᠠᠬᠤ ᠬᠡᠷᠡᠭᠲᠡᠢ᠃ ᠦᠨᠡᠮᠯᠡᠯ ᠣᠯᠭᠣᠭᠰᠠᠨ ᠤᠤᠯ᠎ᠤᠨ ᠪᠠᠶ᠋ᠢᠭᠤᠯᠭ᠎ᠠ᠎ᠨᠢ ᠦᠨᠡᠮᠯᠡᠯ ᠰᠣᠯᠢᠬᠤ ᠭᠤᠶᠤᠴᠢᠯᠠᠯ᠎ᠢ ᠬᠦᠯᠢᠶᠡᠨ ᠠᠪᠴᠤ ᠭᠦᠢ᠍ᠴᠡᠳᠬᠡᠭᠰᠡᠨ ᠡᠳᠦᠷ᠎ᠠᠴᠠ ᠡᠬᠢᠯᠡᠨ 20 ᠠᠵᠢᠯᠯᠠᠬᠤ ᠡᠳᠦᠷ᠎ᠤᠨ ᠳᠣᠲᠣᠷ᠎ᠠ ᠬᠢᠨᠠᠨ ᠪᠠᠢ᠌ᠴᠠᠭ᠋ᠠᠯᠲᠠ ᠬᠢᠵᠦ᠂ ᠨᠥᠬᠥᠴᠡᠯ᠎ᠳᠤ ᠨᠡᠶ᠋ᠢᠴᠡᠭᠰᠡᠨ ᠪᠣᠯ᠂ ᠦᠨᠡᠮᠯᠡᠯ᠎ᠢ᠎ᠨᠢ ᠰᠣᠯᠢᠵᠤ ᠥᠭᠬᠦ ᠬᠡᠷᠡᠭᠲᠡᠢ; ᠨᠥᠬᠥᠴᠡᠯ᠎ᠳᠤ ᠨᠡᠢ᠌ᠴᠡᠭᠰᠡᠨ ᠦᠭᠡᠢ ᠪᠣᠯ᠂ ᠭᠤᠶᠤᠴᠢᠯᠠᠭᠰᠠᠨ ᠨᠢᠭᠡᠴᠢ᠎ᠳᠤ ᠪᠢᠴᠢᠭ ᠵᠶ᠋ᠡᠷ ᠮᠡᠳᠡᠭᠳᠡᠬᠦ ᠵᠢᠨ ᠬᠠᠮᠲᠤ ᠤᠴᠢᠷ ᠰᠢᠯᠲᠠᠭ᠋ᠠᠨ᠎ᠢ᠎ᠨᠢ ᠲᠣᠳᠣᠷᠬᠠᠶ᠋ᠢᠯᠠᠬᠤ ᠬᠡᠷᠡᠭᠲᠡᠶ᠃
4. ᠵᠥᠪᠰᠢᠶᠡᠷᠡᠯ᠎ᠤᠨ ᠦᠨᠡᠮᠯᠡᠯ᠎ᠢ ᠬᠦᠴᠦᠨ ᠦᠭᠡᠢ ᠪᠣᠯᠭ᠋ᠠᠬᠤ
ᠠᠶᠤᠯᠲᠠᠶ ᠬᠠᠶᠠᠭᠳᠠᠮᠠᠯ ᠡᠳ᠋᠎ᠤᠨ ᠡᠵᠡᠩᠨᠡᠯᠲᠡ ᠵᠢᠨ ᠨᠢᠭᠡᠴᠢ᠎ᠠᠴᠠ ᠡᠵᠡᠩᠨᠡᠯᠲᠡ ᠵᠢᠨ ᠪᠡᠯᠡᠳᠬᠡᠮᠵᠢ᠂ ᠲᠠᠯᠠᠪᠤᠷ ᠭᠠᠵᠠᠷ᠎ᠲᠤ᠎ᠪᠠᠨ ᠪᠣᠬᠢᠷᠲᠤᠯ᠎ᠢ ᠰᠡᠷᠭᠡᠶ᠋ᠢᠯᠡᠨ ᠵᠠᠰᠠᠬᠤ ᠠᠷᠭ᠎ᠠ ᠬᠡᠮᠵᠢᠶ᠎ᠡ ᠠᠪᠬᠤ ᠵᠢᠨ ᠬᠠᠮᠲᠤ᠂ ᠰᠢᠢ᠍ᠳᠪᠦᠷᠢᠯᠡᠭᠡᠳᠦᠢ ᠠᠶᠤᠯᠲᠠᠶ ᠬᠠᠶᠠᠭᠳᠠᠮᠠᠯ ᠡᠳ᠋᠎ᠢ ᠵᠣᠬᠢᠰᠲᠠᠢ ᠰᠢᠢ᠍ᠳᠪᠦᠷᠢᠯᠡᠬᠦ ᠠᠷᠭ᠎ᠠ ᠬᠡᠮᠵᠢᠶ᠎ᠡ ᠠᠪᠤᠭᠰᠠᠨ ᠡᠳᠦᠷ᠎ᠠᠴᠠ ᠡᠬᠢᠯᠡᠨ 20 ᠠᠵᠢᠯᠯᠠᠬᠤ ᠡᠳᠦᠷ᠎ᠤᠨ ᠳᠣᠲᠣᠷ᠎ᠠ ᠦᠨᠡᠮᠯᠡᠯ ᠣᠯᠭᠣᠭᠰᠠᠨ ᠤᠤᠯ᠎ᠤᠨ ᠪᠠᠶ᠋ᠢᠭᠤᠯᠭ᠎ᠠ᠎ᠳᠤ ᠬᠦᠴᠦᠨ ᠦᠭᠡᠢ ᠪᠣᠯᠭ᠋ᠠᠬᠤ ᠭᠤᠶᠤᠴᠢᠯᠠᠯ ᠭᠠᠷᠭ᠋ᠠᠵᠤ᠂ ᠦᠨᠡᠮᠯᠡᠯ ᠣᠯᠭᠣᠭᠰᠠᠨ ᠤᠤᠯ᠎ᠤᠨ ᠪᠠᠶ᠋ᠢᠭᠤᠯᠭ᠎ᠠ᠎ᠠᠴᠠ ᠲᠤᠬᠠᠶ ᠵᠢᠨ ᠭᠠᠵᠠᠷ᠎ᠲᠤᠨᠢ ᠬᠠᠷᠭᠤᠭᠤᠯᠤᠨ ᠪᠠᠢ᠌ᠴᠠᠭ᠋ᠠᠵᠤ ᠬᠢᠷᠢ ᠲᠡᠩᠴᠡᠭᠰᠡᠨ᠎ᠤ ᠲᠠᠷᠠᠭ᠎ᠠ ᠠᠶᠤᠯᠲᠠᠶ ᠬᠠᠶᠠᠭᠳᠠᠮᠠᠯ ᠡᠳ᠋᠎ᠤᠨ ᠡᠵᠡᠩᠨᠡᠯᠲᠡ ᠵᠢᠨ ᠵᠥᠪᠰᠢᠶᠡᠷᠡᠯ᠎ᠤᠨ ᠦᠨᠡᠮᠯᠡᠯ᠎ᠢ᠎ᠨᠢ ᠬᠦᠴᠦᠨ ᠦᠭᠡᠢ ᠪᠣᠯᠭ᠋ᠠᠬᠤ ᠬᠡᠷᠡᠭᠲᠡᠢ᠃
ᠲᠣᠭ᠎ᠠ ᠬᠡᠮᠵᠢᠶᠡᠨ᠎ᠤ ᠬᠢᠵᠠᠭ᠋ᠠᠷᠯᠠᠯ᠄ ᠠᠯᠠᠭ᠎ᠠ
ᠰᠦᠢ᠍ᠳᠬᠡᠯ ᠬᠤᠷᠢᠶᠠᠬᠤ ᠲᠥᠷᠥᠯ ᠵᠦᠢ᠍ᠯ᠎ᠤᠨ ᠰᠦᠢ᠍ᠳᠬᠡᠯ ᠬᠤᠷᠢᠶᠠᠬᠤ ᠪᠠᠷᠢᠮᠵᠢᠶ᠎ᠠ᠄ ᠠᠯᠠᠭ᠎ᠠ
ᠭᠤᠶᠤᠴᠢᠯᠠᠬᠤ ᠬᠦᠰᠦᠨᠦᠭ᠎ᠤᠨ ᠨᠡᠷᠡᠢ᠌ᠳᠦᠯ ᠵᠢᠴᠢ ᠤᠯᠬᠤ ᠠᠷᠭ᠎ᠠ ᠬᠡᠯᠪᠡᠷᠢ᠄ ᠡᠨᠳᠡ ᠲᠣᠪᠴᠢᠳᠠᠵᠤ ᠪᠠᠭᠤᠯᠭ᠋ᠠᠭ᠋ᠠᠷᠠᠢ
ᠠᠰᠠᠭᠤᠨ ᠯᠠᠪᠯᠠᠬᠤ ᠤᠲᠠᠰᠤ᠄
0471 — 4632074
0471 — 4632394
ᠬᠢᠨᠠᠯᠲᠠ ᠲᠠᠯᠪᠢᠵᠤ ᠬᠠᠮᠢᠶᠠᠷᠬᠤ ᠵᠢᠴᠢ ᠢᠯᠡᠴᠢᠯᠡᠨ ᠵᠠᠭ᠋ᠠᠯᠳᠤᠬᠤ ᠤᠲᠠᠰᠤ᠄
(ᠨᠢᠭᠡ) ᠠᠢ᠌ᠮᠠᠭ ᠬᠣᠲᠠ ᠪᠠ ᠬᠣᠰᠢᠭᠤ ᠰᠢᠶᠠᠨ ᠲᠣᠭᠣᠷᠢᠭ᠎ᠤᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠰᠠᠯᠠᠭ᠎ᠠ ᠮᠥᠴᠢᠷ᠎ᠠᠴᠠ ᠵᠥᠪᠰᠢᠶᠡᠷᠡᠭᠳᠡᠬᠦ ᠬᠥᠮᠥᠨ᠎ᠳᠤ ᠬᠠᠮᠲᠤ᠎ᠪᠠᠷ ᠬᠢᠨᠠᠯᠲᠠ ᠲᠠᠯᠪᠢᠵᠤ ᠬᠠᠮᠢᠶᠠᠷᠤᠨ᠎ᠠ᠃
(ᠬᠣᠶᠠᠷ) ᠥᠪᠡᠷᠲᠡᠭᠡᠨ ᠵᠠᠰᠠᠬᠤ ᠣᠷᠣᠨ᠎ᠤ ᠰᠠᠬᠢᠯᠭ᠎ᠠ ᠪᠠᠲᠤ ᠪᠠᠢ᠌ᠴᠠᠭ᠋ᠠᠬᠤ ᠬᠣᠷᠢᠶ᠎ᠠ ᠵᠢᠨ ᠬᠢᠨᠠᠨ ᠪᠠᠢ᠌ᠴᠠᠭ᠋ᠠᠬᠤ ᠲᠣᠪᠴᠢᠶ᠎ᠠ᠎ᠠᠴᠠ ᠥᠪᠡᠷᠲᠡᠭᠡᠨ ᠵᠠᠰᠠᠬᠤ ᠣᠷᠣᠨ᠎ᠤ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠲᠢᠩᠬᠢᠮ᠎ᠤᠨ ᠬᠢᠨᠠᠨ ᠪᠠᠢ᠌ᠴᠠᠭ᠋ᠠᠬᠤ ᠲᠠᠰᠤᠭ᠎ᠲᠤ ᠰᠠᠭᠤᠵᠤ ᠵᠠᠰᠠᠭ ᠵᠠᠬᠢᠷᠭ᠋ᠠᠨ᠎ᠤ ᠵᠥᠪᠰᠢᠶᠡᠷᠡᠯ᠎ᠢ ᠬᠡᠷᠡᠭᠵᠢᠭᠦᠯᠬᠦ ᠶᠠᠪᠤᠴᠠ᠎ᠳᠤ ᠬᠢᠨᠠᠯᠲᠠ ᠪᠠᠢ᠌ᠴᠠᠭ᠋ᠠᠯᠲᠠ ᠬᠢᠬᠦ ᠵᠢ ᠬᠠᠷᠢᠭᠤᠴᠠᠨ᠎ᠠ᠃
ᠢᠯᠡᠴᠢᠯᠡᠨ ᠵᠠᠭ᠋ᠠᠯᠳᠤᠬᠤ ᠤᠲᠠᠰᠤ᠄ 0471 — 4632238
ᠬᠦᠯᠢᠶᠡᠨ ᠠᠪᠴᠤ ᠭᠦᠢ᠍ᠴᠡᠳᠬᠡᠬᠦ ᠬᠠᠶᠢᠭ᠄
ᠥᠪᠡᠷᠲᠡᠭᠡᠨ ᠵᠠᠰᠠᠬᠤ ᠣᠷᠣᠨ᠎ᠤ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠲᠢᠩᠬᠢᠮ᠎ᠤᠨ ᠴᠥᠮ᠎ᠡ ᠬᠢᠭᠡᠳ ᠰᠠᠴᠤᠷᠠᠭ᠎ᠤᠨ ᠠᠮᠤᠷ ᠲᠦᠪᠰᠢᠨ᠎ᠢ ᠬᠠᠮᠢᠶᠠᠷᠬᠤ ᠭᠠᠵᠠᠷ ᠤᠨ 1113 ᠥᠷᠥᠭᠡ (ᠬᠦᠯᠢᠶᠡᠨ ᠠᠪᠴᠤ ᠭᠦᠢ᠍ᠴᠡᠳᠬᠡᠬᠦ)
ᠥᠪᠡᠷᠲᠡᠭᠡᠨ ᠵᠠᠰᠠᠬᠤ ᠣᠷᠣᠨ᠎ᠤ ᠬᠠᠲᠠᠭᠤ ᠪᠡᠶᠡᠲᠦ ᠬᠠᠶᠠᠭᠳᠠᠮᠠᠯ ᠡᠳ᠋᠎ᠤᠨ ᠬᠠᠮᠢᠶᠠᠷᠤᠯᠲᠠ ᠵᠢᠨ ᠲᠥᠪ (ᠮᠡᠷᠭᠡᠵᠢᠯ᠎ᠤᠨ ᠬᠢᠨᠠᠯᠲᠠ ᠪᠠᠢ᠌ᠴᠠᠭ᠋ᠠᠯᠲᠠ ᠬᠢᠬᠦ)
ᠠᠩᠬᠠᠷᠬᠤ ᠵᠦᠢ᠍ᠯᠡᠰ᠄ ᠲᠠᠭᠯᠠᠨ ᠮᠡᠳᠡᠭᠦᠯᠬᠦ ᠨᠢᠭᠡᠴᠢ᠎ᠠᠴᠠ ᠲᠠᠭᠯᠠᠨ ᠮᠡᠳᠡᠭᠦᠯᠦᠭᠰᠡᠨ ᠮᠡᠳᠡᠭᠡ ᠵᠠᠩᠭᠢ ᠵᠢᠨ ᠵᠶ᠋ᠡᠨ ᠦᠨᠡᠨ ᠪᠣᠳᠠᠲᠠᠢ ᠪᠥᠭᠡᠳ ᠣᠨᠣᠪᠴᠢᠲᠠᠢ ᠪᠠᠢ᠌ᠬᠤ ᠵᠢ ᠪᠠᠲᠤᠯᠠᠨ᠎ᠠ᠃