ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠠᠮᠢ ᠠᠬᠤᠢ᠎ᠶᠢᠨ ᠬᠠᠮᠠᠭᠠᠯᠠᠯᠲᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ
ᠪᠣᠬᠢᠷᠳᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ
ᠠᠮᠢ ᠠᠬᠤᠢ᠎ᠶᠢᠨ ᠬᠠᠮᠠᠭᠠᠯᠠᠯᠲᠠ   -   ᠠᠵᠢᠯ ᠶᠠᠪᠤᠳᠠᠯ ᠭᠦᠢᠴᠡᠳᠬᠡᠬᠦ᠌ ᠵᠦᠭᠯᠡᠭᠦᠷ
ᠪᠤᠬᠢᠷ ᠪᠤᠳᠠᠰ ᠭᠠᠳᠠᠬᠰᠢᠯᠠᠭᠤᠯᠬᠤ ᠵᠦᠪᠰᠢᠶᠡᠷᠡᠯ᠎ᠤᠨ ᠦᠨᠡᠮᠯᠡᠯ
ᠨᠡᠶ᠋ᠢᠲᠡᠯᠡᠭᠰᠡᠨ ᠴᠠᠭ᠄ 2018-10-26

ᠳᠠᠬᠯᠠᠨ ᠮᠡᠳᠡᠬᠦᠯᠬᠦ ᠳᠤᠳᠤᠷᠬᠠᠢ᠌ᠯᠠᠯᠳᠠ᠄ ᠳᠠᠷᠠᠭ᠋ᠠᠬᠢ ᠱᠠᠭ᠋ᠠᠷᠳᠠᠯᠭ᠎ᠠ ᠶᠤᠰᠤᠭ᠋ᠠᠷ ᠳᠠᠬᠯᠠᠨ ᠮᠡᠳᠡᠬᠦᠯᠦᠨ᠎ᠡ
ᠬᠢᠨᠠᠨ ᠵᠦᠪᠰᠢᠶᠡᠷᠡᠬᠦ ᠵᠦᠢ᠍ᠯᠡᠰ᠄ ᠪᠤᠬᠢᠷ ᠪᠤᠳᠠᠰ ᠭᠠᠳᠠᠬᠰᠢᠯᠠᠭᠤᠯᠬᠤ ᠵᠦᠪᠰᠢᠶᠡᠷᠡᠯ᠎ᠤᠨ ᠦᠨᠡᠮᠯᠡᠯ
ᠭᠤᠤᠯᠯᠠᠨ ᠡᠷᠬᠢᠯᠡᠬᠦ ᠪᠠᠢ᠌ᠭᠤᠯᠤᠮᠵᠢ᠄ ᠦᠪᠦᠷ ᠮᠤᠩᠭᠤᠯ᠎ᠤᠨ ᠦᠪᠡᠷᠳᠡᠬᠡᠨ ᠵᠠᠰᠠᠬᠤ ᠤᠷᠤᠨ᠎ᠤ ᠤᠷᠴᠢᠨ ᠳᠤᠭᠤᠷᠢᠨ᠎ᠤ ᠬᠠᠮᠠᠭ᠋ᠠᠯᠠᠯᠳᠠ ᠵᠢᠨ ᠳᠢᠩᠭᠢᠮ
ᠬᠠᠤᠯᠢ ᠴᠠᠭ᠋ᠠᠵᠠ ᠬᠠᠤᠯᠢ ᠳᠤᠬᠳᠠᠭ᠋ᠠᠯ᠎ᠤᠨ ᠦᠨᠳᠦᠰᠦᠯᠡᠯ᠄
(ᠨᠢᠬᠡ) 《ᠪᠦᠬᠦᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠤᠷᠴᠢᠨ ᠳᠤᠭᠤᠷᠢᠨ᠎ᠤ ᠬᠠᠮᠠᠭ᠋ᠠᠯᠠᠯᠳᠠ ᠵᠢᠨ ᠬᠠᠤᠯᠢ》᠂ 《ᠪᠦᠬᠦᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠤᠰᠤᠨ᠎ᠤ ᠪᠤᠬᠢᠷᠳᠤᠯ᠎ᠢ ᠰᠡᠷᠬᠡᠢ᠌ᠯᠡᠨ ᠵᠠᠰᠠᠬᠤ ᠬᠠᠤᠯᠢ》᠂ 《ᠪᠦᠬᠦᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠤᠰᠤᠨ᠎ᠤ ᠪᠤᠬᠢᠷᠳᠤᠯ᠎ᠢ ᠰᠡᠷᠬᠡᠢ᠌ᠯᠡᠨ ᠵᠠᠰᠠᠬᠤ ᠬᠠᠤᠯᠢ ᠵᠢ ᠬᠡᠷᠡᠭᠵᠢᠬᠦᠯᠬᠦ ᠨᠠᠷᠢᠨ ᠳᠦᠷᠢᠮ》᠂ 《ᠪᠦᠬᠦᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠠᠭ᠋ᠠᠷ ᠮᠠᠨᠳᠠᠯ᠎ᠤᠨ ᠪᠤᠬᠢᠷᠳᠤᠯ᠎ᠢ ᠰᠡᠷᠬᠡᠢ᠌ᠯᠡᠨ ᠵᠠᠰᠠᠬᠤ ᠬᠠᠤᠯᠢ》᠂ 《ᠪᠦᠬᠦᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠵᠠᠰᠠᠭ ᠵᠠᠬᠢᠷᠭ᠋ᠠᠨ᠎ᠤ ᠵᠦᠪᠰᠢᠶᠡᠷᠡᠯ᠎ᠤᠨ ᠬᠠᠤᠯᠢ》 ᠪᠠ 《ᠰᠢᠨᠵᠢᠯᠡᠬᠦ ᠤᠬᠠᠭ᠋ᠠᠨᠴᠢ ᠬᠦᠭᠵᠢᠯᠳᠠ ᠵᠢᠨ ᠤᠨᠤᠯ᠎ᠢ ᠨᠠᠢ᠌ᠳᠠᠪᠤᠷᠢᠵᠢᠭᠤᠯᠤᠨ ᠤᠷᠴᠢᠨ ᠳᠤᠭᠤᠷᠢᠨ᠎ᠤ ᠬᠠᠮᠠᠭ᠋ᠠᠯᠠᠯᠳᠠ ᠵᠢ ᠴᠢᠩᠭ᠋ᠠᠳᠬᠠᠬᠤ ᠳᠤᠬᠠᠢ ᠳᠦᠷᠦ ᠵᠢᠨ ᠶᠠᠪᠤᠳᠠᠯ᠎ᠤᠨ ᠬᠣᠷᠢᠶ᠎ᠠ ᠵᠢᠨ ᠰᠢᠢ᠍ᠳᠪᠦᠷᠢ》᠂ 《ᠰᠢᠨᠵᠢᠯᠡᠬᠦ ᠤᠬᠠᠭ᠋ᠠᠨᠴᠢ ᠬᠦᠭᠵᠢᠯᠳᠠ ᠵᠢᠨ ᠤᠨᠤᠯ᠎ᠢ ᠨᠠᠢ᠌ᠳᠠᠪᠤᠷᠢᠵᠢᠭᠤᠯᠤᠨ ᠤᠷᠴᠢᠨ ᠳᠤᠭᠤᠷᠢᠨ᠎ᠤ ᠬᠠᠮᠠᠭ᠋ᠠᠯᠠᠯᠳᠠ ᠵᠢ ᠴᠢᠩᠭ᠋ᠠᠳᠬᠠᠬᠤ ᠳᠤᠬᠠᠢ ᠦᠪᠦᠷ ᠮᠤᠩᠭᠤᠯ᠎ᠤᠨ ᠦᠪᠡᠷᠳᠡᠬᠡᠨ ᠵᠠᠰᠠᠬᠤ ᠤᠷᠤᠨ᠎ᠤ ᠨᠠᠮ᠎ᠤᠨ ᠬᠤᠷᠢᠶ᠎ᠠ ᠵᠠᠰᠠᠭ᠎ᠤᠨ ᠤᠷᠳᠤᠨ᠎ᠤ ᠰᠢᠢ᠍ᠳᠪᠦᠷᠢ》᠂ 《〈11 · 5〉 ᠵᠢᠨ ᠡᠨ᠋ᠸᠷᠬᠢ ᠵᠢ ᠠᠷᠪᠢᠯᠠᠨ ᠪᠣᠬᠢᠷ ᠪᠣᠳᠠᠰ ᠭᠠᠳᠠᠭᠰᠢᠯᠠᠭᠤᠯᠬᠤ ᠵᠢ ᠪᠠᠭ᠋ᠠᠰᠬᠠᠬᠤ ᠠᠵᠢᠯ᠎ᠢ ᠴᠢᠩᠭ᠋ᠠᠳᠬᠠᠬᠤ ᠳᠤᠬᠠᠢ ᠦᠪᠦᠷ ᠮᠤᠩᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠵᠠᠰᠠᠭ᠎ᠤᠨ ᠤᠷᠳᠤᠨ᠎ᠤ   ᠬᠡᠷᠡᠭᠵᠢᠬᠦᠯᠬᠦ ᠰᠠᠨᠠᠯ》
ᠬᠢᠨᠠᠨ ᠵᠦᠪᠰᠢᠶᠡᠷᠡᠬᠦ ᠬᠡᠪᠴᠢᠶ᠎ᠡ᠄
      ᠦᠪᠡᠷᠳᠡᠬᠡᠨ ᠵᠠᠰᠠᠬᠤ ᠤᠷᠤᠨ᠎ᠤ ᠵᠠᠰᠠᠭ ᠵᠠᠬᠢᠷᠭ᠋ᠠᠨ᠎ᠤ ᠤᠷᠤᠨ ᠬᠡᠪᠴᠢᠶᠡᠨ ᠳᠤᠳᠤᠷ᠎ᠠ ᠣᠷᠴᠢᠨ ᠲᠣᠭᠣᠷᠢᠨ᠎ᠳᠤ ᠰᠢᠭᠤᠳ ᠪᠤᠶᠤ ᠳᠠᠮ ᠵᠶ᠋ᠡᠷ ᠠᠭ᠋ᠠᠷ ᠮᠠᠨᠳᠠᠯ᠎ᠤᠨ ᠪᠤᠬᠢᠷ ᠪᠤᠳᠠᠰ᠂ ᠤᠰᠤᠨ᠎ᠤ ᠪᠤᠬᠢᠷ ᠪᠤᠳᠠᠰ ᠭᠠᠳᠠᠭᠰᠢᠯᠠᠭᠤᠯᠵᠦ ᠪᠠᠢ᠌ᠭ᠎ᠠ ᠠᠵᠤ ᠠᠬᠤᠢ᠌ᠯᠠᠯ᠂ ᠪᠤᠰᠤᠳ ᠵᠤᠬᠢᠶᠠᠨ ᠪᠠᠢ᠌ᠭᠤᠯᠤᠯᠳᠠ ᠪᠤᠯᠤᠨ ᠬᠤᠪᠢ᠎ᠪᠠᠷ ᠵᠶ᠋ᠡᠨ ᠡᠵᠡᠩᠨᠡᠭᠴᠢᠳ (ᠳᠤᠷᠤᠬᠰᠢ ᠪᠤᠬᠢᠷ ᠪᠣᠳᠠᠰ ᠭᠠᠳᠠᠬᠰᠢᠯᠠᠭᠤᠯᠬᠤ ᠨᠢᠬᠡᠴᠢ ᠬᠡᠵᠦ ᠲᠣᠪᠴᠢᠯᠠᠨ᠎ᠠ)᠂ ᠡᠷᠬᠡᠪᠰᠢ ᠳᠤᠰ ᠠᠷᠭ᠎ᠠ ᠵᠢᠨ ᠳᠤᠬᠳᠠᠭ᠋ᠠᠯ ᠶᠤᠰᠤᠭ᠋ᠠᠷ ᠪᠤᠬᠢᠷ ᠪᠤᠳᠠᠰ ᠭᠠᠳᠠᠬᠰᠢᠯᠠᠭᠤᠯᠬᠤ ᠵᠦᠪᠰᠢᠶᠡᠷᠡᠯ᠎ᠤᠨ ᠦᠨᠡᠮᠯᠡᠯ (ᠳᠤᠷᠤᠬᠰᠢ ᠪᠤᠬᠢᠷ ᠪᠣᠳᠠᠰ ᠭᠠᠳᠠᠭᠰᠢᠯᠠᠭᠤᠯᠬᠤ ᠵᠥᠪᠰᠢᠶᠡᠷᠡᠯ᠎ᠤᠨ ᠦᠨᠡᠮᠯᠡᠯ ᠬᠡᠵᠦ ᠲᠣᠪᠴᠢᠯᠠᠨ᠎ᠠ) ᠭᠤᠶᠤᠴᠢᠯᠠᠨ ᠠᠪᠬᠤ ᠵᠢᠨ ᠬᠠᠮᠲᠤ᠂ ᠪᠤᠬᠢᠷ ᠪᠣᠳᠠᠰ ᠭᠠᠳᠠᠭᠰᠢᠯᠠᠭᠤᠯᠬᠤ ᠵᠦᠪᠰᠢᠶᠡᠷᠡᠯ᠎ᠤᠨ ᠦᠨᠡᠮᠯᠡᠯ᠎ᠤᠨ ᠳᠤᠭᠳᠠᠭ᠋ᠠᠯ ᠶᠤᠰᠤᠭ᠋ᠠᠷ ᠪᠤᠬᠢᠷ ᠪᠤᠳᠠᠰ᠎ᠢ ᠭᠠᠳᠠᠬᠰᠢᠯᠠᠭᠤᠯᠤᠨ᠎ᠠ᠃
    ᠪᠤᠬᠢᠷ ᠪᠣᠳᠠᠰ ᠭᠠᠳᠠᠭᠰᠢᠯᠠᠭᠤᠯᠬᠤ ᠵᠦᠪᠰᠢᠶᠡᠷᠡᠯ᠎ᠤᠨ ᠦᠨᠡᠮᠯᠡᠯ᠎ᠤᠨ ᠭᠤᠤᠯᠳᠠᠯᠭ᠎ᠠ᠎ᠲᠠᠢ ᠡᠵᠡᠮᠳᠡᠬᠦ ᠪᠤᠬᠢᠷ ᠪᠤᠳᠠᠰ᠎ᠤᠨ ᠳᠦᠷᠦᠯ ᠵᠦᠢ᠍ᠯ᠎ᠳᠤ᠄ ᠬᠢᠮᠢ᠎ᠳᠤ ᠬᠡᠷᠡᠭᠰᠡᠬᠦ ᠬᠦᠴᠢᠯᠳᠦ᠋ᠷᠦᠭᠴᠢ ᠵᠢᠨ ᠬᠡᠮᠵᠢᠶ᠎ᠡ᠂ ᠰᠢᠪᠳᠤᠷᠳᠤ ᠠᠽᠤᠲ᠂ ᠬᠦᠬᠦᠷ᠎ᠤᠨ ᠳᠠᠪᠬᠤᠷ ᠢᠰᠦᠯ᠂ ᠠᠽᠤᠲ ᠬᠦᠴᠢᠯᠳᠦ᠋ᠷᠦᠭᠴᠢ ᠵᠢᠨ ᠬᠢᠮᠢ ᠵᠢᠨ ᠪᠤᠳᠠᠰ᠂ ᠤᠳᠤᠭ᠎ᠠ ᠳᠤᠭᠤᠰᠤ᠂ ᠠᠵᠤ ᠦᠢ᠍ᠯᠡᠳᠪᠦᠷᠢ ᠵᠢᠨ ᠳᠤᠭᠤᠰᠤ ᠪᠠ ᠣᠨᠴᠠᠯᠢᠭᠲᠤ ᠪᠤᠬᠢᠷ ᠪᠤᠳᠠᠰ ᠪᠤᠢ᠃
      ᠦᠪᠡᠷᠳᠡᠬᠡᠨ ᠵᠠᠰᠠᠬᠤ ᠤᠷᠤᠨ᠎ᠤ ᠤᠷᠴᠢᠨ ᠳᠤᠭᠤᠷᠢᠨ᠎ᠤ ᠬᠠᠮᠠᠭ᠋ᠠᠯᠠᠯᠳᠠ ᠵᠢᠨ ᠵᠠᠰᠠᠭ ᠵᠠᠬᠢᠷᠭ᠋ᠠᠨ᠎ᠤ ᠭᠣᠣᠯᠴᠢᠯᠠᠨ ᠬᠠᠮᠢᠶᠠᠷᠬᠤ ᠰᠠᠯᠠᠭ᠎ᠠ ᠮᠦᠴᠢᠷ᠎ᠠᠴᠠ ᠪᠦᠬᠦ ᠤᠷᠤᠨ᠎ᠤ ᠪᠤᠬᠢᠷ ᠪᠣᠳᠠᠰ ᠭᠠᠳᠠᠭᠰᠢᠯᠠᠭᠤᠯᠬᠤ ᠵᠦᠪᠰᠢᠶᠡᠷᠡᠯ᠎ᠤᠨ ᠦᠨᠡᠮᠯᠡᠯ᠎ᠢ ᠨᠢᠬᠡᠳᠦᠯᠳᠡᠢ ᠬᠢᠨᠠᠨ ᠬᠠᠮᠢᠶᠠᠷᠬᠤ ᠵᠢᠨ ᠬᠠᠮᠲᠤ᠂ ᠳᠤᠤᠷ᠎ᠠ ᠵᠢᠬᠰᠠᠭ᠋ᠠᠭᠰᠠᠨ ᠪᠤᠬᠢᠷ ᠪᠣᠳᠠᠰ ᠭᠠᠳᠠᠬᠰᠢᠯᠠᠭᠤᠯᠬᠤ ᠨᠢᠬᠡᠴᠢ ᠵᠢᠨ ᠪᠤᠬᠢᠷ ᠪᠣᠳᠠᠰ ᠭᠠᠳᠠᠭᠰᠢᠯᠠᠭᠤᠯᠬᠤ ᠵᠦᠪᠰᠢᠶᠡᠷᠡᠯ᠎ᠤᠨ ᠦᠨᠡᠮᠯᠡᠯ᠎ᠢ ᠬᠠᠷᠭᠤᠭᠤᠯᠤᠨ ᠳᠠᠷᠬᠠᠭ᠋ᠠᠨ᠎ᠠ᠄
(ᠨᠢᠬᠡ) ᠪᠣᠢ ᠪᠦᠬᠦᠢ ᠨᠡᠬᠦᠷᠡᠰᠦ ᠰᠢᠳᠠᠭ᠋ᠠᠬᠤ ᠴᠠᠬᠢᠯᠭ᠋ᠠᠨ᠎ᠤ ᠦᠢ᠍ᠯᠡᠳᠪᠦᠷᠢ᠂ ᠡᠭᠦᠨ᠎ᠳᠤ ᠠᠵᠤ ᠠᠬᠤᠢ᠌ᠯᠠᠯ᠎ᠤᠨ ᠦᠪᠡᠰᠦᠪᠡᠨ ᠪᠡᠯᠡᠳᠬᠡᠭᠰᠡᠨ ᠴᠠᠬᠢᠯᠭ᠋ᠠᠨ᠎ᠤ ᠦᠢ᠍ᠯᠡᠳᠪᠦᠷᠢ᠂ ᠨᠡᠬᠦᠷᠡᠰᠦᠨ ᠴᠢᠯᠠᠭᠤᠨ᠎ᠤ ᠴᠠᠬᠢᠯᠭ᠋ᠠᠨ᠎ᠤ ᠦᠢ᠍ᠯᠡᠳᠪᠦᠷᠢ ᠪᠠ ᠢᠯᠴᠢ ᠵᠢᠨ ᠴᠠᠬᠢᠯᠭ᠋ᠠᠨ᠎ᠤ ᠦᠢ᠍ᠯᠡᠳᠪᠦᠷᠢ ᠵᠢ ᠪᠠᠬᠳᠠᠭ᠋ᠠᠨ᠎ᠠ;
(ᠬᠤᠶᠠᠷ) ᠬᠤᠳᠠ (ᠪᠠᠯᠭ᠋ᠠᠰᠤ) ᠵᠢᠨ ᠪᠤᠬᠢᠷ ᠤᠰᠤ ᠵᠢ ᠰᠢᠢ᠍ᠳᠪᠦᠷᠢᠯᠡᠬᠦ ᠦᠢ᠍ᠯᠡᠳᠪᠦᠷᠢ᠂ ᠡᠭᠦᠨ᠎ᠳᠤ ᠠᠵᠤ ᠦᠢ᠍ᠯᠡᠳᠪᠦᠷᠢ ᠵᠢᠨ ᠬᠦᠷᠢᠶᠡᠯᠡᠩ ᠳᠤᠭᠤᠷᠢᠭ᠎ᠤᠨ ᠳᠦᠪᠯᠡᠷᠡᠩᠭᠦᠢ ᠮᠠᠶᠢᠭ᠎ᠤᠨ ᠪᠤᠬᠢᠷ ᠤᠰᠤ ᠵᠢ ᠰᠢᠢ᠍ᠳᠪᠦᠷᠢᠯᠡᠬᠦ ᠪᠡᠯᠡᠳᠬᠡᠮᠵᠢ ᠵᠢ ᠪᠠᠬᠳᠠᠭ᠋ᠠᠨ᠎ᠠ;
(ᠭᠤᠷᠪᠠ) ᠵᠠᠬ᠎ᠠ ᠳᠡᠯᠬᠡᠬᠦᠷ᠎ᠲᠤ ᠭᠠᠷᠤᠭᠰᠠᠨ ᠺᠤᠮᠫᠠᠨᠢ ᠵᠢᠴᠢ ᠬᠠᠷᠢᠶ᠎ᠠ ᠠᠵᠤ ᠠᠬᠤᠢ᠌ᠯᠠᠯ;
(ᠳᠦᠷᠪᠡ) ᠤᠯᠤᠰ᠂ ᠦᠪᠡᠷᠳᠡᠬᠡᠨ ᠵᠠᠰᠠᠬᠤ ᠤᠷᠤᠨ᠎ᠤ ᠤᠯᠤᠰ᠎ᠤᠨ ᠥᠮᠴᠢᠯᠡᠯᠲᠦ ᠡᠳ᠋ ᠬᠦᠷᠦᠩᠭᠡ ᠵᠢᠨ ᠬᠢᠨᠠᠯᠲᠠ ᠬᠠᠮᠢᠶᠠᠷᠤᠯᠲᠠ ᠵᠢᠨ ᠵᠦᠪᠯᠡᠯ᠎ᠠᠴᠠ ᠬᠢᠨᠠᠨ ᠬᠠᠮᠢᠶᠠᠷᠴᠤ ᠪᠠᠢ᠌ᠭ᠎ᠠ ᠳᠦᠪ᠎ᠤᠨ ᠰᠢᠭᠤᠳ ᠬᠠᠷᠢᠶ᠎ᠠ᠂ ᠤᠷᠤᠨ᠎ᠤ ᠰᠢᠭᠤᠳ ᠬᠠᠷᠢᠶ᠎ᠠ ᠠᠵᠤ ᠠᠬᠤᠢ᠌ᠯᠠᠯ᠃
      ᠪᠤᠰᠤᠳ ᠪᠤᠬᠢᠷ ᠪᠣᠳᠠᠰ ᠭᠠᠳᠠᠭᠰᠢᠯᠠᠭᠤᠯᠬᠤ ᠨᠢᠬᠡᠴᠢ ᠵᠢᠨ ᠪᠤᠬᠢᠷ ᠪᠣᠳᠠᠰ ᠭᠠᠳᠠᠭᠰᠢᠯᠠᠭᠤᠯᠬᠤ ᠵᠦᠪᠰᠢᠶᠡᠷᠡᠯ᠎ᠤᠨ ᠦᠨᠡᠮᠯᠡᠯ᠎ᠢ ᠠᠢ᠌ᠮᠠᠭ ᠬᠤᠳᠠ ᠵᠢᠨ ᠱᠠᠲᠤᠨ᠎ᠤ ᠤᠷᠴᠢᠨ ᠳᠤᠭᠤᠷᠢᠨ᠎ᠤ ᠬᠠᠮᠠᠭ᠋ᠠᠯᠠᠯᠳᠠ ᠵᠢᠨ ᠵᠠᠰᠠᠭ ᠵᠠᠬᠢᠷᠭ᠋ᠠᠨ᠎ᠤ ᠭᠣᠣᠯᠴᠢᠯᠠᠨ ᠬᠠᠮᠢᠶᠠᠷᠬᠤ ᠰᠠᠯᠠᠭ᠎ᠠ ᠮᠦᠴᠢᠷ᠎ᠠᠴᠠ ᠬᠠᠷᠭᠤᠭᠤᠯᠤᠨ ᠲᠠᠷᠬᠠᠭ᠋ᠠᠬᠤ ᠵᠢᠨ ᠬᠠᠮᠳᠤ᠂ ᠦᠪᠡᠷᠳᠡᠬᠡᠨ ᠵᠠᠰᠠᠬᠤ ᠤᠷᠤᠨ᠎ᠤ ᠤᠷᠴᠢᠨ ᠳᠤᠭᠤᠷᠢᠨ᠎ᠤ ᠬᠠᠮᠠᠭ᠋ᠠᠯᠠᠯᠳᠠ ᠵᠢᠨ ᠵᠠᠰᠠᠭ ᠵᠠᠬᠢᠷᠭ᠋ᠠᠨ᠎ᠤ ᠭᠣᠣᠯᠴᠢᠯᠠᠨ ᠬᠠᠮᠢᠶᠠᠷᠬᠤ ᠰᠠᠯᠠᠭ᠎ᠠ ᠮᠦᠴᠢᠷ᠎ᠲᠤ ᠮᠡᠳᠡᠭᠦᠯᠵᠦ ᠪᠦᠷᠢᠳᠬᠡᠨ ᠳᠠᠩᠰᠠᠯᠠᠭᠤᠯᠤᠨ᠎ᠠ᠃
ᠬᠢᠨᠠᠨ ᠵᠦᠪᠰᠢᠶᠡᠷᠡᠬᠦ ᠨᠦᠬᠦᠴᠡᠯ᠄
(ᠨᠢᠬᠡ) ᠪᠤᠬᠢᠷ ᠪᠣᠳᠠᠰ ᠭᠠᠳᠠᠭᠰᠢᠯᠠᠭᠤᠯᠬᠤ ᠨᠢᠬᠡᠴᠢ ᠵᠢᠨ ᠭᠠᠳᠠᠭᠰᠢᠯᠠᠭᠤᠯᠤᠭᠰᠠᠨ ᠪᠤᠬᠢᠷ ᠪᠤᠳᠠᠰ᠎ᠨᠢ ᠵᠠᠪᠠᠯ ᠤᠯᠤᠰ ᠪᠤᠶᠤ ᠤᠷᠤᠨ ᠨᠤᠳᠤᠭ᠎ᠤᠨ ᠭᠠᠳᠠᠭᠰᠢᠯᠠᠭᠤᠯᠬᠤ ᠪᠠᠷᠢᠮᠵᠢᠶ᠎ᠠ᠎ᠳᠤ ᠨᠡᠢ᠌ᠴᠡᠬᠦ ᠬᠡᠷᠡᠭᠳᠡᠢ;
(ᠬᠤᠶᠠᠷ) ᠳᠤᠭᠳᠠᠭ᠋ᠠᠯ ᠶᠤᠰᠤᠭ᠋ᠠᠷ ᠪᠤᠬᠢᠷ ᠪᠣᠳᠠᠰ ᠭᠠᠳᠠᠭᠰᠢᠯᠠᠭᠤᠯᠬᠤ ᠠᠮᠠᠰᠠᠷ ᠳᠤᠬᠢᠷᠠᠭᠤᠯᠤᠨ᠎ᠠ;
(ᠭᠤᠷᠪᠠ) ᠪᠤᠬᠢᠷᠳᠤᠯ᠎ᠢ ᠰᠡᠷᠬᠡᠢ᠌ᠯᠡᠨ ᠵᠠᠰᠠᠬᠤ ᠪᠡᠯᠡᠳᠬᠡᠮᠵᠢ ᠵᠢ ᠠᠵᠢᠯᠯᠠᠭᠤᠯᠬᠤ ᠶᠣᠰᠣ ᠳᠦᠷᠢᠮ ᠪᠠ ᠠᠵᠢᠯᠯᠠᠭ᠋ᠠᠨ᠎ᠢ ᠰᠡᠯᠪᠢᠨ ᠬᠠᠮᠠᠭ᠋ᠠᠯᠠᠬᠤ ᠳᠦᠰᠦᠯ ᠪᠠᠢ᠌ᠬᠤ ᠬᠡᠷᠡᠭᠳᠡᠢ;
(ᠳᠦᠷᠪᠡ) ᠪᠤᠬᠢᠷ ᠪᠤᠳᠠᠰ ᠭᠠᠳᠠᠬᠰᠢᠯᠠᠭᠤᠯᠬᠤ ᠶᠡᠷᠦᠩᠭᠡᠢ ᠬᠡᠮᠵᠢᠶ᠎ᠡ ᠵᠢ ᠭᠤᠤᠯᠳᠠᠯᠭ᠎ᠠ᠎ᠲᠠᠢ ᠬᠢᠵᠠᠭ᠋ᠠᠷᠯᠠᠬᠤ ᠱᠠᠭ᠋ᠠᠷᠳᠠᠯᠭ᠎ᠠ᠎ᠳᠤ ᠨᠡᠢ᠌ᠴᠡᠬᠦ ᠬᠡᠷᠡᠭᠳᠡᠢ;
(ᠳᠠᠪᠤ) ᠦᠪᠡᠷᠳᠡᠬᠡᠨ ᠵᠠᠰᠠᠬᠤ ᠤᠷᠤᠨ᠂ ᠠᠢ᠌ᠮᠠᠭ ᠬᠤᠳᠠ ᠵᠢᠨ ᠱᠠᠲᠤᠨ᠎ᠤ ᠤᠷᠴᠢᠨ ᠳᠤᠭᠤᠷᠢᠨ᠎ᠤ ᠬᠠᠮᠠᠭ᠋ᠠᠯᠠᠯᠳᠠ ᠵᠢᠨ ᠵᠠᠰᠠᠭ ᠵᠠᠬᠢᠷᠭ᠋ᠠᠨ᠎ᠤ ᠭᠣᠣᠯᠴᠢᠯᠠᠨ ᠬᠠᠮᠢᠶᠠᠷᠬᠤ ᠰᠠᠯᠠᠭ᠎ᠠ ᠮᠦᠴᠢᠷ᠎ᠠᠴᠠ ᠳᠤᠬᠳᠠᠭ᠋ᠠᠭᠰᠠᠨ ᠭᠤᠤᠯᠳᠠᠯᠭ᠎ᠠ᠎ᠲᠠᠢ ᠪᠤᠬᠢᠷ ᠪᠣᠳᠠᠰ ᠭᠠᠳᠠᠭᠰᠢᠯᠠᠭᠤᠯᠬᠤ ᠨᠢᠬᠡᠴᠢ᠎ᠨᠢ ᠳᠤᠭᠳᠠᠭ᠋ᠠᠯ ᠶᠤᠰᠤᠭ᠋ᠠᠷ ᠪᠤᠬᠢᠷ ᠪᠤᠳᠠᠰ ᠭᠠᠳᠠᠭᠰᠢᠯᠠᠭᠤᠯᠬᠤ ᠵᠢ ᠠᠦ᠋ᠲ᠋ᠤ᠋᠎ᠪᠠᠷ ᠬᠢᠨᠠᠨ ᠡᠵᠡᠮᠳᠡᠬᠦ ᠪᠡᠯᠡᠳᠬᠡᠮᠵᠢ ᠤᠬᠰᠠᠷᠠᠬᠰᠠᠨ ᠪᠠᠢ᠌ᠬᠤ ᠬᠡᠷᠡᠭᠳᠡᠢ;
(ᠵᠢᠷᠭᠤᠭ᠎ᠠ) ᠳᠤᠬᠳᠠᠭ᠋ᠠᠯ ᠶᠤᠰᠤᠭ᠋ᠠᠷ ᠪᠤᠬᠢᠷ ᠪᠣᠳᠠᠰ ᠭᠠᠳᠠᠬᠰᠢᠯᠠᠭᠤᠯᠬᠤ ᠎ᠪᠠᠷ ᠭᠤᠶᠤᠴᠢᠯᠠᠨ ᠳᠠᠩᠰᠠᠯᠠᠭᠤᠯᠤᠨ᠎ᠠ;
(ᠳᠤᠯᠤᠭ᠎ᠠ) ᠬᠠᠤᠯᠢ ᠶᠤᠰᠤᠭ᠋ᠠᠷ ᠪᠤᠬᠢᠷ ᠪᠣᠳᠠᠰ ᠭᠠᠳᠠᠬᠰᠢᠯᠠᠭᠤᠯᠬᠤ ᠰᠦᠢ᠍ᠳᠬᠡᠯ ᠳᠤᠰᠢᠶᠠᠨ᠎ᠠ;
(ᠨᠠᠢ᠍ᠮᠠ) ᠪᠤᠬᠢᠷ ᠪᠣᠳᠠᠰ ᠭᠠᠳᠠᠬᠰᠢᠯᠠᠭᠤᠯᠬᠤ ᠨᠢᠬᠡᠴᠢ᠎ᠨᠢ ᠨᠡᠯᠢᠶᠡᠳ ᠳᠡᠬᠦᠯᠳᠡᠷᠵᠢᠭᠰᠡᠨ ᠳᠤᠳᠤᠭ᠋ᠠᠳᠤ ᠵᠢᠨ ᠤᠷᠴᠢᠨ᠎ᠤ ᠬᠠᠮᠢᠶᠠᠷᠤᠯᠳᠠ ᠵᠢᠨ ᠳᠦᠷᠢᠮ ᠳᠤᠬᠳᠠᠭ᠋ᠠᠯ ᠪᠠᠢ᠌ᠬᠤ ᠬᠡᠷᠡᠭᠳᠡᠢ᠃
ᠵᠠᠷᠯᠠᠯ ᠨᠡᠢ᠌ᠳᠡᠯᠡᠯ ᠵᠢᠴᠢ ᠬᠠᠮᠤᠭ᠎ᠤᠨ ᠰᠢᠨ᠎ᠡ ᠮᠡᠳᠡᠬᠡ᠄ ᠳᠤᠪᠴᠢᠳᠠᠵᠦ ᠦᠵᠡᠬᠡᠷᠡᠢ
ᠬᠠᠮᠢᠶ᠎ᠠ ᠪᠦᠬᠦᠢ ᠮᠠᠲᠸᠷᠢᠶᠠᠯ᠄ ᠠᠯᠠᠭ᠎ᠠ
ᠭᠤᠶᠤᠴᠢᠯᠠᠨ ᠮᠡᠳᠡᠬᠦᠯᠬᠦ ᠮᠠᠲᠸᠷᠢᠶᠠᠯ᠄
(ᠨᠢᠬᠡ) ᠪᠤᠬᠢᠷ ᠪᠣᠳᠠᠰ ᠭᠠᠳᠠᠬᠰᠢᠯᠠᠭᠤᠯᠬᠤ᠎ᠪᠠᠷ ᠭᠤᠶᠤᠴᠢᠯᠠᠨ ᠳᠠᠩᠰᠠᠯᠠᠭᠤᠯᠬᠤ ᠬᠦᠰᠦᠨᠦᠭ;
(ᠬᠤᠶᠠᠷ) ᠪᠤᠬᠢᠷ ᠪᠣᠳᠠᠰ ᠭᠠᠳᠠᠭᠰᠢᠯᠠᠭᠤᠯᠬᠤ ᠵᠦᠪᠰᠢᠶᠡᠷᠡᠯ᠎ᠤᠨ ᠦᠨᠡᠮᠯᠡᠯ ᠭᠤᠶᠤᠴᠢᠯᠠᠬᠤ ᠬᠦᠰᠦᠨᠦᠭ;
(ᠭᠤᠷᠪᠠ) ᠪᠤᠰᠤᠳ ᠮᠠᠲᠸᠷᠢᠶᠠᠯ;
1. ᠤᠷᠴᠢᠨ ᠳᠤᠭᠤᠷᠢᠨ᠎ᠤ ᠬᠠᠮᠠᠭ᠋ᠠᠯᠠᠯᠳᠠ ᠵᠢᠨ ᠪᠡᠯᠡᠳᠬᠡᠮᠵᠢ ᠵᠢᠨ ᠪᠠᠷᠢᠯᠭ᠎ᠠ ᠳᠠᠭᠤᠰᠴᠤ ᠰᠢᠯᠭ᠋ᠠᠨ ᠬᠤᠷᠢᠶᠠᠵᠤ ᠠᠪᠬᠤ᠎ᠳᠤ ᠬᠢᠷᠢ ᠳᠡᠩᠴᠡᠭᠰᠡᠨ ᠮᠠᠲᠸᠷᠢᠶᠠᠯ;
2. ᠪᠤᠬᠢᠷᠳᠤᠯ ᠡᠬᠦᠰᠬᠡᠭᠴᠢ ᠵᠢᠨ ᠳᠤᠬᠠᠢ ᠬᠠᠷᠠᠭ᠋ᠠᠯᠵᠠᠬᠰᠠᠨ ᠬᠢᠷᠢ ᠬᠡᠮ ᠪᠦᠬᠦᠢ ᠤᠷᠴᠢᠨ ᠳᠤᠭᠤᠷᠢᠨ᠎ᠤ ᠬᠢᠨᠠᠨ ᠰᠢᠨᠵᠢᠯᠲᠡ ᠵᠢᠨ ᠰᠠᠯᠠᠭ᠎ᠠ ᠮᠦᠴᠢᠷ᠎ᠠᠴᠠ ᠭᠠᠷᠭ᠋ᠠᠵᠤ ᠥᠭᠭᠦᠭᠰᠡᠨ ᠤᠢ᠌ᠷ᠎ᠠ ᠵᠢᠨ ᠨᠢᠬᠡ ᠵᠢᠯ ᠳᠤᠳᠤᠷᠠᠬᠢ ᠬᠢᠨᠠᠨ ᠰᠢᠨᠵᠢᠭᠰᠡᠨ ᠮᠡᠳᠡᠬᠦᠯᠦᠯᠳᠡ;
3. ᠪᠤᠬᠢᠷᠳᠤᠯ᠎ᠢ ᠰᠡᠷᠬᠡᠢ᠌ᠯᠡᠨ ᠵᠠᠰᠠᠬᠤ   ᠪᠡᠯᠡᠳᠬᠡᠮᠵᠢ ᠵᠢ ᠠᠵᠢᠯᠯᠠᠭᠤᠯᠬᠤ ᠶᠣᠰᠣ ᠵᠢᠷᠤᠮ ᠪᠠ ᠠᠵᠢᠯᠯᠠᠭ᠋ᠠᠨ᠎ᠢ ᠰᠡᠯᠪᠢᠨ ᠬᠠᠮᠠᠭ᠋ᠠᠯᠠᠬᠤ ᠳᠦᠰᠦᠯ;
4. ᠤᠷᠴᠢᠨ ᠳᠤᠭᠤᠷᠢᠨ᠎ᠤ ᠬᠠᠮᠠᠭ᠋ᠠᠯᠠᠯᠳᠠ ᠵᠢᠨ ᠵᠠᠰᠠᠭ ᠵᠠᠬᠢᠷᠭ᠋ᠠᠨ᠎ᠤ ᠭᠣᠣᠯᠴᠢᠯᠠᠨ ᠬᠠᠮᠢᠶᠠᠷᠬᠤ ᠰᠠᠯᠠᠭ᠎ᠠ ᠮᠦᠴᠢᠷ᠎ᠠᠴᠠ ᠬᠠᠷᠭᠤᠭᠤᠯᠤᠨ ᠳᠤᠬᠳᠠᠭ᠋ᠠᠭᠰᠠᠨ ᠪᠤᠬᠢᠷ ᠪᠤᠳᠠᠰ ᠭᠠᠳᠠᠬᠰᠢᠯᠠᠭᠤᠯᠬᠤ ᠶᠡᠷᠦᠩᠭᠡᠢ ᠬᠡᠮᠵᠢᠶ᠎ᠡ ᠵᠢ ᠬᠢᠵᠠᠭ᠋ᠠᠷᠯᠠᠬᠤ ᠪᠠ ᠪᠠᠭ᠋ᠠᠰᠬᠠᠬᠤ ᠭᠦᠢ᠍ᠴᠡᠳᠬᠡᠯ ᠲᠣᠭ᠋ᠠᠨ᠎ᠤ ᠪᠢᠴᠢᠭ ᠮᠠᠲᠸᠷᠢᠶᠠᠯ;
5. ᠪᠤᠬᠢᠷ ᠪᠤᠳᠠᠰ ᠭᠠᠳᠠᠭᠰᠢᠯᠠᠭᠤᠯᠬᠤ ᠵᠢ ᠠᠦ᠋ᠲ᠋ᠤ᠋᠎ᠪᠠᠷ ᠬᠢᠨᠠᠨ ᠡᠵᠡᠮᠳᠡᠬᠦ ᠪᠡᠯᠡᠳᠬᠡᠮᠵᠢ ᠵᠢ ᠰᠢᠯᠭ᠋ᠠᠨ ᠬᠤᠷᠢᠶᠠᠵᠤ ᠠᠪᠤᠭᠰᠠᠨ ᠪᠢᠴᠢᠭ ᠮᠠᠲᠸᠷᠢᠶᠠᠯ;
6. ᠪᠤᠬᠢᠷᠳᠤᠯ᠎ᠤᠨ ᠡᠨᠳᠡᠯ᠎ᠢ ᠪᠠᠴᠢᠮ ᠠᠷᠭ᠋ᠠᠴᠠᠭ᠋ᠠᠬᠤ ᠳᠦᠰᠦᠯ ᠪᠠ ᠪᠠᠴᠢᠮ ᠠᠷᠭ᠋ᠠᠴᠠᠭ᠋ᠠᠬᠤ ᠪᠡᠯᠡᠳᠬᠡᠮᠵᠢ ᠬᠡᠷᠡᠭᠰᠡᠯ᠎ᠤᠨ ᠬᠡᠯᠪᠡᠷᠢ ᠮᠠᠶᠢᠭ᠂ ᠳᠤᠭ᠎ᠠ ᠬᠡᠮᠵᠢᠶᠡᠨ᠎ᠤ ᠨᠠᠷᠢᠨ ᠬᠠᠭᠤᠳᠠᠰᠤ;
7. ᠬᠤᠰᠢᠭᠤ ᠰᠢᠶᠠᠨ᠎ᠤ ᠱᠠᠲᠤᠨ᠎ᠠᠴᠠ ᠳᠡᠬᠡᠭᠰᠢᠬᠢ ᠤᠷᠴᠢᠨ ᠳᠤᠭᠤᠷᠢᠨ᠎ᠤ ᠬᠠᠮᠠᠭ᠋ᠠᠯᠠᠯᠳᠠ ᠵᠢᠨ ᠵᠠᠰᠠᠭ ᠵᠠᠬᠢᠷᠭ᠋ᠠᠨ᠎ᠤ ᠭᠣᠣᠯᠴᠢᠯᠠᠨ ᠬᠠᠮᠢᠶᠠᠷᠬᠤ ᠰᠠᠯᠠᠭ᠎ᠠ ᠮᠦᠴᠢᠷ᠎ᠠᠴᠠ ᠬᠠᠷᠭᠤᠭᠤᠯᠤᠨ ᠳᠤᠬᠳᠠᠭ᠋ᠠᠭᠰᠠᠨ ᠪᠤᠬᠢᠷ ᠪᠣᠳᠠᠰ ᠭᠠᠳᠠᠬᠰᠢᠯᠠᠭᠤᠯᠬᠤ᠎ᠪᠠᠷ ᠭᠤᠶᠤᠴᠢᠯᠠᠨ ᠮᠡᠳᠡᠭᠦᠯᠵᠦ ᠳᠠᠩᠰᠠᠯᠠᠭᠤᠯᠤᠭᠰᠠᠨ ᠮᠠᠲᠸᠷᠢᠶᠠᠯ;
8. ᠪᠤᠬᠢᠷ ᠪᠣᠳᠠᠰ ᠭᠠᠳᠠᠭᠰᠢᠯᠠᠭᠤᠯᠬᠤ ᠰᠦᠢ᠍ᠳᠬᠡᠯ ᠲᠠᠲᠠᠪᠤᠷᠢᠯᠠᠨ ᠬᠤᠷᠢᠶᠠᠬᠰᠠᠨ ᠲᠣᠭ᠋ᠠᠴᠠᠭ᠋ᠠᠨ᠎ᠤ ᠬᠦᠰᠦᠨᠦᠭ ᠵᠢᠴᠢ ᠪᠤᠬᠢᠷ ᠪᠣᠳᠠᠰ ᠭᠠᠳᠠᠭᠰᠢᠯᠠᠭᠤᠯᠬᠤ ᠰᠦᠢ᠍ᠳᠬᠡᠯ ᠳᠤᠰᠢᠶᠠᠬᠰᠠᠨ ᠬᠡᠷᠡᠴᠢ ᠪᠠᠷᠢᠮᠲᠠ;
9. ᠲᠣᠭᠲᠠᠭᠰᠠᠨ ᠬᠤᠭᠤᠴᠠᠭ᠋ᠠᠨ᠎ᠳᠤ ᠵᠠᠰᠠᠯᠲᠠ ᠬᠢᠬᠦ ᠵᠠᠷᠯᠢᠭ ᠬᠦᠯᠢᠶᠡᠭᠰᠡᠨ ᠪᠤᠬᠢᠷ ᠪᠣᠳᠠᠰ ᠭᠠᠳᠠᠬᠰᠢᠯᠠᠭᠤᠯᠬᠤ ᠨᠢᠬᠡᠴᠢ᠎ᠠᠴᠠ ᠵᠠᠰᠠᠯᠳᠠ ᠬᠢᠬᠦ ᠳᠦᠰᠦᠯ ᠳᠤᠰᠢᠶᠠᠬᠤ ᠬᠡᠷᠡᠭᠳᠡᠢ᠂ ᠨᠢᠬᠡᠨᠳᠡ ᠵᠠᠰᠠᠯᠳᠠ ᠬᠢᠵᠦ ᠳᠠᠭᠤᠰᠤᠬᠰᠠᠨ ᠪᠣᠯ ᠲᠣᠭᠲᠠᠭᠰᠠᠨ ᠬᠤᠭᠤᠴᠠᠭ᠋ᠠᠨ᠎ᠳᠤ ᠵᠠᠰᠠᠯᠳᠠ ᠬᠢᠭᠰᠡᠨ᠎ᠢ ᠰᠢᠯᠭ᠋ᠠᠨ ᠬᠤᠷᠢᠶᠠᠵᠤ ᠠᠪᠤᠭᠰᠠᠨ ᠮᠠᠲᠸᠷᠢᠶᠠᠯ ᠳᠤᠰᠢᠶᠠᠨ᠎ᠠ;
10. ᠬᠤᠰᠢᠭᠤ ᠰᠢᠶᠠᠨ᠎ᠤ ᠱᠠᠲᠤᠨ᠎ᠠᠴᠠ ᠳᠡᠬᠡᠭᠰᠢᠬᠢ ᠤᠷᠴᠢᠨ ᠳᠤᠭᠤᠷᠢᠨ᠎ᠤ ᠬᠠᠮᠠᠭ᠋ᠠᠯᠠᠯᠳᠠ ᠵᠢᠨ ᠵᠠᠰᠠᠭ ᠵᠠᠬᠢᠷᠭ᠋ᠠᠨ᠎ᠤ ᠭᠣᠣᠯᠴᠢᠯᠠᠨ ᠬᠠᠮᠢᠶᠠᠷᠬᠤ ᠰᠠᠯᠠᠭ᠎ᠠ ᠮᠦᠴᠢᠷ᠎ᠠᠴᠠ ᠱᠠᠭ᠋ᠠᠷᠳᠠᠭᠰᠠᠨ ᠪᠤᠰᠤᠳ ᠮᠠᠲᠸᠷᠢᠶᠠᠯ᠃
ᠬᠦᠢ᠍ᠴᠡᠳᠬᠡᠬᠦ ᠠᠯᠬᠤᠮ ᠳᠠᠷᠠᠭ᠋ᠠᠯᠠᠯ᠄ ᠡᠨᠳᠡ ᠲᠣᠪᠴᠢᠳᠠᠵᠤ ᠬᠦᠢ᠍ᠴᠡᠳᠬᠡᠬᠦ ᠠᠯᠬᠤᠮ ᠳᠠᠷᠠᠭ᠋ᠠᠯᠠᠯ ᠵᠢ   ᠦᠵᠡᠬᠡᠷᠡᠢ
ᠬᠦᠰᠦᠨᠦᠭ ᠪᠠᠭᠤᠯᠭ᠋ᠠᠬᠤ᠄ ᠳᠤᠪᠴᠢᠳᠠᠵᠦ ᠪᠠᠭᠤᠯᠭ᠋ᠠᠨ᠎ᠠ
ᠥᠯᠢᠭᠡᠷ ᠬᠦᠰᠦᠨᠦᠭ᠎ᠢ ᠪᠠᠭᠤᠯᠭ᠋ᠠᠬᠤ᠄ ᠳᠤᠪᠴᠢᠳᠠᠵᠦ ᠪᠠᠭᠤᠯᠭ᠋ᠠᠨ᠎ᠠ
ᠬᠦᠢ᠍ᠴᠡᠳᠬᠡᠬᠦ ᠴᠠᠭ᠄ ᠤᠷᠴᠢᠨ ᠳᠤᠭᠤᠷᠢᠨ᠎ᠤ ᠬᠠᠮᠠᠭ᠋ᠠᠯᠠᠯᠳᠠ ᠵᠢᠨ ᠵᠠᠰᠠᠭ ᠵᠠᠬᠢᠷᠭ᠋ᠠᠨ᠎ᠤ ᠭᠣᠣᠯᠴᠢᠯᠠᠨ ᠬᠠᠮᠢᠶᠠᠷᠬᠤ ᠰᠠᠯᠠᠭ᠎ᠠ ᠮᠦᠴᠢᠷ᠎ᠠᠴᠠ ᠪᠤᠬᠢᠷ ᠪᠣᠳᠠᠰ ᠭᠠᠳᠠᠭᠰᠢᠯᠠᠭᠤᠯᠬᠤ ᠨᠢᠬᠡᠴᠢ ᠵᠢᠨ ᠭᠤᠶᠤᠴᠢᠯᠠᠯ ᠪᠠ ᠬᠠᠮᠢᠶ᠎ᠠ ᠪᠦᠬᠦᠢ ᠮᠠᠲᠸᠷᠢᠶᠠᠯ᠎ᠢ ᠬᠦᠯᠢᠶᠡᠨ ᠠᠪᠴᠤ ᠠᠪᠤᠭᠰᠠᠨ᠎ᠤ ᠳᠠᠷᠠᠭ᠎ᠠ 20 ᠡᠳᠦᠷ᠎ᠤᠨ ᠳᠤᠳᠤᠷ᠎ᠠ (ᠤᠨᠳᠤᠤ ᠰᠠᠨᠠᠯ ᠪᠦᠬᠦᠢ ᠪᠤᠬᠢᠷ ᠪᠣᠳᠠᠰ ᠭᠠᠳᠠᠭᠰᠢᠯᠠᠭᠤᠯᠬᠤ ᠨᠢᠬᠡᠴᠢ᠎ᠠᠴᠠ ᠭᠠᠳᠠᠨ᠎ᠠ)᠂ ᠶᠡᠷᠦᠩᠭᠡᠢ ᠬᠡᠮᠵᠢᠶ᠎ᠡ ᠵᠢ ᠬᠠᠷᠭᠤᠭᠤᠯᠤᠨ ᠳᠤᠬᠳᠠᠭ᠋ᠠᠵᠦ᠂ ᠦᠨᠡᠮᠯᠡᠯ ᠤᠯᠭᠤᠬᠤ ᠵᠢ ᠬᠢᠨᠠᠨ ᠬᠠᠷᠭᠤᠭᠤᠯᠬᠤ ᠠᠵᠢᠯ᠎ᠢ ᠪᠡᠶᠡᠯᠡᠭᠦᠯᠬᠦ ᠬᠡᠷᠡᠭᠲᠡᠢ᠃ ᠭᠤᠶᠤᠴᠢᠯᠠᠬᠰᠠᠨ ᠨᠢᠬᠡᠴᠢ ᠵᠢᠨ ᠮᠠᠲᠸᠷᠢᠶᠠᠯ᠎ᠨᠢ ᠪᠦᠷᠢᠨ ᠬᠦᠢ᠍ᠴᠡᠳ ᠪᠤᠰᠤ ᠪᠣᠯ᠂ ᠬᠦᠯᠢᠶᠡᠨ ᠠᠪᠴᠤ ᠭᠦᠢ᠍ᠴᠡᠳᠬᠡᠬᠦ ᠨᠢᠬᠡᠴᠢ᠎ᠠᠴᠠ ᠭᠤᠶᠤᠴᠢᠯᠠᠬ᠍ᠴᠢ᠎ᠳᠤ ᠳᠤᠳᠤᠷᠬᠠᠢ ᠮᠡᠳᠡᠭᠦᠯᠵᠦ᠂ ᠭᠤᠶᠤᠴᠢᠯᠠᠬ᠍ᠴᠢ᠎ᠠᠴᠠ ᠮᠠᠲᠸᠷᠢᠶᠠᠯ ᠵᠶ᠋ᠡᠨ ᠪᠦᠷᠢᠳᠦᠬᠦᠯᠦᠭᠰᠡᠨ᠎ᠤ ᠳᠠᠷᠠᠭ᠎ᠠ ᠳᠠᠬᠢᠨ ᠬᠦᠯᠢᠶᠠᠨ ᠠᠪᠴᠤ ᠭᠦᠢ᠍ᠴᠡᠳᠬᠡᠬᠦ ᠬᠡᠷᠡᠭᠲᠡᠢ᠃
ᠳᠤᠭ᠎ᠠ ᠬᠡᠮᠵᠢᠶᠡᠨ᠎ᠤ ᠬᠢᠵᠠᠭ᠋ᠠᠷ᠄ ᠠᠯᠠᠭ᠎ᠠ
ᠰᠦᠢ᠍ᠳᠬᠡᠯ ᠬᠤᠷᠢᠶᠠᠬᠤ ᠳᠦᠷᠦᠯ ᠵᠦᠢ᠍ᠯ᠎ᠤᠨ ᠰᠦᠢ᠍ᠳᠬᠡᠯ ᠬᠤᠷᠢᠶᠠᠬᠤ ᠪᠠᠷᠢᠮᠵᠢᠶ᠎ᠠ᠄ ᠰᠦᠢ᠍ᠳᠬᠡᠯ ᠬᠤᠷᠢᠶᠠᠬᠤ ᠦᠬᠡᠢ
ᠭᠤᠶᠤᠴᠢᠯᠠᠬᠤ ᠬᠦᠰᠦᠨᠦᠭ᠎ᠤᠨ ᠨᠡᠷᠡᠢ᠌ᠳᠦᠯ ᠪᠠ ᠤᠯᠬᠤ ᠠᠷᠭ᠎ᠠ ᠮᠠᠶᠢᠭ᠄ ᠠᠯᠠᠭ᠎ᠠ
ᠠᠰᠠᠭᠤᠨ ᠯᠠᠪᠯᠠᠬᠤ ᠤᠳᠠᠰᠤ᠄  0471 — 4632049
ᠬᠢᠨᠠᠯᠳᠠ ᠳᠠᠯᠪᠢᠬᠤ ᠪᠠ ᠢᠯᠡᠴᠢᠯᠡᠨ ᠵᠠᠭ᠋ᠠᠯᠳᠤᠬᠤ ᠤᠳᠠᠰᠤ᠄
ᠬᠦᠯᠢᠶᠡᠨ ᠠᠪᠴᠤ ᠰᠢᠢ᠍ᠳᠪᠦᠷᠢᠯᠡᠬᠦ ᠬᠠᠶᠢᠭ᠄ ᠬᠦᠬᠡᠬᠤᠳᠠ ᠵᠢᠨ ᠰᠠᠢ᠌ᠬᠠᠨ ᠳᠤᠭᠤᠷᠢᠭ᠎ᠤᠨ ᠳᠡᠭᠦᠯᠢᠯ ᠵᠠᠮ᠎ᠤᠨ 39 ᠳ᠋ᠦ᠍ᠭᠡᠷ ᠨᠤᠮᠸᠷ᠎ᠤᠨ ᠦᠪᠦᠷ ᠮᠤᠩᠭᠤᠯ᠎ᠤᠨ ᠦᠪᠡᠷᠳᠡᠬᠡᠨ ᠵᠠᠰᠠᠬᠤ ᠤᠷᠤᠨ᠎ᠤ ᠤᠷᠴᠢᠨ ᠳᠤᠭᠤᠷᠢᠨ᠎ᠤ ᠬᠠᠮᠠᠭ᠋ᠠᠯᠠᠯᠳᠠ ᠵᠢᠨ ᠳᠢᠩᠭᠢᠮ
http://hbt.nmg.gov.cn/
ᠠᠩᠬᠠᠷᠬᠤ ᠵᠦᠢ᠍ᠯᠡᠰ᠄ ᠳᠠᠬᠯᠠᠨ ᠮᠡᠳᠡᠭᠦᠯᠬᠦ ᠨᠢᠬᠡᠴᠢ᠎ᠠᠴᠠ ᠳᠠᠬᠯᠠᠬᠰᠠᠨ ᠮᠡᠳᠡᠬᠡ ᠵᠠᠩᠭᠢ ᠵᠢᠨ ᠵᠶ᠋ᠠᠨ ᠦᠨᠡᠨ ᠪᠣᠳᠠᠲᠠᠢ ᠪᠥᠭᠡᠳ ᠣᠨᠣᠪᠴᠢᠲᠠᠢ ᠪᠠᠢ᠌ᠬᠤ ᠵᠢ ᠪᠠᠳᠤᠯᠠᠬᠤ ᠬᠡᠷᠡᠭᠳᠡᠢ᠃

ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠮᠢ ᠠᠬᠤᠢ ᠤᠷᠴᠢᠨ ᠲᠤᠭᠤᠷᠢᠨ᠎ᠤ ᠲᠢᠩᠬᠢᠮ
          
ᠬᠠᠮᠢᠶ᠎ᠡ ᠪᠦᠬᠦᠢ ᠰᠣᠨᠢᠨ
ᠰᠠᠴᠤᠷᠠᠮᠠᠬᠠᠢ ᠴᠢᠨᠠᠷᠲᠠᠢ ᠢᠵᠢᠯᠢ ᠪᠠᠢ᠌ᠷᠢᠳᠤ ᠡᠯᠸᠮᠸᠨ᠋ᠲ᠎ᠢ ᠰᠢᠯᠵᠢᠬᠦᠯᠦᠨ ᠦᠭᠭᠦ
ᠰᠠᠴᠤᠷᠠᠮᠠᠬᠠᠢ ᠴᠢᠨᠠᠷᠲᠠᠢ ᠢᠵᠢᠯᠢ ᠪᠠᠢ᠌ᠷᠢᠳᠤ ᠡᠯᠸᠮᠸᠨ᠋ᠲ᠎ᠢ ᠤᠨᠳᠤᠤ ᠭᠠᠵᠠᠷ ᠰᠢᠯᠵᠢᠬᠦᠯᠬᠦ᠂ ᠬᠠᠶᠠᠬᠳᠠᠮᠠᠯ ᠬᠠᠭᠤᠴᠢᠨ ᠰᠠᠴᠤᠷᠠᠭ ᠡᠬᠦᠰᠬᠡᠭᠴᠢ ᠵᠢ ᠬᠡᠷᠡᠭᠴᠡᠬᠡ᠎ᠠᠴᠠ ᠭᠠᠷᠭ᠋ᠠᠬᠤ᠂ ᠬᠤᠷᠢᠶᠠᠨ ᠬᠠᠳᠠᠭ᠋ᠠᠯᠠᠬᠤ (ᠪᠤᠴᠠᠭ᠋ᠠᠨ ᠠᠪᠬᠤ) ᠳᠤᠬᠠᠢ ᠪᠦᠷᠢᠳᠬᠡᠨ ᠳᠠᠩᠰᠠᠯᠠᠭᠤᠯᠬᠤ
ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠲᠤᠰᠬᠠᠢ ᠵᠦᠢ᠍ᠯ᠎ᠳᠤ ᠣᠯᠭᠣᠬᠤ ᠪᠡᠯᠡ ᠮᠥᠩᠭᠥ
ᠠᠶᠤᠯᠲᠠᠢ ᠬᠠᠶᠠᠭᠳᠠᠮᠠᠯ ᠡᠳ᠋᠎ᠢ ᠮᠤᠵᠢ ᠠᠯᠤᠰᠯᠠᠨ ᠰᠢᠯᠵᠢᠭᠦᠯᠬᠦ ᠵᠥᠪᠰᠢᠶᠡᠷᠡᠯ
ᠠᠶᠤᠯᠲᠠᠢ ᠬᠠᠶᠠᠭᠳᠠᠮᠠᠯ ᠡᠳ᠋᠎ᠤᠨ ᠡᠵᠡᠩᠨᠡᠯᠲᠡ ᠵᠢᠨ ᠵᠥᠪᠰᠢᠶᠡᠷᠡᠯ᠎ᠤᠨ ᠦᠨᠡᠮᠯᠡᠯ
 
             蒙ICP备05000248号