ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠠᠮᠢ ᠠᠬᠤᠢ᠎ᠶᠢᠨ ᠬᠠᠮᠠᠭᠠᠯᠠᠯᠲᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ
ᠪᠣᠬᠢᠷᠳᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ
ᠠᠮᠢ ᠠᠬᠤᠢ᠎ᠶᠢᠨ ᠬᠠᠮᠠᠭᠠᠯᠠᠯᠲᠠ   -   ᠠᠵᠢᠯ ᠶᠠᠪᠤᠳᠠᠯ ᠭᠦᠢᠴᠡᠳᠬᠡᠬᠦ᠌ ᠵᠦᠭᠯᠡᠭᠦᠷ
ᠠᠶᠤᠯᠲᠠᠢ ᠬᠠᠶᠠᠭᠳᠠᠮᠠᠯ ᠡᠳ᠋᠎ᠢ ᠮᠤᠵᠢ ᠠᠯᠤᠰᠯᠠᠨ ᠰᠢᠯᠵᠢᠭᠦᠯᠬᠦ ᠵᠥᠪᠰᠢᠶᠡᠷᠡᠯ
ᠨᠡᠶ᠋ᠢᠲᠡᠯᠡᠭᠰᠡᠨ ᠴᠠᠭ᠄ 2018-10-26

ᠳᠠᠬᠯᠠᠨ ᠮᠡᠳᠡᠬᠦᠯᠬᠦ ᠳᠤᠳᠤᠷᠬᠠᠢ᠌ᠯᠠᠯᠳᠠ᠄ ᠳᠠᠷᠠᠭ᠋ᠠᠬᠢ ᠱᠠᠭ᠋ᠠᠷᠳᠠᠯᠭ᠎ᠠ ᠶᠤᠰᠤᠭ᠋ᠠᠷ ᠳᠠᠬᠯᠠᠨ ᠮᠡᠳᠡᠬᠦᠯᠦᠨ᠎ᠡ
ᠬᠢᠨᠠᠨ ᠵᠦᠪᠰᠢᠶᠡᠷᠡᠬᠦ ᠵᠦᠢ᠍ᠯᠡᠰ᠄ ᠠᠶᠤᠯᠳᠠᠢ ᠬᠠᠶᠠᠭᠳᠠᠮᠠᠯ ᠡᠳ᠋᠎ᠢ ᠮᠤᠵᠢ ᠠᠯᠤᠰᠯᠠᠨ ᠰᠢᠯᠵᠢᠬᠦᠯᠬᠦ ᠵᠦᠪᠰᠢᠶᠡᠷᠡᠯ
ᠭᠤᠤᠯᠯᠠᠨ ᠡᠷᠬᠢᠯᠡᠬᠦ ᠪᠠᠢ᠌ᠭᠤᠯᠤᠮᠵᠢ᠄ ᠤᠷᠴᠢᠨ ᠳᠤᠭᠤᠷᠢᠨ᠎ᠤ ᠬᠠᠮᠠᠭ᠋ᠠᠯᠠᠯᠳᠠ ᠵᠢᠨ ᠳᠢᠩᠭᠢᠮ᠎ᠤᠨ ᠴᠦᠮ᠎ᠡ ᠪᠠ ᠰᠠᠴᠤᠷᠠᠭ᠎ᠤᠨ ᠠᠶᠤᠯᠬᠦᠢ ᠵᠢᠨ ᠬᠠᠮᠢᠶᠠᠷᠤᠯᠳᠠ ᠵᠢᠨ ᠭᠠᠵᠠᠷ
ᠬᠠᠤᠯᠢ ᠴᠠᠭ᠋ᠠᠵᠠ ᠬᠠᠤᠯᠢ ᠳᠤᠬᠳᠠᠭ᠋ᠠᠯ᠎ᠤᠨ ᠦᠨᠳᠦᠰᠦᠯᠡᠯ᠄
(ᠨᠢᠬᠡ) 《ᠪᠦᠬᠦᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠬᠠᠳᠠᠭᠤ ᠪᠡᠶᠡᠳᠤ ᠬᠠᠶᠠᠬᠳᠠᠮᠠᠯ ᠡᠳ᠋᠎ᠤᠨ ᠤᠷᠴᠢᠨ ᠳᠤᠭᠤᠷᠢᠨ᠎ᠤ ᠪᠣᠬᠢᠷᠲᠤᠯ᠎ᠢ ᠰᠡᠷᠬᠡᠢ᠌ᠯᠡᠨ ᠵᠠᠰᠠᠬᠤ ᠬᠠᠤᠯᠢ》 ᠵᠢᠨ ᠳᠠᠪᠢᠨ ᠶᠢᠰᠦᠳᠦᠬᠡᠷ ᠵᠦᠢ᠍ᠯ;
(ᠬᠤᠶᠠᠷ) 《ᠠᠶᠤᠯᠳᠠᠢ ᠬᠠᠶᠠᠬᠳᠠᠮᠠᠯ ᠡᠳ᠋᠎ᠢ ᠰᠢᠯᠵᠢᠬᠦᠯᠬᠦ ᠳᠤᠬᠠᠢ ᠬᠣᠯᠪᠣᠭ᠋ᠠᠲᠤ ᠬᠠᠭᠤᠳᠠᠰᠤ ᠵᠢᠨ ᠬᠠᠮᠢᠶᠠᠷᠤᠯᠳᠠ ᠵᠢᠨ ᠠᠷᠭ᠎ᠠ》
ᠬᠢᠨᠠᠨ ᠵᠦᠪᠰᠢᠶᠡᠷᠡᠬᠦ ᠬᠡᠪᠴᠢᠶ᠎ᠡ᠄ ᠮᠤᠵᠢ ᠵᠢᠨ ᠳᠡᠰ᠎ᠤᠨ ᠤᠷᠴᠢᠨ ᠳᠤᠭᠤᠷᠢᠨ᠎ᠤ ᠬᠠᠮᠠᠭ᠋ᠠᠯᠠᠯᠳᠠ ᠵᠢᠨ ᠰᠠᠯᠠᠭ᠎ᠠ ᠮᠦᠴᠢᠷ᠎ᠠᠴᠠ ᠬᠠᠤᠯᠢ ᠶᠤᠰᠤᠭ᠋ᠠᠷ ᠬᠡᠷᠡᠭᠵᠢᠬᠦᠯᠵᠦ ᠪᠠᠢ᠌ᠭ᠎ᠠ ᠠᠶᠤᠯᠳᠠᠢ ᠬᠠᠶᠠᠭᠳᠠᠮᠠᠯ ᠡᠳ᠋᠎ᠢ ᠮᠤᠵᠢ ᠠᠯᠤᠰᠯᠠᠨ ᠰᠢᠯᠵᠢᠬᠦᠯᠬᠦ ᠭᠤᠶᠤᠴᠢᠯᠠᠯ
ᠬᠢᠨᠠᠨ ᠵᠦᠪᠰᠢᠶᠡᠷᠡᠬᠦ ᠨᠦᠬᠦᠴᠡᠯ᠄
ᠵᠠᠷᠯᠠᠯ ᠨᠡᠢ᠌ᠳᠡᠯᠡᠯ ᠵᠢᠴᠢ ᠬᠠᠮᠤᠭ᠎ᠤᠨ ᠰᠢᠨ᠎ᠡ ᠮᠡᠳᠡᠬᠡ᠄ ᠲᠣᠪᠴᠢᠳᠠᠵᠤ ᠦᠵᠡᠬᠡᠷᠡᠢ
ᠬᠠᠮᠢᠶ᠎ᠠ ᠪᠦᠬᠦᠢ ᠪᠢᠴᠢᠭ ᠮᠠᠲᠸᠷᠢᠶᠠᠯ᠄ ᠠᠯᠠᠭ᠎ᠠ
ᠭᠤᠶᠤᠴᠢᠯᠠᠨ ᠮᠡᠳᠡᠬᠦᠯᠬᠦ ᠮᠠᠲᠸᠷᠢᠶᠠᠯ᠄
(ᠨᠢᠬᠡ) ᠰᠢᠯᠵᠢᠬᠦᠯᠦᠯᠳᠡ ᠬᠢᠬᠦ ᠬᠤᠶᠠᠷ ᠡᠳᠡᠬᠡᠳ᠎ᠤᠨ ᠡᠵᠡᠩᠨᠡᠯᠳᠡ ᠵᠢᠨ ᠦᠨᠡᠮᠯᠡᠯ ᠪᠠ ᠵᠤᠬᠢᠶᠠᠨ ᠪᠠᠢ᠌ᠭᠤᠯᠤᠬᠰᠠᠨ ᠳᠦᠯᠦᠬᠡᠨ᠎ᠤ ᠳ᠋ᠤᠭ᠋ᠠᠷ᠎ᠤᠨ ᠦᠨᠡᠮᠯᠡᠯ᠎ᠤᠨ ᠬᠠᠭᠤᠯᠪᠤᠷᠢ;
(ᠬᠤᠶᠠᠷ) ᠬᠦᠯᠢᠶᠡᠨ ᠠᠪᠬᠤ ᠨᠢᠬᠡᠴᠢ ᠵᠢᠨ ᠠᠶᠤᠯᠳᠠᠢ ᠬᠠᠶᠠᠭᠳᠠᠮᠠᠯ ᠡᠳ᠋᠎ᠤᠨ ᠡᠵᠡᠩᠨᠡᠯᠳᠡ ᠵᠢᠨ ᠵᠥᠪᠰᠢᠶᠡᠷᠡᠯ᠎ᠤᠨ ᠦᠨᠡᠮᠯᠡᠯ᠎ᠤᠨ ᠬᠠᠭᠤᠯᠪᠤᠷᠢ;
(ᠭᠤᠷᠪᠠ) ᠭᠠᠳᠠᠬᠰᠢ ᠰᠢᠯᠵᠢᠬᠦᠯᠬᠦ ᠨᠢᠬᠡᠴᠢ ᠪᠠ ᠬᠦᠯᠢᠶᠡᠨ ᠠᠪᠬᠤ ᠨᠢᠬᠡᠴᠢ ᠵᠢᠨ ᠡᠵᠡᠩᠨᠡᠯᠳᠡ ᠵᠢᠨ ᠬᠡᠷ᠎ᠡ ᠪᠤᠶᠤ ᠬᠡᠯᠡᠯᠴᠡᠬᠡᠷ᠎ᠤᠨ ᠬᠠᠭᠤᠯᠪᠤᠷᠢ;
(ᠳᠦᠷᠪᠡ) ᠠᠶᠤᠯᠳᠠᠢ ᠬᠠᠶᠠᠬᠳᠠᠮᠠᠯ ᠡᠳ᠋᠎ᠢ ᠵᠦᠬᠡᠬᠡᠪᠦᠷᠢᠯᠡᠬᠦ ᠨᠢᠬᠡᠴᠢ ᠵᠢᠨ ᠵᠠᠮ ᠳᠡᠬᠡᠬᠡᠪᠦᠷᠢ ᠵᠢᠨ ᠡᠵᠡᠩᠨᠡᠯᠳᠡ ᠵᠢᠨ ᠦᠨᠡᠮᠯᠡᠯ ᠪᠠ ᠵᠢᠯᠤᠭᠤᠴᠢ᠂ ᠳᠡᠬᠡᠬᠡᠪᠦᠷᠢ ᠬᠠᠷᠠᠭᠤᠯᠳᠠᠬ᠍ᠴᠢ ᠵᠢᠨ ᠬᠢᠷᠢ ᠬᠡᠮ ᠵᠢᠴᠢ ᠵᠦᠬᠡᠬᠡᠪᠦᠷᠢᠯᠡᠬᠦ ᠨᠢᠬᠡᠴᠢ ᠪᠤᠯᠤᠨ ᠨᠠᠢ᠌ᠳᠠᠬᠰᠠᠨ ᠲᠠᠯ᠎ᠠ ᠵᠢᠨ᠎ᠬᠢᠨ᠎ᠤ ᠳᠡᠬᠡᠬᠡᠪᠦᠷᠢ ᠵᠢᠨ ᠬᠡᠯᠡᠯᠴᠡᠬᠡᠷ ᠪᠤᠶᠤ ᠬᠡᠷ᠎ᠡ ᠵᠢᠨ ᠬᠠᠭᠤᠯᠪᠤᠷᠢ;
(ᠳᠠᠪᠤ) ᠠᠶᠤᠯᠳᠠᠢ ᠬᠠᠶᠠᠬᠳᠠᠮᠠᠯ ᠡᠳ᠋᠎ᠢ ᠵᠦᠬᠡᠬᠡᠪᠦᠷᠢᠯᠡᠬᠦ ᠵᠠᠮ ᠱᠤᠭᠤᠮ ᠪᠠ ᠵᠠᠮ ᠲᠤᠷᠰᠢ ᠭᠠᠷᠴᠤ ᠮᠡᠳᠡᠬᠦ ᠡᠨᠳᠡᠯ᠎ᠢ ᠪᠠᠴᠢᠮ ᠠᠷᠭ᠋ᠠᠴᠠᠭ᠋ᠠᠬᠤ ᠪᠡᠯᠡᠳᠬᠡᠯ ᠳᠦᠰᠦᠯ᠃
ᠭᠦᠢ᠍ᠴᠡᠳᠬᠡᠬᠦ ᠠᠯᠬᠤᠮ ᠳᠠᠷᠠᠭ᠋ᠠᠯᠠᠯ᠄
1. ᠭᠤᠶᠤᠴᠢᠯᠠᠬᠤ
ᠭᠤᠶᠤᠴᠢᠯᠠᠬ᠍ᠴᠢ ᠪᠦᠬᠦ ᠭᠤᠶᠤᠴᠢᠯᠠᠯ᠎ᠤᠨ ᠮᠠᠲᠸᠷᠢᠶᠠᠯ ᠵᠶ᠋ᠡᠨ ᠱᠠᠭ᠋ᠠᠷᠳᠠᠯᠭ᠎ᠠ ᠶᠤᠰᠤᠭ᠋ᠠᠷ ᠦᠪᠡᠷᠳᠡᠬᠡᠨ ᠵᠠᠰᠠᠬᠤ ᠤᠷᠤᠨ᠎ᠤ ᠤᠷᠴᠢᠨ ᠳᠤᠭᠤᠷᠢᠨ᠎ᠤ ᠬᠠᠮᠠᠭ᠋ᠠᠯᠠᠯᠳᠠ ᠵᠢᠨ ᠳᠢᠩᠭᠢᠮ᠎ᠳᠤ ᠳᠤᠰᠢᠶᠠᠨ᠎ᠠ᠃
2. ᠬᠢᠨᠠᠨ ᠪᠠᠢ᠌ᠴᠠᠭ᠋ᠠᠬᠤ
ᠭᠤᠶᠤᠴᠢᠯᠠᠬᠤ ᠨᠢᠬᠡᠴᠢ᠎ᠠᠴᠠ ᠭᠤᠶᠤᠴᠢᠯᠠᠯ᠎ᠤᠨ ᠮᠠᠲᠸᠷᠢᠶᠠᠯ ᠵᠶ᠋ᠡᠨ ᠦᠪᠦᠷ ᠮᠤᠩᠭᠤᠯ᠎ᠤᠨ ᠦᠪᠡᠷᠳᠡᠬᠡᠨ ᠵᠠᠰᠠᠬᠤ ᠤᠷᠤᠨ᠎ᠤ ᠬᠠᠳᠠᠭᠤ ᠪᠡᠶᠡᠳᠤ ᠬᠠᠶᠠᠭᠳᠠᠮᠠᠯ ᠡᠳ᠋᠎ᠤᠨ ᠬᠠᠮᠢᠶᠠᠷᠤᠯᠳᠠ ᠵᠢᠨ ᠮᠡᠳᠡᠬᠡ ᠵᠠᠩᠭᠢ ᠵᠢᠨ ᠰᠦᠯᠵᠢᠶ᠎ᠡ᠎ᠪᠠᠷ ᠳᠠᠮᠵᠢᠭᠤᠯᠤᠨ ᠳᠡᠬᠡᠭᠰᠢ ᠮᠡᠳᠡᠬᠦᠯᠵᠦ᠂ ᠦᠪᠡᠷᠳᠡᠬᠡᠨ ᠵᠠᠰᠠᠬᠤ ᠤᠷᠤᠨ᠎ᠤ ᠬᠠᠳᠠᠭᠤ ᠪᠡᠶᠡᠳᠤ ᠬᠠᠶᠠᠭᠳᠠᠮᠠᠯ ᠡᠳ᠋᠎ᠤᠨ ᠬᠠᠮᠢᠶᠠᠷᠤᠯᠳᠠ ᠵᠢᠨ ᠳᠦᠪ᠎ᠠᠴᠠ ᠬᠠᠤᠯᠢ ᠴᠠᠭ᠋ᠠᠵᠠ ᠬᠠᠤᠯᠢ ᠳᠤᠬᠳᠠᠭ᠋ᠠᠯ ᠶᠤᠰᠤᠭ᠋ᠠᠷ ᠮᠡᠷᠬᠡᠵᠢᠯ᠎ᠤᠨ ᠬᠢᠨᠠᠯᠳᠠ ᠬᠢᠨ᠎ᠡ᠃
3. ᠰᠢᠢ᠍ᠳᠪᠦᠷᠢ ᠭᠠᠷᠭ᠋ᠠᠬᠤ
ᠮᠡᠷᠬᠡᠵᠢᠯ᠎ᠤᠨ ᠬᠢᠨᠠᠯᠳᠠ ᠬᠢᠵᠦ ᠪᠠᠷᠠᠬᠰᠠᠨ᠎ᠤ ᠳᠠᠷᠠᠭ᠎ᠠ ᠬᠢᠨᠠᠯᠳᠠ ᠵᠢᠨ ᠮᠡᠳᠡᠬᠦᠯᠦᠯᠳᠡ᠎ᠪᠠᠨ ᠬᠤᠪᠢᠳᠠᠨ ᠬᠠᠮᠢᠶᠠᠷᠬᠤ ᠳᠢᠩᠭᠢᠮ᠎ᠤᠨ ᠳᠠᠷᠤᠭ᠎ᠠ ᠵᠢᠨ ᠠᠯᠪᠠᠯᠠᠬᠤ ᠬᠤᠷᠠᠯ᠎ᠳᠤ ᠳᠤᠰᠢᠶᠠᠨ ᠰᠤᠳᠤᠯᠤᠨ ᠶᠠᠷᠢᠯᠴᠠᠭᠤᠯᠵᠦ᠂ ᠨᠦᠬᠦᠴᠡᠯ᠎ᠳᠤ ᠨᠡᠢ᠌ᠴᠡᠭᠰᠡᠨ᠎ᠢ᠎ᠨᠢ ᠰᠢᠯᠵᠢᠬᠦᠯᠦᠯᠳᠡ ᠬᠢᠯᠬᠡᠬᠦ; ᠨᠥᠬᠥᠴᠡᠯ᠎ᠳᠤ ᠦᠯᠦ ᠨᠡᠢ᠌ᠴᠡᠭᠰᠡᠨ᠎ᠢ᠎ᠨᠢ ᠭᠤᠶᠤᠴᠢᠯᠠᠬ᠍ᠴᠢ᠎ᠳᠤ ᠪᠢᠴᠢᠭ ᠵᠶ᠋ᠠᠷ ᠮᠡᠳᠡᠭᠳᠡᠬᠦ ᠵᠢᠨ ᠬᠠᠮᠳᠤ ᠤᠴᠢᠷ ᠰᠢᠯᠳᠠᠭ᠋ᠠᠨ᠎ᠢ᠎ᠨᠢ ᠲᠣᠳᠣᠷᠬᠠᠢ᠌ᠯᠠᠨ᠎ᠠ᠃
ᠬᠦᠰᠦᠨᠦᠭ ᠪᠠᠭᠤᠯᠭ᠋ᠠᠬᠤ᠄ ᠡᠨᠳᠡ ᠲᠣᠪᠴᠢᠳᠠᠭ᠋ᠠᠷᠠᠢ
ᠥᠯᠢᠭᠡᠷ ᠬᠦᠰᠦᠨᠦᠭ᠎ᠢ ᠪᠠᠭᠤᠯᠭ᠋ᠠᠬᠤ᠄ ᠡᠨᠳᠡ ᠲᠣᠪᠴᠢᠳᠠᠭ᠋ᠠᠷᠠᠢ
ᠭᠦᠢ᠍ᠴᠡᠳᠬᠡᠬᠦ ᠴᠠᠭ᠄ ᠦᠪᠦᠷ ᠮᠤᠩᠭᠤᠯ᠎ᠤᠨ ᠦᠪᠡᠷᠳᠡᠬᠡᠨ ᠵᠠᠰᠠᠬᠤ ᠤᠷᠤᠨ᠎ᠤ ᠤᠷᠴᠢᠨ ᠳᠤᠭᠤᠷᠢᠨ᠎ᠤ ᠬᠠᠮᠠᠭ᠋ᠠᠯᠠᠯᠳᠠ ᠵᠢᠨ ᠳᠢᠩᠭᠢᠮ᠎ᠠᠴᠠ ᠰᠢᠯᠵᠢᠬᠦᠯᠦᠨ ᠤᠷᠤᠭᠤᠯᠬᠤ ᠭᠠᠵᠠᠷ᠎ᠤᠨ ᠤᠷᠴᠢᠨ ᠳᠤᠭᠤᠷᠢᠨ᠎ᠤ ᠬᠠᠮᠠᠭ᠋ᠠᠯᠠᠯᠳᠠ ᠵᠢᠨ ᠰᠠᠯᠠᠭ᠎ᠠ ᠮᠦᠴᠢᠷ᠎ᠤᠨ ᠵᠦᠪᠰᠢᠶᠡᠷᠡᠯ᠎ᠢ ᠲᠣᠰᠣᠭᠰᠠᠨ᠎ᠠᠴᠠ 20 ᠠᠵᠢᠯ᠎ᠤᠨ ᠡᠳᠦᠷ᠎ᠤᠨ ᠳᠤᠳᠤᠷ᠎ᠠ ᠵᠦᠪᠰᠢᠶᠡᠷᠡᠯ ᠦᠭᠭᠦ ᠰᠢᠢ᠍ᠳᠪᠦᠷᠢ ᠭᠠᠷᠭ᠋ᠠᠨ᠎ᠠ᠃
ᠳᠤᠭ᠎ᠠ ᠬᠡᠮᠵᠢᠶᠡᠨ᠎ᠤ ᠬᠢᠵᠠᠭ᠋ᠠᠷ᠄ ᠠᠯᠠᠭ᠎ᠠ
ᠰᠦᠢ᠍ᠳᠬᠡᠯ ᠬᠤᠷᠢᠶᠠᠬᠤ ᠲᠥᠷᠥᠯ ᠵᠦᠢ᠍ᠯ᠎ᠤᠨ ᠰᠦᠢ᠍ᠳᠬᠡᠯ ᠬᠤᠷᠢᠶᠠᠬᠤ ᠪᠠᠷᠢᠮᠵᠢᠶ᠎ᠠ᠄ ᠠᠯᠠᠭ᠎ᠠ
ᠭᠤᠶᠤᠴᠢᠯᠠᠯ᠎ᠤᠨ ᠬᠦᠰᠦᠨᠦᠭ᠎ᠤᠨ ᠨᠡᠷᠡᠢ᠌ᠳᠦᠯ ᠪᠠ ᠤᠯᠬᠤ ᠠᠷᠭ᠎ᠠ ᠬᠡᠯᠪᠡᠷᠢ᠄   ᠭᠤᠶᠤᠴᠢᠯᠠᠯ᠎ᠤᠨ ᠬᠦᠰᠦᠨᠦᠭᠳᠤ ᠪᠠᠢ᠌ᠬᠤ ᠦᠬᠡᠢ
ᠠᠰᠠᠭᠤᠨ ᠯᠠᠪᠯᠠᠬᠤ ᠤᠳᠠᠰᠤ᠄
 0471 — 4632074
 0471 — 4632394
ᠬᠢᠨᠠᠨ ᠬᠠᠮᠢᠶᠠᠷᠬᠤ ᠪᠠ ᠢᠯᠡᠴᠢᠯᠡᠨ ᠵᠠᠭ᠋ᠠᠯᠳᠤᠬᠤ ᠤᠳᠠᠰᠤ᠄
(ᠨᠢᠬᠡ) ᠠᠢ᠌ᠮᠠᠭ ᠬᠤᠳᠠ ᠪᠠ ᠬᠤᠰᠢᠭᠤ ᠰᠢᠶᠠᠨ ᠳᠤᠭᠤᠷᠢᠭ᠎ᠤᠨ ᠤᠷᠴᠢᠨ ᠳᠤᠭᠤᠷᠢᠨ᠎ᠤ ᠬᠠᠮᠠᠭ᠋ᠠᠯᠠᠯᠳᠠ ᠵᠢᠨ ᠰᠠᠯᠠᠭ᠎ᠠ ᠮᠦᠴᠢᠷ᠎ᠠᠴᠠ ᠬᠠᠮᠳᠤ᠎ᠪᠠᠷ ᠭᠤᠶᠤᠴᠢᠯᠠᠬ᠍ᠴᠢ᠎ᠳᠤ ᠬᠢᠨᠠᠨ ᠬᠠᠮᠢᠶᠠᠷᠤᠯᠳᠠ ᠶᠠᠪᠤᠭᠤᠯᠤᠨ᠎ᠠ᠃
(ᠬᠤᠶᠠᠷ) ᠦᠪᠡᠷᠳᠡᠬᠡᠨ ᠵᠠᠰᠠᠬᠤ ᠤᠷᠤᠨ᠎ᠤ ᠰᠠᠬᠢᠯᠭ᠎ᠠ ᠪᠠᠳᠤ ᠪᠠᠢ᠌ᠴᠠᠭ᠋ᠠᠬᠤ ᠬᠣᠷᠢᠶ᠎ᠠ ᠵᠢᠨ ᠬᠢᠨᠠᠨ ᠪᠠᠢ᠌ᠴᠠᠭ᠋ᠠᠬᠤ ᠳᠤᠪᠴᠢᠶ᠎ᠠ ᠵᠢᠨ ᠦᠪᠡᠷᠳᠡᠬᠡᠨ ᠵᠠᠰᠠᠬᠤ ᠤᠷᠤᠨ᠎ᠤ ᠤᠷᠴᠢᠨ ᠳᠤᠭᠤᠷᠢᠨ᠎ᠤ ᠬᠠᠮᠠᠭ᠋ᠠᠯᠠᠯᠳᠠ ᠵᠢᠨ ᠳᠢᠩᠭᠢᠮ᠎ᠳᠤ ᠰᠠᠭᠤᠭ᠎ᠠ ᠬᠢᠨᠠᠨ ᠪᠠᠢ᠌ᠴᠠᠭ᠋ᠠᠬᠤ ᠳᠠᠰᠤᠭ᠎ᠠᠴᠠ ᠵᠠᠰᠠᠭ ᠵᠠᠬᠢᠷᠭ᠋ᠠᠨ᠎ᠤ ᠵᠦᠪᠰᠢᠶᠡᠷᠡᠯ᠎ᠢ ᠬᠡᠷᠡᠭᠵᠢᠬᠦᠯᠵᠦ ᠪᠠᠢ᠌ᠭ᠎ᠠ ᠶᠠᠪᠤᠴᠠ ᠵᠢ ᠬᠢᠨᠠᠨ ᠪᠠᠢ᠌ᠴᠠᠭ᠋ᠠᠨ᠎ᠠ᠃
ᠢᠯᠡᠴᠢᠯᠡᠨ ᠵᠠᠭ᠋ᠠᠯᠳᠤᠬᠤ ᠤᠳᠠᠰᠤ᠄ 0471 — 4632238
ᠬᠦᠯᠢᠶᠡᠨ ᠠᠪᠴᠤ ᠰᠢᠢ᠍ᠳᠪᠦᠷᠢᠯᠡᠬᠦ ᠬᠠᠶᠢᠭ᠄
ᠦᠪᠡᠷᠳᠡᠬᠡᠨ ᠵᠠᠰᠠᠬᠤ ᠤᠷᠤᠨ᠎ᠤ ᠤᠷᠴᠢᠨ ᠳᠤᠭᠤᠷᠢᠨ᠎ᠤ ᠬᠠᠮᠠᠭ᠋ᠠᠯᠠᠯᠳᠠ ᠵᠢᠨ ᠳᠢᠩᠭᠢᠮ᠎ᠤᠨ ᠴᠦᠮ᠎ᠡ ᠪᠠ ᠰᠠᠴᠤᠷᠠᠭ᠎ᠤᠨ ᠠᠮᠤᠷ ᠲᠦᠪᠰᠢᠨ᠎ᠤ ᠬᠠᠮᠢᠶᠠᠷᠤᠯᠳᠠ ᠵᠢᠨ ᠭᠠᠵᠠᠷ᠎ᠤᠨ 1113 ᠳᠠᠰᠤᠭ (ᠭᠤᠶᠤᠴᠢᠯᠠᠬᠤ)
ᠦᠪᠡᠷᠳᠡᠬᠡᠨ ᠵᠠᠰᠠᠬᠤ ᠤᠷᠤᠨ᠎ᠤ ᠬᠠᠳᠠᠭᠤ ᠪᠡᠶᠡᠳᠤ ᠬᠠᠶᠠᠬᠳᠠᠮᠠᠯ ᠡᠳ᠋᠎ᠤᠨ ᠬᠠᠮᠢᠶᠠᠷᠤᠯᠳᠠ ᠵᠢᠨ ᠳᠦᠪ (ᠮᠡᠷᠬᠡᠵᠢᠯ᠎ᠤᠨ ᠬᠢᠨᠠᠨ ᠪᠠᠢ᠌ᠴᠠᠭ᠋ᠠᠯᠲᠠ)
ᠠᠩᠬᠠᠷᠬᠤ ᠵᠦᠢ᠍ᠯᠡᠰ᠄ ᠳᠠᠬᠯᠠᠨ ᠮᠡᠳᠡᠭᠦᠯᠬᠦ ᠨᠢᠬᠡᠴᠢ᠎ᠠᠴᠠ ᠳᠠᠬᠯᠠᠬᠰᠠᠨ ᠮᠡᠳᠡᠬᠡ ᠵᠠᠩᠭᠢ ᠵᠢᠨ ᠵᠶ᠋ᠠᠨ ᠦᠨᠡᠨ ᠪᠣᠳᠠᠲᠠᠢ ᠪᠥᠭᠡᠳ ᠣᠨᠣᠪᠴᠢᠲᠠᠢ ᠪᠠᠢ᠌ᠬᠤ ᠵᠢ ᠪᠠᠳᠤᠯᠠᠬᠤ ᠬᠡᠷᠡᠭᠳᠡᠢ

ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠮᠢ ᠠᠬᠤᠢ ᠤᠷᠴᠢᠨ ᠲᠤᠭᠤᠷᠢᠨ᠎ᠤ ᠲᠢᠩᠬᠢᠮ
          
ᠬᠠᠮᠢᠶ᠎ᠡ ᠪᠦᠬᠦᠢ ᠰᠣᠨᠢᠨ
ᠠᠶᠤᠯᠲᠠᠢ ᠬᠠᠶᠠᠭᠳᠠᠮᠠᠯ ᠡᠳ᠋᠎ᠤᠨ ᠡᠵᠡᠩᠨᠡᠯᠲᠡ ᠵᠢᠨ ᠵᠥᠪᠰᠢᠶᠡᠷᠡᠯ᠎ᠤᠨ ᠦᠨᠡᠮᠯᠡᠯ
ᠲᠥᠯᠥᠪᠵᠢᠭᠦᠯᠭᠡ ᠵᠢᠴᠢ ᠪᠦᠲᠦᠭᠡᠨ ᠪᠠᠢ᠌ᠭᠤᠯᠤᠯᠲᠠ ᠵᠢᠨ ᠲᠥᠷᠥᠯ ᠵᠦᠢ᠍ᠯ᠎ᠤᠨ ᠣᠷᠴᠢᠨ ᠲᠣᠭᠣᠷᠢᠨ᠎ᠤ ᠨᠥᠯᠥᠭᠡᠯᠡᠯ᠎ᠤᠨ ᠦᠨᠡᠯᠡᠯᠲᠡ
ᠪᠦᠲᠦᠭᠡᠨ ᠪᠠᠢ᠌ᠭᠤᠯᠤᠯᠲᠠ ᠵᠢᠨ ᠲᠥᠷᠥᠯ ᠵᠦᠢ᠍ᠯ᠎ᠤᠨ ᠣᠷᠴᠢᠨ ᠲᠣᠭᠣᠷᠢᠨ᠎ᠤ ᠨᠥᠯᠥᠭᠡᠯᠡᠯ᠎ᠤᠨ ᠦᠨᠡᠯᠡᠯᠲᠡ (ᠰᠠᠴᠤᠷᠠᠭ᠎ᠤᠨ ᠲᠥᠷᠥᠯ)
ᠪᠥᠳᠥᠭᠡᠨ ᠪᠠᠶ᠋ᠢᠭᠤᠯᠤᠯᠲᠠ ᠵᠢᠨ ᠲᠥᠷᠥᠯ ᠵᠦᠢ᠍ᠯ᠎ᠤᠨ ᠲᠠᠭᠤ ᠱᠤᠤᠭᠢᠶᠠᠨ ᠪᠠ ᠬᠠᠲᠠᠭᠤ ᠪᠡᠶᠡᠲᠦ ᠬᠠᠶᠠᠭᠳᠠᠮᠠᠯ ᠡᠳ᠋᠎ᠤᠨ ᠪᠣᠬᠢᠷᠲᠤᠯ᠎ᠢ ᠰᠡᠷᠭᠡᠶ᠋ᠢᠯᠡᠨ ᠵᠠᠰᠠᠬᠤ ᠪᠡᠯᠡᠳᠬᠡᠮᠵᠢ ᠵᠢᠨ ᠪᠠᠷᠢᠯᠭ᠎ᠠ ᠳᠠᠭᠤᠰᠤᠭᠰᠠᠨ᠎ᠤ ᠳᠠᠷᠠᠭ᠋ᠠᠬᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢ ᠰᠢᠯᠭ᠋ᠠᠨ ᠬᠤᠷᠢᠶᠠᠵᠤ ᠠᠪᠬᠤ
ᠮᠠᠨ᠎ᠤ ᠣᠷᠣᠨ 《ᠭᠤᠷᠪᠠᠨ ᠱᠤᠭᠤᠮ ᠨᠢᠭᠡ ᠲᠠᠩᠰᠠ》 ᠵᠢ ᠨᠠᠶ᠋ᠢᠷᠠᠭᠤᠯᠤᠨ ᠵᠣᠬᠢᠶᠠᠭᠰᠠᠨ ᠦᠷ᠎ᠡ ᠪᠦᠲᠦᠭᠡᠯ᠎ᠢ ᠨᠡᠶ᠋ᠢᠲᠡᠯᠡᠵᠦ᠂ ᠲᠠᠪᠤᠨ ᠱᠠᠲᠤᠨ᠎ᠤ ᠠᠮᠢ ᠠᠬᠤᠶ ᠣᠷᠴᠢᠨ ᠲᠣᠭᠣᠷᠢᠨ᠎ᠤ ᠵᠥᠪᠰᠢᠶᠡᠷᠡᠯ᠎ᠤᠨ ᠨᠠᠷᠢᠨ ᠲᠠᠩᠰᠠ ᠵᠢᠨ ᠬᠠᠮᠢᠶᠠᠷᠤᠨ ᠡᠵᠡᠮᠳᠡᠬᠦ ᠰᠢᠰᠲ᠋ᠧᠮᠵᠢ ᠵᠢ ᠬᠦᠴᠦᠯᠡᠨ ᠪᠠᠢ᠌ᠭᠤᠯᠵᠤ ᠪᠠᠢ᠌ᠨ᠎ᠠ
 
             蒙ICP备05000248号