ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠠᠮᠢ ᠠᠬᠤᠢ᠎ᠶᠢᠨ ᠬᠠᠮᠠᠭᠠᠯᠠᠯᠲᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ
ᠪᠣᠬᠢᠷᠳᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ
ᠠᠮᠢ ᠠᠬᠤᠢ᠎ᠶᠢᠨ ᠬᠠᠮᠠᠭᠠᠯᠠᠯᠲᠠ   -   ᠠᠵᠢᠯ ᠶᠠᠪᠤᠳᠠᠯ ᠭᠦᠢᠴᠡᠳᠬᠡᠬᠦ᠌ ᠵᠦᠭᠯᠡᠭᠦᠷ
ᠤᠷᠴᠢᠨ ᠳᠤᠭᠤᠷᠢᠨ᠎ᠤ ᠬᠠᠮᠠᠭ᠋ᠠᠯᠠᠯᠳᠠ ᠵᠢᠨ ᠰᠠᠯᠠᠭ᠎ᠠ ᠮᠦᠴᠢᠷ᠎ᠤᠨ ᠭᠣᠣᠯᠴᠢᠯᠠᠨ ᠬᠠᠮᠢᠶᠠᠷᠴᠤ ᠪᠠᠢ᠌ᠭ᠎ᠠ ᠤᠯᠤᠰ᠎ᠤᠨ ᠳᠡᠰ᠎ᠤᠨ ᠪᠠᠢ᠌ᠭ᠋ᠠᠯᠢ ᠵᠢᠨ ᠬᠠᠮᠠᠭ᠋ᠠᠯᠠᠯᠳᠠ ᠵᠢᠨ ᠤᠷᠤᠨ᠎ᠤ ᠭᠣᠣᠯ ᠣᠷᠣᠨ᠎ᠳᠤ ᠤᠷᠤᠬᠤ
ᠨᠡᠶ᠋ᠢᠲᠡᠯᠡᠭᠰᠡᠨ ᠴᠠᠭ᠄ 2018-09-19

ᠳᠠᠬᠯᠠᠨ ᠮᠡᠳᠡᠬᠦᠯᠬᠦ ᠳᠤᠳᠤᠷᠬᠠᠢ᠌ᠯᠠᠯᠳᠠ᠄ ᠳᠠᠷᠠᠭ᠋ᠠᠬᠢ ᠱᠠᠭ᠋ᠠᠷᠳᠠᠯᠭ᠎ᠠ ᠶᠤᠰᠤᠭ᠋ᠠᠷ ᠳᠠᠬᠯᠠᠨ ᠮᠡᠳᠡᠬᠦᠯᠦᠨ᠎ᠡ
ᠬᠢᠨᠠᠨ ᠵᠦᠪᠰᠢᠶᠡᠷᠡᠬᠦ ᠵᠦᠢ᠍ᠯᠡᠰ᠄ ᠤᠷᠴᠢᠨ ᠳᠤᠭᠤᠷᠢᠨ᠎ᠤ ᠬᠠᠮᠠᠭ᠋ᠠᠯᠠᠯᠳᠠ ᠵᠢᠨ ᠰᠠᠯᠠᠭ᠎ᠠ ᠮᠦᠴᠢᠷ᠎ᠤᠨ ᠭᠤᠤᠯᠯᠠᠨ ᠬᠠᠮᠢᠶᠠᠷᠴᠤ ᠪᠠᠢ᠌ᠭ᠎ᠠ ᠤᠯᠤᠰ᠎ᠤᠨ ᠳᠡᠰ᠎ᠤᠨ ᠪᠠᠢ᠌ᠭ᠋ᠠᠯᠢ ᠵᠢᠨ ᠬᠠᠮᠠᠭ᠋ᠠᠯᠠᠯᠳᠠ ᠵᠢᠨ ᠤᠷᠤᠨ᠎ᠤ ᠭᠣᠣᠯ ᠣᠷᠣᠨ᠎ᠳᠤ ᠤᠷᠤᠬᠤ
ᠭᠤᠤᠯᠯᠠᠨ ᠡᠷᠬᠢᠯᠡᠬᠦ ᠪᠠᠢ᠌ᠭᠤᠯᠤᠮᠵᠢ᠄ ᠦᠪᠦᠷ ᠮᠤᠩᠭᠤᠯ᠎ᠤᠨ ᠦᠪᠡᠷᠳᠡᠬᠡᠨ ᠵᠠᠰᠠᠬᠤ ᠤᠷᠤᠨ᠎ᠤ ᠤᠷᠴᠢᠨ ᠳᠤᠭᠤᠷᠢᠨ᠎ᠤ ᠬᠠᠮᠠᠭ᠋ᠠᠯᠠᠯᠳᠠ ᠵᠢᠨ ᠳᠢᠩᠭᠢᠮ᠎ᠤᠨ ᠪᠠᠢ᠌ᠭ᠋ᠠᠯᠢ ᠵᠢᠨ ᠠᠮᠢ ᠠᠬᠤᠢ ᠵᠢᠨ ᠬᠠᠮᠠᠭ᠋ᠠᠯᠠᠯᠳᠠ ᠵᠢᠨ ᠭᠠᠵᠠᠷ
ᠬᠠᠤᠯᠢ ᠴᠠᠭ᠋ᠠᠵᠠ ᠬᠠᠤᠯᠢ ᠳᠤᠬᠳᠠᠭ᠋ᠠᠯ᠎ᠤᠨ ᠦᠨᠳᠦᠰᠦᠯᠡᠯ᠄
1. 《ᠪᠦᠬᠦᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠪᠠᠢ᠌ᠭ᠋ᠠᠯᠢ ᠵᠢᠨ ᠬᠠᠮᠠᠭ᠋ᠠᠯᠠᠯᠳᠠ ᠵᠢᠨ ᠤᠷᠤᠨ᠎ᠤ ᠳᠦᠷᠢᠮ》 (1994 ᠤᠨ᠎ᠤ 10 ᠰᠠᠷ᠎ᠠ ᠵᠢᠨ ᠳᠦᠷᠦ ᠵᠢᠨ ᠶᠠᠪᠤᠳᠠᠯ᠎ᠤᠨ ᠬᠣᠷᠢᠶ᠎ᠠ ᠵᠢᠨ ᠵᠠᠷᠯᠢᠭ 167 ᠳ᠋ᠤᠭ᠋ᠠᠷ ᠳᠤᠭ᠋ᠠᠳᠤ)᠎ᠤᠨ ᠬᠤᠷᠢᠨ ᠳᠤᠯᠤᠳᠤᠭ᠋ᠠᠷ ᠵᠤᠷᠪᠤᠰ᠎ᠤᠨ ᠨᠢᠬᠡᠳᠦᠬᠡᠷ ᠵᠦᠢ᠍ᠯ᠎ᠳᠤ᠄ ᠶᠠᠮᠠᠷᠪᠠ ᠬᠦᠮᠦᠨ ᠪᠠᠢ᠌ᠭ᠋ᠠᠯᠢ ᠵᠢᠨ ᠬᠠᠮᠠᠭ᠋ᠠᠯᠠᠯᠳᠠ ᠵᠢᠨ ᠤᠷᠤᠨ᠎ᠤ ᠭᠣᠣᠯ ᠣᠷᠣᠨ᠎ᠳᠤ ᠤᠷᠤᠬᠤ ᠵᠢ ᠴᠠᠭ᠋ᠠᠵᠠᠯᠠᠨ᠎ᠠ᠃ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠬᠡᠷᠡᠭᠴᠡᠬᠡ᠎ᠪᠠᠷ ᠵᠠᠪᠠᠯ ᠭᠣᠣᠯ ᠣᠷᠣᠨ᠎ᠳᠤ ᠤᠷᠤᠵᠦ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠠᠵᠢᠬᠯᠠᠯᠳᠠ ᠬᠡᠮᠵᠢᠯᠳᠠ ᠪᠠ ᠪᠠᠢ᠌ᠴᠠᠭ᠋ᠠᠯᠳᠠ ᠵᠢᠨ ᠠᠵᠢᠯᠯᠠᠭ᠎ᠠ ᠬᠢᠬᠦ ᠴᠢᠬᠤᠯᠠᠳᠠᠢ ᠪᠤᠯ ᠤᠷᠢᠳ ᠵᠶ᠋ᠡᠷ ᠪᠠᠢ᠌ᠭ᠋ᠠᠯᠢ ᠵᠢᠨ ᠬᠠᠮᠠᠭ᠋ᠠᠯᠠᠯᠳᠠ ᠵᠢᠨ ᠤᠷᠤᠨ᠎ᠤ ᠬᠠᠮᠢᠶᠠᠷᠤᠯᠳᠠ ᠵᠢᠨ ᠪᠠᠢ᠌ᠭᠤᠯᠤᠮᠵᠢ᠎ᠳᠤ ᠭᠤᠶᠤᠴᠢᠯᠠᠯ ᠪᠠ ᠠᠵᠢᠯᠯᠠᠭ᠋ᠠᠨ᠎ᠤ ᠳᠦᠯᠦᠪᠯᠡᠬᠡ᠎ᠪᠠᠨ ᠳᠤᠰᠢᠶᠠᠵᠦ᠂ ᠮᠤᠵᠢ ᠵᠢᠨ ᠳᠡᠰ᠎ᠠᠴᠠ ᠳᠡᠬᠡᠭᠰᠢᠬᠢ ᠠᠷᠠᠳ᠎ᠤᠨ ᠵᠠᠰᠠᠭ᠎ᠤᠨ ᠤᠷᠳᠤᠨ᠎ᠤ ᠪᠠᠢ᠌ᠭ᠋ᠠᠯᠢ ᠵᠢᠨ ᠬᠠᠮᠠᠭ᠋ᠠᠯᠠᠯᠳᠠ ᠵᠢᠨ ᠤᠷᠤᠨ᠎ᠤ ᠬᠠᠮᠢᠶ᠎ᠠ ᠪᠦᠬᠦᠢ ᠵᠠᠰᠠᠭ ᠵᠠᠬᠢᠷᠭ᠋ᠠᠨ᠎ᠤ ᠭᠣᠣᠯᠴᠢᠯᠠᠨ ᠬᠠᠮᠢᠶᠠᠷᠬᠤ ᠰᠠᠯᠠᠭ᠎ᠠ ᠮᠦᠴᠢᠷ ᠵᠶ᠋ᠡᠷ ᠵᠦᠪᠰᠢᠶᠡᠷᠡᠬᠦᠯᠬᠦ ᠬᠡᠷᠡᠭᠳᠡᠢ; ᠡᠬᠦᠨ᠎ᠳᠤ ᠤᠯᠤᠰ᠎ᠤᠨ ᠳᠡᠰ᠎ᠤᠨ ᠪᠠᠢ᠌ᠭ᠋ᠠᠯᠢ ᠵᠢᠨ ᠬᠠᠮᠠᠭ᠋ᠠᠯᠠᠯᠳᠠ ᠵᠢᠨ ᠤᠷᠤᠨ᠎ᠤ ᠭᠣᠣᠯ ᠣᠷᠣᠨ᠎ᠳᠤ ᠤᠷᠤᠪᠠᠯ ᠡᠷᠬᠡᠪᠰᠢ ᠳᠦᠷᠦ ᠵᠢᠨ ᠶᠠᠪᠤᠳᠠᠯ᠎ᠤᠨ ᠬᠣᠷᠢᠶ᠎ᠠ ᠵᠢᠨ ᠪᠠᠢ᠌ᠭ᠋ᠠᠯᠢ ᠵᠢᠨ ᠬᠠᠮᠠᠭ᠋ᠠᠯᠠᠯᠳᠠ ᠵᠢᠨ ᠤᠷᠤᠨ᠎ᠤ ᠬᠠᠮᠢᠶ᠎ᠠ ᠪᠦᠬᠦᠢ ᠵᠠᠰᠠᠭ ᠵᠠᠬᠢᠷᠭ᠋ᠠᠨ᠎ᠤ ᠭᠣᠣᠯᠴᠢᠯᠠᠨ ᠬᠠᠮᠢᠶᠠᠷᠬᠤ ᠰᠠᠯᠠᠭ᠎ᠠ ᠮᠦᠴᠢᠷ ᠵᠶ᠋ᠡᠷ ᠵᠦᠪᠰᠢᠶᠡᠷᠡᠬᠦᠯᠬᠦ ᠬᠡᠷᠡᠭᠳᠡᠢ᠃
2. 《ᠳᠦᠷᠦ ᠵᠢᠨ ᠶᠠᠪᠤᠳᠠᠯ᠎ᠤᠨ ᠬᠣᠷᠢᠶ᠎ᠠ ᠵᠢᠨ ᠭᠤᠷᠪᠠᠳᠤᠭ᠋ᠠᠷ ᠪᠦᠯᠦᠭ ᠵᠠᠰᠠᠭ ᠵᠠᠬᠢᠷᠭ᠋ᠠᠨ᠎ᠤ ᠬᠢᠨᠠᠨ ᠵᠦᠪᠰᠢᠶᠡᠷᠡᠬᠦ ᠳᠦᠷᠦᠯ ᠵᠦᠢ᠍ᠯ᠎ᠢ ᠬᠦᠴᠦᠨ ᠦᠬᠡᠢ ᠪᠤᠯᠭ᠋ᠠᠬᠤ ᠪᠠ ᠳᠤᠬᠢᠷᠠᠭᠤᠯᠬᠤ ᠳᠤᠬᠠᠢ ᠰᠢᠢ᠍ᠳᠪᠦᠷᠢ》 (ᠤᠯᠤᠰ ᠳᠠᠷᠬᠠᠭ᠋ᠠᠭᠰᠠᠨ [2004] 16 ᠳ᠋ᠤᠭ᠋ᠠᠷ ᠳᠤᠭ᠋ᠠᠳᠤ)
ᠬᠢᠨᠠᠨ ᠵᠦᠪᠰᠢᠶᠡᠷᠡᠬᠦ ᠬᠡᠪᠴᠢᠶ᠎ᠡ᠄ ᠤᠷᠴᠢᠨ ᠳᠤᠭᠤᠷᠢᠨ᠎ᠤ ᠬᠠᠮᠠᠭ᠋ᠠᠯᠠᠯᠳᠠ ᠵᠢᠨ ᠰᠠᠯᠠᠭ᠎ᠠ ᠮᠦᠴᠢᠷ᠎ᠤᠨ ᠬᠠᠮᠢᠶᠠᠷᠴᠤ ᠪᠠᠢ᠌ᠭ᠎ᠠ ᠤᠯᠤᠰ᠎ᠤᠨ ᠳᠡᠰ᠎ᠤᠨ ᠪᠠᠢ᠌ᠭ᠋ᠠᠯᠢ ᠵᠢᠨ ᠬᠠᠮᠠᠭ᠋ᠠᠯᠠᠯᠳᠠ ᠵᠢᠨ ᠤᠷᠤᠨ᠎ᠤ ᠭᠣᠣᠯ ᠣᠷᠣᠨ᠎ᠳᠤ ᠤᠷᠤᠵᠦ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠠᠵᠢᠯ ᠦᠷᠨᠢᠬᠦᠯᠬᠦ᠎ᠪᠠᠷ ᠭᠤᠶᠤᠴᠢᠯᠠᠬᠰᠠᠨ ᠨᠢᠬᠡᠴᠢ ᠪᠠ ᠬᠤᠪᠢ ᠬᠦᠮᠦᠨ᠃
ᠬᠢᠨᠠᠨ ᠵᠦᠪᠰᠢᠶᠡᠷᠡᠬᠦ ᠨᠦᠬᠦᠴᠡᠯ᠄
1. ᠪᠠᠢ᠌ᠭ᠋ᠠᠯᠢ ᠵᠢᠨ ᠬᠠᠮᠠᠭ᠋ᠠᠯᠠᠯᠳᠠ ᠵᠢᠨ ᠤᠷᠤᠨ᠎ᠤ ᠭᠣᠣᠯ ᠣᠷᠣᠨ᠎ᠳᠤ ᠤᠷᠤᠬᠤ᠎ᠳᠤ ᠵᠠᠷᠴᠢᠮ ᠳᠡᠬᠡᠷ᠎ᠡ᠎ᠪᠠᠨ ᠵᠦᠪᠬᠡᠨ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠠᠵᠢᠬᠯᠠᠯᠳᠠ ᠬᠡᠮᠵᠢᠯᠳᠠ ᠪᠠ ᠪᠠᠢ᠌ᠴᠠᠭ᠋ᠠᠯᠳᠠ ᠵᠢᠨ ᠠᠵᠢᠯᠯᠠᠭ᠎ᠠ ᠬᠢᠬᠦ ᠵᠢ ᠵᠦᠪᠰᠢᠶᠡᠷᠡᠨ᠎ᠡ᠃ ᠬᠠᠤᠯᠢ ᠴᠠᠭ᠋ᠠᠵᠠ ᠳᠦᠷᠢᠮ ᠲᠣᠭᠲᠠᠭ᠋ᠠᠯ᠎ᠤᠨ ᠪᠤᠰᠤᠳ ᠳᠤᠬᠳᠠᠭ᠋ᠠᠯ᠎ᠠᠴᠠ ᠭᠠᠳᠠᠨ᠎ᠠ ᠪᠠᠢ᠌ᠭ᠋ᠠᠯᠢ ᠵᠢᠨ ᠬᠠᠮᠠᠭ᠋ᠠᠯᠠᠯᠳᠠ ᠵᠢᠨ ᠤᠷᠤᠨ᠎ᠤ ᠭᠣᠣᠯ ᠣᠷᠣᠨ᠎ᠳᠤ ᠮᠤᠳᠤ ᠤᠬᠳᠤᠯᠬᠤ᠂ ᠮᠠᠯᠵᠢᠬᠤ᠂ ᠠᠩᠨᠠᠬᠤ᠂ ᠡᠮ ᠳᠡᠬᠦᠬᠦ᠂ ᠳᠦᠢ᠍ᠮᠡᠷᠳᠡᠬᠦ᠂ ᠦᠯᠢᠬᠡᠷ ᠳᠦᠷᠢ ᠳᠡᠬᠦᠵᠦ ᠡᠳ᠋ᠰᠢᠬᠦᠯᠬᠦ ᠮᠡᠳᠦ ᠵᠢᠨ ᠪᠠᠢ᠌ᠭ᠋ᠠᠯᠢ ᠵᠢᠨ ᠬᠠᠮᠠᠭ᠋ᠠᠯᠠᠯᠳᠠ ᠵᠢᠨ ᠤᠷᠤᠨ᠎ᠤ ᠭᠣᠣᠯ ᠤᠷᠤᠨ᠎ᠤ ᠤᠷᠴᠢᠨ ᠳᠤᠭᠤᠷᠢᠨ᠎ᠢ ᠨᠦᠯᠦᠬᠡᠯᠡᠬᠦ ᠡᠪᠳᠡᠯᠡᠬᠡ ᠵᠢᠨ ᠴᠢᠨᠠᠷᠳᠠᠢ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠠᠵᠢᠯᠯᠠᠭ᠎ᠠ ᠬᠢᠵᠦ ᠪᠤᠯᠬᠤ ᠦᠬᠡᠢ᠃
2. ᠬᠠᠤᠯᠢ ᠴᠠᠭ᠋ᠠᠵᠠ ᠳᠦᠷᠢᠮ ᠲᠣᠭᠲᠠᠭ᠋ᠠᠯ᠎ᠤᠨ ᠪᠤᠰᠤᠳ ᠳᠤᠬᠳᠠᠭ᠋ᠠᠯ᠎ᠠᠴᠠ ᠭᠠᠳᠠᠨ᠎ᠠ ᠬᠠᠷᠢ ᠭᠠᠷᠤᠯᠳᠠᠢ ᠳᠦᠷᠰᠦ ᠵᠢ ᠤᠷᠤᠭᠤᠯᠬᠤ ᠪᠤᠶᠤ ᠤᠷᠤᠭᠤᠯᠬᠤ ᠪᠤᠯᠤᠯᠴᠠᠭ᠎ᠠ᠎ᠲᠠᠢ᠂ ᠭᠧᠨ᠎ᠢ᠎ᠨᠢ ᠬᠤᠪᠢᠷᠠᠭᠤᠯᠬᠤ ᠳᠤᠷᠰᠢᠯᠳᠠ ᠵᠡᠷᠬᠡ ᠪᠠᠢ᠌ᠭ᠋ᠠᠯᠢ ᠵᠢᠨ ᠬᠠᠮᠠᠭ᠋ᠠᠯᠠᠯᠳᠠ ᠵᠢᠨ ᠤᠷᠤᠨ᠎ᠳᠤ ᠬᠦᠨᠳᠦ ᠶᠡᠬᠡ ᠤᠷᠴᠢᠨ ᠳᠤᠭᠤᠷᠢᠨ᠎ᠤ ᠳᠦᠭᠰᠢᠬᠦᠷᠢ ᠠᠪᠴᠢᠷᠠᠬᠤ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠠᠵᠢᠯᠯᠠᠭ᠎ᠠ ᠬᠢᠵᠦ ᠪᠤᠯᠬᠤ ᠦᠬᠡᠢ᠂ ᠪᠠᠢ᠌ᠭ᠋ᠠᠯᠢ ᠵᠢᠨ ᠬᠠᠮᠠᠭ᠋ᠠᠯᠠᠯᠳᠠ ᠵᠢᠨ ᠤᠷᠤᠨ᠎ᠤ ᠭᠣᠣᠯ ᠣᠷᠣᠨ᠎ᠳᠤ ᠪᠤᠬᠢᠷᠳᠤᠯ ᠡᠬᠦᠰᠬᠡᠬᠦ᠂ ᠠᠮᠢ ᠠᠬᠤᠢ ᠵᠢ ᠡᠪᠳᠡᠬᠦ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠪᠡᠯᠡᠳᠬᠡᠮᠵᠢ ᠪᠠᠢ᠌ᠭᠤᠯᠵᠦ ᠪᠤᠯᠬᠤ ᠦᠬᠡᠢ᠃
3. ᠪᠤᠢ ᠪᠤᠯᠭ᠋ᠠᠭᠰᠠᠨ ᠤᠷᠴᠢᠨ ᠳᠤᠭᠤᠷᠢᠨ᠎ᠤ ᠨᠦᠯᠦᠬᠡ᠎ᠨᠢ ᠬᠦᠩᠭᠡᠨ᠂ ᠰᠡᠷᠬᠦᠬᠡᠵᠦ ᠪᠤᠯᠬᠤᠢ᠌ᠴᠠ᠃
4. ᠤᠯᠤᠰ ᠪᠠ ᠦᠪᠡᠷᠳᠡᠬᠡᠨ ᠵᠠᠰᠠᠬᠤ ᠤᠷᠤᠨ᠎ᠤ ᠬᠣᠯᠪᠣᠭᠳᠠᠯ ᠪᠦᠬᠦᠢ ᠬᠠᠤᠯᠢ ᠴᠠᠭ᠋ᠠᠵᠠ ᠳᠦᠷᠢᠮ ᠲᠣᠭᠲᠠᠭ᠋ᠠᠯ᠎ᠠᠴᠠ ᠵᠦᠷᠢᠴᠡᠵᠦ ᠪᠤᠯᠬᠤ ᠦᠬᠡᠢ᠃
ᠵᠠᠷᠯᠠᠯ ᠨᠡᠢ᠌ᠳᠡᠯᠡᠯ ᠵᠢᠴᠢ ᠬᠠᠮᠤᠭ᠎ᠤᠨ ᠰᠢᠨ᠎ᠡ ᠮᠡᠳᠡᠬᠡ᠄ ᠳᠤᠪᠴᠢᠳᠠᠵᠦ ᠦᠵᠡᠬᠡᠷᠡᠢ
ᠬᠠᠮᠢᠶ᠎ᠠ ᠪᠦᠬᠦᠢ ᠮᠠᠲᠸᠷᠢᠶᠠᠯ᠄ ᠠᠯᠠᠭ᠎ᠠ
ᠭᠤᠶᠤᠴᠢᠯᠠᠨ ᠮᠡᠳᠡᠬᠦᠯᠬᠦ ᠮᠠᠲᠸᠷᠢᠶᠠᠯ᠄
1. ᠭᠤᠶᠤᠴᠢᠯᠠᠬᠤ ᠨᠢᠬᠡᠴᠢ ᠪᠤᠶᠤ ᠭᠤᠶᠤᠴᠢᠯᠠᠭᠴᠢ ᠵᠢᠨ ᠪᠢᠴᠢᠭ ᠵᠶ᠋ᠡᠷ ᠳᠤᠰᠢᠶᠠᠬᠰᠠᠨ ᠭᠤᠶᠤᠴᠢᠯᠠᠯ (1 ᠶᠠᠩᠵᠦ ᠵᠢᠨ 3 ᠬᠤᠪᠢ ᠭᠤᠶᠤᠴᠢᠯᠠᠯ)
2. ᠰᠤᠳᠤᠯᠭ᠋ᠠᠨ᠎ᠤ ᠠᠵᠢᠯᠲᠠᠳ᠎ᠤᠨ ᠠᠵᠢᠯᠯᠠᠵᠦ ᠪᠠᠢ᠌ᠭ᠎ᠠ ᠨᠢᠬᠡᠴᠢ ᠵᠢᠨ ᠳᠠᠨᠢᠯᠴᠠᠭᠤᠯᠭ᠎ᠠ ᠵᠢᠨ ᠪᠢᠴᠢᠭ᠃
3. 《ᠨᠢᠬᠡᠴᠢ᠂ ᠬᠤᠪᠢ ᠬᠦᠮᠦᠨ᠎ᠤ ᠤᠯᠤᠰ᠎ᠤᠨ ᠳᠡᠰ᠎ᠤᠨ ᠪᠠᠢ᠌ᠭ᠋ᠠᠯᠢ ᠵᠢᠨ ᠬᠠᠮᠠᠭ᠋ᠠᠯᠠᠯᠳᠠ ᠵᠢᠨ ᠤᠷᠤᠨ᠎ᠤ ᠭᠣᠣᠯ ᠣᠷᠣᠨ᠎ᠳᠤ ᠤᠷᠤᠬᠤ ᠵᠢ ᠵᠦᠪᠰᠢᠶᠡᠷᠡᠭᠰᠡᠨ ᠬᠦᠰᠦᠨᠦᠭ》
4. ᠲᠤᠬᠠᠢ᠌ᠲᠠᠢ ᠬᠦᠮᠦᠨ᠎ᠤ ᠤᠷᠴᠢᠨ ᠳᠤᠭᠤᠷᠢᠨ᠎ᠤ ᠬᠠᠮᠠᠭ᠋ᠠᠯᠠᠯᠳᠠ ᠵᠢᠨ ᠰᠠᠯᠠᠭ᠎ᠠ ᠮᠦᠴᠢᠷ᠎ᠠᠴᠠ ᠬᠠᠮᠢᠶᠠᠷᠴᠤ ᠪᠠᠢ᠌ᠭ᠎ᠠ ᠤᠯᠤᠰ᠎ᠤᠨ ᠳᠡᠰ᠎ᠤᠨ ᠪᠠᠢ᠌ᠭ᠋ᠠᠯᠢ ᠵᠢᠨ ᠬᠠᠮᠠᠭ᠋ᠠᠯᠠᠯᠳᠠ ᠵᠢᠨ ᠤᠷᠤᠨ᠎ᠳᠤ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠠᠵᠢᠯᠯᠠᠭ᠎ᠠ ᠦᠷᠨᠢᠬᠦᠯᠬᠦ᠎ᠪᠠᠷ ᠪᠠᠢ᠌ᠭ᠎ᠠ ᠳᠦᠯᠦᠪᠯᠡᠬᠡ (ᠰᠤᠳᠤᠯᠭ᠋ᠠᠨ᠎ᠤ ᠳᠦᠷᠦᠯ ᠵᠦᠢ᠍ᠯ᠎ᠤᠨ ᠢᠷᠡᠯᠳᠡ᠂ ᠰᠤᠳᠤᠯᠬᠤ ᠠᠭᠤᠯᠭ᠎ᠠ᠂ ᠭᠠᠵᠠᠷ᠂ ᠵᠠᠮ ᠱᠤᠭᠤᠮ᠂ ᠬᠦᠮᠦᠨ᠎ᠤ ᠳᠤᠭ᠎ᠠ᠂ ᠴᠠᠭ ᠪᠠ ᠬᠤᠭᠤᠴᠠᠭ᠎ᠠ ᠵᠡᠷᠬᠡ᠂ 1 ᠶᠠᠩᠵᠦ ᠵᠢᠨ 3 ᠬᠤᠪᠢ ᠮᠠᠲ᠋ᠧᠷᠢᠶᠠᠯ)
5. ᠤᠷᠳᠤ ᠬᠤᠭᠤᠴᠠᠭ᠎ᠠ ᠰᠤᠳᠤᠯᠭ᠋ᠠᠨ ᠬᠢᠬᠦ᠎ᠳᠤ (ᠬᠠᠭ᠋ᠠᠰ ᠵᠢᠯ᠎ᠠᠴᠠ ᠳᠡᠬᠡᠭᠰᠢ) ᠪᠠᠢ᠌ᠭ᠋ᠠᠯᠢ ᠵᠢᠨ ᠬᠠᠮᠠᠭ᠋ᠠᠯᠠᠯᠳᠠ ᠵᠢᠨ ᠤᠷᠤᠨ᠎ᠯᠤᠭ᠎ᠠ ᠳᠤᠬᠳᠠᠭ᠋ᠠᠭᠰᠠᠨ ᠬᠠᠮᠳᠤᠷᠠᠨ ᠠᠵᠢᠯᠯᠠᠬᠤ ᠬᠡᠯᠡᠯᠴᠡᠬᠡᠷ ᠲᠤᠰᠢᠶᠠᠬᠤ ᠬᠡᠷᠡᠭᠲᠡᠢ (ᠬᠤᠶᠠᠷ ᠡᠳᠡᠬᠡᠳ᠎ᠤᠨ ᠬᠠᠮᠳᠤᠷᠠᠨ ᠠᠵᠢᠯᠯᠠᠬᠤ ᠬᠡᠪᠴᠢᠶ᠎ᠡ᠂ ᠡᠷᠬᠡ᠂ ᠡᠬᠦᠷᠬᠡ᠂ ᠰᠤᠳᠤᠯᠭ᠋ᠠᠨ᠎ᠤ ᠳᠦᠷᠦᠯ ᠵᠦᠢ᠍ᠯ᠎ᠤᠨ ᠬᠠᠮᠢᠶᠠᠷᠤᠯᠳᠠ ᠵᠢᠨ ᠠᠷᠭ᠎ᠠ ᠮᠠᠶᠢᠭ ᠵᠡᠷᠬᠡ)
6. ᠰᠤᠳᠤᠯᠭ᠋ᠠᠨ᠎ᠤ ᠳᠦᠷᠦᠯ ᠵᠦᠢ᠍ᠯ᠎ᠤᠨ ᠡᠬᠦᠷᠬᠡ ᠳᠠᠭ᠋ᠠᠭ᠋ᠠᠯᠭ᠋ᠠᠭᠰᠠᠨ ᠬᠦᠴᠦᠨ ᠪᠦᠬᠦᠢ ᠮᠡᠳᠡᠭᠳᠡᠯ ᠪᠤᠶᠤ ᠳᠠᠭ᠋ᠠᠭ᠋ᠠᠯᠭ᠋ᠠᠪᠤᠷᠢ ᠵᠢᠨ ᠪᠢᠴᠢᠭ᠃
ᠬᠦᠢ᠍ᠴᠡᠳᠬᠡᠬᠦ ᠠᠯᠬᠤᠮ ᠳᠠᠷᠠᠭ᠋ᠠᠯᠠᠯ᠄
(ᠨᠢᠬᠡ) ᠬᠦᠯᠢᠶᠠᠨ ᠠᠪᠴᠤ ᠭᠦᠢ᠍ᠴᠡᠳᠬᠡᠬᠦ
ᠬᠦᠯᠢᠶᠡᠨ ᠠᠪᠴᠤ ᠭᠦᠢ᠍ᠴᠡᠳᠬᠡᠭᠴᠢ᠎ᠠᠴᠠ ᠬᠠᠤᠯᠢ᠎ᠪᠠᠷ ᠲᠣᠭᠲᠠᠭ᠋ᠠᠭᠰᠠᠨ ᠬᠡᠯᠪᠡᠷᠢ᠎ᠪᠠᠷ ᠭᠤᠶᠤᠴᠢᠯᠠᠬᠰᠠᠨ ᠮᠠᠲᠸᠷᠢᠶᠠᠯ᠎ᠳᠤ ᠬᠢᠨᠠᠯᠲᠠ ᠪᠠᠢ᠌ᠴᠠᠭ᠋ᠠᠯᠲᠠ ᠬᠢᠵᠦ᠂ ᠭᠤᠶᠤᠴᠢᠯᠠᠭᠰᠠᠨ ᠮᠠᠲ᠋ᠧᠷᠢᠶᠠᠯ᠎ᠤᠨ ᠪᠦᠷᠢᠨ ᠭᠦᠴᠢᠡᠳ ᠡᠰᠡᠬᠦ᠂ ᠱᠠᠭ᠋ᠠᠷᠳᠠᠯᠭ᠎ᠠ᠎ᠳᠤ ᠨᠡᠢ᠌ᠴᠡᠬᠦ ᠡᠰᠡᠬᠦ ᠵᠢ ᠬᠢᠨᠠᠨ ᠪᠠᠢ᠌ᠴᠠᠭ᠋ᠠᠨ᠎ᠠ; ᠡᠭᠦᠨ᠎ᠤ ᠬᠠᠮᠲᠤ 《ᠪᠦᠬᠦᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠵᠠᠰᠠᠭ ᠵᠠᠬᠢᠷᠭ᠋ᠠᠨ᠎ᠤ ᠵᠦᠪᠰᠢᠶᠡᠷᠡᠯ᠎ᠤᠨ ᠬᠠᠤᠯᠢ》 ᠵᠢᠨ ᠭᠤᠴᠢᠨ ᠬᠤᠶᠠᠳᠤᠭ᠋ᠠᠷ ᠵᠤᠷᠪᠤᠰ᠎ᠤᠨ ᠳᠤᠬᠳᠠᠭ᠋ᠠᠯ᠎ᠢ ᠦᠨᠳᠦᠰᠦᠯᠡᠨ ᠳᠤᠰ ᠳᠤᠰ ᠰᠢᠢ᠍ᠳᠪᠦᠷᠢᠯᠡᠨ᠎ᠡ᠃
(ᠬᠤᠶᠠᠷ) ᠬᠢᠨᠠᠨ ᠵᠦᠪᠰᠢᠶᠡᠷᠡᠬᠦ
ᠭᠤᠶᠤᠴᠢᠯᠠᠬᠰᠠᠨ ᠵᠦᠢ᠍ᠯᠡᠰ᠎ᠨᠢ ᠪᠠᠢ᠌ᠭ᠋ᠠᠯᠢ ᠵᠢᠨ ᠬᠠᠮᠠᠭ᠋ᠠᠯᠠᠯᠳᠠ ᠵᠢᠨ ᠤᠷᠤᠨ᠎ᠤ ᠬᠠᠮᠢᠶᠠᠷᠤᠯᠳᠠ ᠵᠢᠨ ᠱᠠᠭ᠋ᠠᠷᠳᠠᠯᠭ᠎ᠠ ᠪᠠ ᠵᠦᠪᠰᠢᠶᠡᠷᠡᠬᠦ ᠨᠦᠬᠦᠴᠡᠯ ᠵᠡᠷᠬᠡ᠎ᠳᠤ ᠨᠡᠢ᠌ᠴᠡᠬᠦ ᠡᠰᠡᠬᠦ ᠵᠢ ᠬᠢᠨᠠᠨ ᠪᠠᠢ᠌ᠴᠠᠭ᠋ᠠᠬᠤ ᠵᠢᠨ ᠬᠠᠮᠲᠤ᠂ ᠴᠤᠬᠤᠯᠠᠪᠤᠷᠢ ᠪᠢᠴᠢᠵᠦ ᠥᠭᠭᠦᠨ᠎ᠡ᠃
(ᠭᠤᠷᠪᠠ) ᠨᠡᠢ᠌ᠲᠡᠯᠡᠨ ᠵᠠᠷᠯᠠᠬᠤ ᠪᠠ ᠬᠦᠷᠬᠡᠬᠦ
1. ᠭᠤᠶᠤᠴᠢᠯᠠᠬᠰᠠᠨ ᠵᠦᠢ᠍ᠯᠡᠰ᠎ᠨᠢ ᠨᠦᠬᠦᠴᠡᠯ᠎ᠳᠤ ᠨᠡᠢ᠌ᠴᠡᠪᠡᠯ᠂ ᠵᠦᠪᠰᠢᠶᠡᠷᠡᠯ ᠣᠯᠭᠣᠵᠤ᠂ ᠭᠤᠶᠤᠴᠢᠯᠠᠬ᠍ᠴᠢ᠎ᠳᠤ ᠪᠢᠴᠢᠭ ᠵᠶ᠋ᠡᠷ ᠮᠡᠳᠡᠭᠳᠡᠨ᠎ᠡ᠃
2. ᠭᠤᠶᠤᠴᠢᠯᠠᠬᠰᠠᠨ ᠵᠦᠢ᠍ᠯᠡᠰ᠎ᠨᠢ ᠨᠦᠬᠦᠴᠡᠯ᠎ᠳᠤ ᠦᠯᠦ ᠨᠡᠢ᠌ᠴᠡᠪᠡᠯ᠂ ᠵᠦᠪᠰᠢᠶᠡᠷᠡᠯ ᠤᠯᠭᠤᠬᠤ ᠦᠬᠡᠢ᠂ ᠭᠤᠶᠤᠴᠢᠯᠠᠬ᠍ᠴᠢ᠎ᠳᠤ ᠪᠢᠴᠢᠭ ᠵᠶ᠋ᠡᠷ ᠮᠡᠳᠡᠭᠳᠡᠬᠦ ᠵᠢᠨ ᠬᠠᠮᠳᠤ ᠤᠴᠢᠷ ᠰᠢᠯᠳᠠᠭ᠋ᠠᠨ᠎ᠢ᠎ᠨᠢ ᠳᠤᠳᠤᠷᠬᠠᠢ᠌ᠯᠠᠨ᠎ᠠ᠃
3. ᠬᠢᠨᠠᠨ ᠵᠦᠪᠰᠢᠶᠡᠷᠡᠭᠰᠡᠨ ᠦᠷ᠎ᠡ ᠳ᠋ᠦᠩ᠎ᠢ ᠦᠪᠦᠷ ᠮᠤᠩᠭᠤᠯ᠎ᠤᠨ ᠦᠪᠡᠷᠳᠡᠬᠡᠨ ᠵᠠᠰᠠᠬᠤ ᠤᠷᠤᠨ᠎ᠤ ᠤᠷᠴᠢᠨ ᠳᠤᠭᠤᠷᠢᠨ᠎ᠤ ᠬᠠᠮᠠᠭ᠋ᠠᠯᠠᠯᠳᠠ ᠵᠢᠨ ᠳᠢᠩᠭᠢᠮ᠎ᠤᠨ ᠰᠦᠯᠵᠢᠶᠡᠨ ᠳᠡᠬᠡᠷ᠎ᠡ ᠨᠡᠢ᠌ᠳᠡᠯᠡᠨ᠎ᠡ᠃
ᠬᠦᠰᠦᠨᠦᠭ ᠪᠠᠭᠤᠯᠭ᠋ᠠᠬᠤ᠄ ᠠᠯᠠᠭ᠎ᠠ
ᠥᠯᠢᠭᠡᠷ ᠬᠦᠰᠦᠨᠦᠭ᠎ᠢ ᠪᠠᠭᠤᠯᠭ᠋ᠠᠬᠤ᠄ ᠠᠯᠠᠭ᠎ᠠ
ᠬᠦᠢ᠍ᠴᠡᠳᠬᠡᠬᠦ ᠴᠠᠭ᠄ ᠭᠤᠶᠤᠴᠢᠯᠠᠯ᠎ᠢ ᠬᠦᠯᠢᠶᠡᠨ ᠠᠪᠤᠭᠰᠠᠨ ᠡᠳᠦᠷ᠎ᠠᠴᠠ ᠡᠬᠢᠯᠡᠨ 20 ᠠᠵᠢᠯᠯᠠᠬᠤ ᠡᠳᠦᠷ᠎ᠤᠨ ᠳᠤᠳᠤᠷ᠎ᠠ ᠭᠦᠢ᠍ᠴᠡᠳᠬᠡᠵᠦ ᠳᠠᠭᠤᠰᠬᠠᠨ᠎ᠠ᠂ ᠵᠦᠪᠰᠢᠶᠡᠷᠡᠯ᠎ᠪᠠᠷ ᠳᠠᠮᠵᠢᠨ 10 ᠡᠳᠦᠷ ᠤᠷᠳᠤᠳᠬᠠᠵᠦ ᠪᠤᠯᠤᠨ᠎ᠠ᠃
ᠳᠤᠭ᠎ᠠ ᠬᠡᠮᠵᠢᠶᠡᠨ᠎ᠤ ᠬᠢᠵᠠᠭ᠋ᠠᠷ᠄ ᠠᠯᠠᠭ᠎ᠠ
ᠰᠦᠢ᠍ᠳᠬᠡᠯ ᠬᠤᠷᠢᠶᠠᠬᠤ ᠳᠦᠷᠦᠯ ᠵᠦᠢ᠍ᠯ᠎ᠤᠨ ᠰᠦᠢ᠍ᠳᠬᠡᠯ ᠬᠤᠷᠢᠶᠠᠬᠤ ᠪᠠᠷᠢᠮᠵᠢᠶ᠎ᠠ᠄ ᠰᠦᠢ᠍ᠳᠬᠡᠯ ᠬᠤᠷᠢᠶᠠᠬᠤ ᠦᠬᠡᠢ
ᠭᠤᠶᠤᠴᠢᠯᠠᠬᠤ ᠬᠦᠰᠦᠨᠦᠭ᠎ᠤᠨ ᠨᠡᠷᠡᠢ᠌ᠳᠦᠯ ᠪᠠ ᠤᠯᠬᠤ ᠠᠷᠭ᠎ᠠ ᠮᠠᠶᠢᠭ᠄ ᠭᠠᠳᠠᠭ᠋ᠠᠳᠤ ᠵᠢᠨ ᠬᠦᠮᠦᠨ ᠤᠷᠴᠢᠨ ᠳᠤᠭᠤᠷᠢᠨ᠎ᠤ ᠬᠠᠮᠠᠭ᠋ᠠᠯᠠᠯᠳᠠ ᠵᠢᠨ ᠰᠠᠯᠠᠭ᠎ᠠ ᠮᠦᠴᠢᠷ᠎ᠤᠨ ᠭᠣᠣᠯᠴᠢᠯᠠᠨ ᠬᠠᠮᠢᠶᠠᠷᠴᠤ ᠪᠠᠢ᠌ᠭ᠎ᠠ ᠪᠠᠢ᠌ᠭ᠋ᠠᠯᠢ ᠵᠢᠨ ᠬᠠᠮᠠᠭ᠋ᠠᠯᠠᠯᠳᠠ ᠵᠢᠨ ᠤᠷᠤᠨ᠎ᠳᠤ ᠤᠷᠤᠬᠤ ᠭᠤᠶᠤᠴᠢᠯᠠᠯ᠎ᠤᠨ ᠬᠦᠰᠦᠨᠦᠭ
ᠠᠰᠠᠭᠤᠨ ᠯᠠᠪᠯᠠᠬᠤ ᠤᠳᠠᠰᠤ᠄  0471 — 4632064
ᠬᠢᠨᠠᠯᠳᠠ ᠳᠠᠯᠪᠢᠬᠤ ᠪᠠ ᠢᠯᠡᠴᠢᠯᠡᠨ ᠵᠠᠭ᠋ᠠᠯᠳᠤᠬᠤ ᠤᠳᠠᠰᠤ᠄ 0471 — 4632238
ᠬᠦᠯᠢᠶᠡᠨ ᠠᠪᠴᠤ ᠰᠢᠢ᠍ᠳᠪᠦᠷᠢᠯᠡᠬᠦ ᠬᠠᠶᠢᠭ᠄ ᠬᠦᠬᠡᠬᠤᠳᠠ ᠵᠢᠨ ᠰᠠᠢ᠌ᠬᠠᠨ ᠳᠤᠭᠤᠷᠢᠭ᠎ᠤᠨ ᠳᠡᠬᠦᠯᠢᠯ ᠵᠠᠮ᠎ᠤᠨ 39 ᠳ᠋ᠦ᠍ᠭᠡᠷ ᠨᠤᠮᠸᠷ᠎ᠤᠨ ᠦᠪᠦᠷ ᠮᠤᠩᠭᠤᠯ᠎ᠤᠨ ᠦᠪᠡᠷᠳᠡᠬᠡᠨ ᠵᠠᠰᠠᠬᠤ ᠤᠷᠤᠨ᠎ᠤ ᠤᠷᠴᠢᠨ ᠳᠤᠭᠤᠷᠢᠨ᠎ᠤ ᠬᠠᠮᠠᠭ᠋ᠠᠯᠠᠯᠳᠠ ᠵᠢᠨ ᠳᠢᠩᠭᠢᠮ
http://hbt.nmg.gov.cn/
ᠠᠩᠬᠠᠷᠬᠤ ᠵᠦᠢ᠍ᠯᠡᠰ᠄ ᠳᠠᠬᠯᠠᠨ ᠮᠡᠳᠡᠭᠦᠯᠬᠦ ᠨᠢᠬᠡᠴᠢ᠎ᠠᠴᠠ ᠳᠠᠬᠯᠠᠬᠰᠠᠨ ᠮᠡᠳᠡᠬᠡ ᠵᠠᠩᠭᠢ ᠵᠢᠨ ᠵᠶ᠋ᠠᠨ ᠦᠨᠡᠨ ᠪᠣᠳᠠᠲᠠᠢ ᠪᠥᠭᠡᠳ ᠣᠨᠣᠪᠴᠢᠲᠠᠢ ᠪᠠᠢ᠌ᠬᠤ ᠵᠢ ᠪᠠᠳᠤᠯᠠᠬᠤ ᠬᠡᠷᠡᠭᠳᠡᠢ᠃

ᠢᠷᠡᠯᠲᠡ᠄ ᠦᠪᠦᠷ ᠮᠣᠩᠭᠤᠯ᠎ᠤᠨ ᠦᠪᠡᠷᠲᠡᠭᠡᠨ ᠵᠠᠰᠠᠬᠤ ᠣᠷᠣᠨ᠎ᠤ ᠣᠷᠴᠢᠨ ᠲᠤᠭᠤᠷᠢᠨ᠎ᠤ ᠬᠠᠮᠠᠭ᠋ᠠᠯᠠᠯᠲᠠ ᠵᠢᠨ ᠲᠢᠩᠬᠢᠮ
          
ᠬᠠᠮᠢᠶ᠎ᠡ ᠪᠦᠬᠦᠢ ᠰᠣᠨᠢᠨ
ᠪᠤᠬᠢᠷ ᠪᠤᠳᠠᠰ ᠭᠠᠳᠠᠬᠰᠢᠯᠠᠭᠤᠯᠬᠤ ᠵᠦᠪᠰᠢᠶᠡᠷᠡᠯ᠎ᠤᠨ ᠦᠨᠡᠮᠯᠡᠯ
ᠰᠠᠴᠤᠷᠠᠮᠠᠬᠠᠢ ᠴᠢᠨᠠᠷᠲᠠᠢ ᠢᠵᠢᠯᠢ ᠪᠠᠢ᠌ᠷᠢᠳᠤ ᠡᠯᠸᠮᠸᠨ᠋ᠲ᠎ᠢ ᠰᠢᠯᠵᠢᠬᠦᠯᠦᠨ ᠦᠭᠭᠦ
ᠰᠠᠴᠤᠷᠠᠮᠠᠬᠠᠢ ᠴᠢᠨᠠᠷᠲᠠᠢ ᠢᠵᠢᠯᠢ ᠪᠠᠢ᠌ᠷᠢᠳᠤ ᠡᠯᠸᠮᠸᠨ᠋ᠲ᠎ᠢ ᠤᠨᠳᠤᠤ ᠭᠠᠵᠠᠷ ᠰᠢᠯᠵᠢᠬᠦᠯᠬᠦ᠂ ᠬᠠᠶᠠᠬᠳᠠᠮᠠᠯ ᠬᠠᠭᠤᠴᠢᠨ ᠰᠠᠴᠤᠷᠠᠭ ᠡᠬᠦᠰᠬᠡᠭᠴᠢ ᠵᠢ ᠬᠡᠷᠡᠭᠴᠡᠬᠡ᠎ᠠᠴᠠ ᠭᠠᠷᠭ᠋ᠠᠬᠤ᠂ ᠬᠤᠷᠢᠶᠠᠨ ᠬᠠᠳᠠᠭ᠋ᠠᠯᠠᠬᠤ (ᠪᠤᠴᠠᠭ᠋ᠠᠨ ᠠᠪᠬᠤ) ᠳᠤᠬᠠᠢ ᠪᠦᠷᠢᠳᠬᠡᠨ ᠳᠠᠩᠰᠠᠯᠠᠭᠤᠯᠬᠤ
ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠲᠤᠰᠬᠠᠢ ᠵᠦᠢ᠍ᠯ᠎ᠳᠤ ᠣᠯᠭᠣᠬᠤ ᠪᠡᠯᠡ ᠮᠥᠩᠭᠥ
ᠠᠶᠤᠯᠲᠠᠢ ᠬᠠᠶᠠᠭᠳᠠᠮᠠᠯ ᠡᠳ᠋᠎ᠢ ᠮᠤᠵᠢ ᠠᠯᠤᠰᠯᠠᠨ ᠰᠢᠯᠵᠢᠭᠦᠯᠬᠦ ᠵᠥᠪᠰᠢᠶᠡᠷᠡᠯ
 
             蒙ICP备05000248号