ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠠᠮᠢ ᠠᠬᠤᠢ᠎ᠶᠢᠨ ᠬᠠᠮᠠᠭᠠᠯᠠᠯᠲᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ
ᠪᠣᠬᠢᠷᠳᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ
ᠠᠮᠢ ᠠᠬᠤᠢ᠎ᠶᠢᠨ ᠬᠠᠮᠠᠭᠠᠯᠠᠯᠲᠠ   -   ᠠᠵᠢᠯ ᠶᠠᠪᠤᠳᠠᠯ ᠭᠦᠢᠴᠡᠳᠬᠡᠬᠦ᠌ ᠵᠦᠭᠯᠡᠭᠦᠷ
ᠭᠠᠳᠠᠭ᠋ᠠᠳᠤ ᠵᠢᠨ ᠬᠦᠮᠦᠨ ᠤᠷᠴᠢᠨ ᠳᠤᠭᠤᠷᠢᠨ᠎ᠤ ᠬᠠᠮᠠᠭ᠋ᠠᠯᠠᠯᠳᠠ ᠵᠢᠨ ᠰᠠᠯᠠᠭ᠎ᠠ ᠮᠦᠴᠢᠷ᠎ᠤᠨ ᠭᠣᠣᠯᠴᠢᠯᠠᠨ ᠬᠠᠮᠢᠶᠠᠷᠴᠤ ᠪᠠᠢ᠌ᠭ᠎ᠠ ᠤᠯᠤᠰ᠎ᠤᠨ ᠳᠡᠰ᠎ᠤᠨ ᠪᠠᠢ᠌ᠭ᠋ᠠᠯᠢ ᠵᠢᠨ ᠬᠠᠮᠠᠭ᠋ᠠᠯᠠᠯᠳᠠ ᠵᠢᠨ ᠤᠷᠤᠨ᠎ᠳᠤ ᠤᠷᠤᠬᠤ
ᠨᠡᠶ᠋ᠢᠲᠡᠯᠡᠭᠰᠡᠨ ᠴᠠᠭ᠄ 2018-09-19

ᠳᠠᠬᠯᠠᠨ ᠮᠡᠳᠡᠬᠦᠯᠬᠦ ᠳᠤᠳᠤᠷᠬᠠᠢ᠌ᠯᠠᠯᠳᠠ᠄ ᠳᠠᠷᠠᠭ᠋ᠠᠬᠢ ᠱᠠᠭ᠋ᠠᠷᠳᠠᠯᠭ᠎ᠠ ᠶᠤᠰᠤᠭ᠋ᠠᠷ ᠳᠠᠬᠯᠠᠨ ᠮᠡᠳᠡᠬᠦᠯᠦᠨ᠎ᠡ
ᠬᠢᠨᠠᠨ ᠵᠦᠪᠰᠢᠶᠡᠷᠡᠬᠦ ᠵᠦᠢ᠍ᠯᠡᠰ᠄   ᠭᠠᠳᠠᠭ᠋ᠠᠳᠤ ᠵᠢᠨ ᠬᠦᠮᠦᠨ ᠤᠷᠴᠢᠨ ᠳᠤᠭᠤᠷᠢᠨ᠎ᠤ ᠬᠠᠮᠠᠭ᠋ᠠᠯᠠᠯᠳᠠ ᠵᠢᠨ ᠰᠠᠯᠠᠭ᠎ᠠ ᠮᠦᠴᠢᠷ᠎ᠤᠨ ᠭᠣᠣᠯᠴᠢᠯᠠᠨ ᠬᠠᠮᠢᠶᠠᠷᠴᠤ ᠪᠠᠢ᠌ᠭ᠎ᠠ ᠤᠯᠤᠰ᠎ᠤᠨ ᠳᠡᠰ᠎ᠤᠨ ᠪᠠᠢ᠌ᠭ᠋ᠠᠯᠢ ᠵᠢᠨ ᠬᠠᠮᠠᠭ᠋ᠠᠯᠠᠯᠳᠠ ᠵᠢᠨ ᠤᠷᠤᠨ᠎ᠳᠤ ᠤᠷᠤᠬᠤ
ᠭᠤᠤᠯᠯᠠᠨ ᠡᠷᠬᠢᠯᠡᠬᠦ ᠪᠠᠢ᠌ᠭᠤᠯᠤᠮᠵᠢ᠄ ᠦᠪᠦᠷ ᠮᠤᠩᠭᠤᠯ᠎ᠤᠨ ᠦᠪᠡᠷᠳᠡᠬᠡᠨ ᠵᠠᠰᠠᠬᠤ ᠤᠷᠤᠨ᠎ᠤ ᠤᠷᠴᠢᠨ ᠳᠤᠭᠤᠷᠢᠨ᠎ᠤ ᠬᠠᠮᠠᠭ᠋ᠠᠯᠠᠯᠳᠠ ᠵᠢᠨ ᠳᠢᠩᠭᠢᠮ᠎ᠤᠨ ᠪᠠᠢ᠌ᠭ᠋ᠠᠯᠢ ᠵᠢᠨ ᠠᠮᠢ ᠠᠬᠤᠢ ᠵᠢᠨ ᠬᠠᠮᠠᠭ᠋ᠠᠯᠠᠯᠳᠠ ᠵᠢᠨ ᠭᠠᠵᠠᠷ
ᠬᠠᠤᠯᠢ ᠴᠠᠭ᠋ᠠᠵᠠ ᠬᠠᠤᠯᠢ ᠳᠤᠬᠳᠠᠭ᠋ᠠᠯ᠎ᠤᠨ ᠦᠨᠳᠦᠰᠦᠯᠡᠯ᠄
1. 《ᠪᠦᠬᠦᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠪᠠᠢ᠌ᠭ᠋ᠠᠯᠢ ᠵᠢᠨ ᠬᠠᠮᠠᠭ᠋ᠠᠯᠠᠯᠳᠠ ᠵᠢᠨ ᠤᠷᠤᠨ᠎ᠤ ᠳᠦᠷᠢᠮ》 (1994 ᠤᠨ᠎ᠤ 10 ᠰᠠᠷ᠎ᠠ ᠵᠢᠨ ᠳᠦᠷᠦ ᠵᠢᠨ ᠶᠠᠪᠤᠳᠠᠯ᠎ᠤᠨ ᠬᠤᠷᠢᠶᠠᠨ᠎ᠤ ᠵᠠᠷᠯᠢᠭ 167 ᠳ᠋ᠤᠭ᠋ᠠᠷ ᠳᠤᠭ᠋ᠠᠳᠤ)᠎ᠤᠨ ᠭᠤᠴᠢᠨ ᠨᠢᠬᠡᠳᠦᠬᠡᠷ ᠵᠤᠷᠪᠤᠰ᠄ ᠭᠠᠳᠠᠭ᠋ᠠᠳᠤ ᠵᠢᠨ ᠬᠦᠮᠦᠨ ᠤᠷᠤᠨ ᠨᠤᠳᠤᠭ᠎ᠤᠨ ᠳᠡᠰ᠎ᠤᠨ ᠪᠠᠢ᠌ᠭ᠋ᠠᠯᠢ ᠵᠢᠨ ᠬᠠᠮᠠᠭ᠋ᠠᠯᠠᠯᠳᠠ ᠵᠢᠨ ᠤᠷᠤᠨ᠎ᠳᠤ ᠤᠷᠤᠪᠠᠯ᠂ ᠬᠦᠯᠢᠶᠠᠨ ᠠᠪᠴᠤ ᠵᠤᠴᠢᠯᠠᠬᠤ ᠨᠢᠬᠡᠴᠢ᠎ᠠᠴᠠ ᠤᠷᠢᠳ ᠵᠶ᠋ᠡᠷ ᠮᠤᠵᠢ᠂ ᠦᠪᠡᠷᠳᠡᠬᠡᠨ ᠵᠠᠰᠠᠬᠤ ᠤᠷᠤᠨ᠂ ᠰᠢᠭᠤᠳ ᠬᠠᠷᠢᠶ᠎ᠠ ᠬᠤᠳᠠ ᠵᠢᠨ ᠠᠷᠠᠳ᠎ᠤᠨ ᠵᠠᠰᠠᠭ᠎ᠤᠨ ᠤᠷᠳᠤᠨ᠎ᠤ ᠪᠠᠢ᠌ᠭ᠋ᠠᠯᠢ ᠵᠢᠨ ᠬᠠᠮᠠᠭ᠋ᠠᠯᠠᠯᠳᠠ ᠵᠢᠨ ᠤᠷᠤᠨ᠎ᠤ ᠬᠣᠯᠪᠣᠭᠳᠠᠯ ᠪᠦᠬᠦᠢ ᠵᠠᠰᠠᠭ ᠵᠠᠬᠢᠷᠭ᠋ᠠᠨ᠎ᠤ ᠭᠣᠣᠯᠴᠢᠯᠠᠨ ᠬᠠᠮᠢᠶᠠᠷᠬᠤ ᠰᠠᠯᠠᠭ᠎ᠠ ᠮᠦᠴᠢᠷ᠎ᠲᠤ ᠮᠡᠳᠡᠬᠦᠯᠦᠨ ᠵᠦᠪᠰᠢᠶᠡᠷᠡᠬᠦᠯᠬᠦ ᠬᠡᠷᠡᠭᠳᠡᠢ; ᠤᠯᠤᠰ᠎ᠤᠨ ᠳᠡᠰ᠎ᠤᠨ ᠪᠠᠢ᠌ᠭ᠋ᠠᠯᠢ ᠵᠢᠨ ᠬᠠᠮᠠᠭ᠋ᠠᠯᠠᠯᠳᠠ ᠵᠢᠨ ᠤᠷᠤᠨ᠎ᠳᠤ ᠤᠷᠤᠪᠠᠯ᠂ ᠬᠦᠯᠢᠶᠠᠨ ᠠᠪᠴᠤ ᠵᠤᠴᠢᠯᠠᠬᠤ ᠨᠢᠬᠡᠴᠢ᠎ᠠᠴᠠ ᠳᠦᠷᠦ ᠵᠢᠨ ᠶᠠᠪᠤᠳᠠᠯ᠎ᠤᠨ ᠬᠣᠷᠢᠶ᠎ᠠ ᠵᠢᠨ ᠪᠠᠢ᠌ᠭ᠋ᠠᠯᠢ ᠵᠢᠨ ᠬᠠᠮᠠᠭ᠋ᠠᠯᠠᠯᠳᠠ ᠵᠢᠨ ᠤᠷᠤᠨ᠎ᠤ ᠬᠣᠯᠪᠣᠭᠳᠠᠯ ᠪᠦᠬᠦᠢ ᠵᠠᠰᠠᠭ ᠵᠠᠬᠢᠷᠭ᠋ᠠᠨ᠎ᠤ ᠭᠣᠣᠯᠴᠢᠯᠠᠨ ᠬᠠᠮᠢᠶᠠᠷᠬᠤ ᠰᠠᠯᠠᠭ᠎ᠠ ᠮᠦᠴᠢᠷ᠎ᠲᠤ ᠮᠡᠳᠡᠬᠦᠯᠦᠨ ᠵᠦᠪᠰᠢᠶᠡᠷᠡᠬᠦᠯᠬᠦ ᠬᠡᠷᠡᠭᠳᠡᠢ᠃ ᠪᠠᠢ᠌ᠭ᠋ᠠᠯᠢ ᠵᠢᠨ ᠬᠠᠮᠠᠭ᠋ᠠᠯᠠᠯᠳᠠ ᠵᠢᠨ ᠤᠷᠤᠨ᠎ᠳᠤ ᠤᠷᠤᠬᠰᠠᠨ ᠭᠠᠳᠠᠭ᠋ᠠᠳᠤ ᠵᠢᠨ ᠬᠦᠮᠦᠨ ᠪᠠᠢ᠌ᠭ᠋ᠠᠯᠢ ᠵᠢᠨ ᠬᠠᠮᠠᠭ᠋ᠠᠯᠠᠯᠳᠠ ᠵᠢᠨ ᠤᠷᠤᠨ᠎ᠤ ᠬᠣᠯᠪᠣᠭᠳᠠᠯ ᠪᠦᠬᠦᠢ ᠬᠠᠤᠯᠢ ᠴᠠᠭ᠋ᠠᠵᠠ᠂ ᠬᠠᠤᠯᠢ ᠳᠦᠷᠢᠮ ᠪᠠ ᠳᠤᠬᠳᠠᠭ᠋ᠠᠯ᠎ᠢ ᠵᠢᠷᠤᠮᠯᠠᠬᠤ ᠬᠡᠷᠡᠭᠳᠡᠢ᠃
2. 《ᠳᠦᠷᠦ ᠵᠢᠨ ᠶᠠᠪᠤᠳᠠᠯ᠎ᠤᠨ ᠬᠣᠷᠢᠶ᠎ᠠ ᠵᠢᠨ ᠭᠤᠷᠪᠠᠳᠤᠭ᠋ᠠᠷ ᠪᠦᠯᠦᠭ ᠵᠠᠰᠠᠭ ᠵᠠᠬᠢᠷᠭ᠋ᠠᠨ᠎ᠤ ᠬᠢᠨᠠᠨ ᠵᠦᠪᠰᠢᠶᠡᠷᠡᠬᠦ ᠳᠦᠷᠦᠯ ᠵᠦᠢ᠍ᠯ᠎ᠢ ᠬᠦᠴᠦᠨ ᠦᠬᠡᠢ ᠪᠤᠯᠭ᠋ᠠᠬᠤ ᠪᠠ ᠳᠤᠬᠢᠷᠠᠭᠤᠯᠬᠤ ᠳᠤᠬᠠᠢ ᠰᠢᠢ᠍ᠳᠪᠦᠷᠢ》 (ᠤᠯᠤᠰ ᠳᠠᠷᠬᠠᠭ᠋ᠠᠭᠰᠠᠨ [2004] 16 ᠳ᠋ᠤᠭ᠋ᠠᠷ ᠳᠤᠭ᠋ᠠᠳᠤ)
3. 《ᠭᠤᠷᠪᠠᠳᠤᠭ᠋ᠠᠷ ᠪᠦᠯᠦᠭ ᠬᠦᠴᠦᠨ ᠦᠬᠡᠢ ᠪᠤᠯᠭ᠋ᠠᠭᠰᠠᠨ ᠪᠠ ᠳᠤᠬᠢᠷᠠᠭᠤᠯᠤᠯᠳᠠ ᠬᠢᠭᠰᠡᠨ ᠤᠷᠴᠢᠨ ᠳᠤᠭᠤᠷᠢᠨ᠎ᠤ ᠵᠠᠰᠠᠭ ᠵᠠᠬᠢᠷᠭ᠋ᠠᠨ᠎ᠤ ᠬᠢᠨᠠᠨ ᠵᠦᠪᠰᠢᠶᠡᠷᠡᠬᠦ ᠳᠦᠷᠦᠯ ᠵᠦᠢ᠍ᠯ᠎ᠤᠨ ᠭᠠᠷᠴᠠᠭ᠎ᠢ ᠳᠠᠷᠤᠮᠠᠯᠯᠠᠨ ᠳᠠᠷᠬᠠᠭ᠋ᠠᠬᠤ ᠳᠤᠬᠠᠢ ᠮᠡᠳᠡᠭᠳᠡᠯ》 (ᠤᠷᠴᠢᠨ ᠳᠠᠷᠬᠠᠭ᠋ᠠᠭᠰᠠᠨ [2004] 95 ᠳ᠋ᠤᠭ᠋ᠠᠷ ᠳᠤᠭ᠋ᠠᠳᠤ)
ᠬᠢᠨᠠᠨ ᠵᠦᠪᠰᠢᠶᠡᠷᠡᠬᠦ ᠬᠡᠪᠴᠢᠶ᠎ᠡ᠄ ᠭᠠᠳᠠᠭ᠋ᠠᠳᠤ ᠵᠢᠨ ᠬᠦᠮᠦᠨ᠎ᠢ ᠵᠤᠬᠢᠶᠠᠨ ᠪᠠᠢ᠌ᠭᠤᠯᠬᠤ ᠪᠠ ᠬᠦᠯᠢᠶᠠᠨ ᠠᠪᠴᠤ ᠤᠷᠴᠢᠨ ᠳᠤᠭᠤᠷᠢᠨ᠎ᠤ ᠬᠠᠮᠠᠭ᠋ᠠᠯᠠᠯᠳᠠ ᠵᠢᠨ ᠰᠠᠯᠠᠭ᠎ᠠ ᠮᠦᠴᠢᠷ᠎ᠤᠨ ᠭᠣᠣᠯᠴᠢᠯᠠᠨ ᠬᠠᠮᠢᠶᠠᠷᠴᠤ ᠪᠠᠢ᠌ᠭ᠎ᠠ ᠪᠠᠢ᠌ᠭ᠋ᠠᠯᠢ ᠵᠢᠨ ᠬᠠᠮᠠᠭ᠋ᠠᠯᠠᠯᠳᠠ ᠵᠢᠨ ᠤᠷᠤᠨ᠎ᠳᠤ ᠣᠷᠣᠭᠤᠯᠵᠤ ᠠᠵᠢᠯᠯᠠᠭᠤᠯᠬᠤ ᠪᠠᠢ᠌ᠭᠤᠯᠤᠮᠵᠢ
ᠬᠢᠨᠠᠨ ᠵᠦᠪᠰᠢᠶᠡᠷᠡᠬᠦ ᠨᠦᠬᠦᠴᠡᠯ᠄
1. ᠭᠤᠶᠤᠴᠢᠯᠠᠬᠤ ᠠᠭᠤᠯᠭ᠎ᠠ᠎ᠨᠢ ᠤᠯᠤᠰ᠎ᠤᠨ ᠪᠠᠢ᠌ᠭ᠋ᠠᠯᠢ ᠵᠢᠨ ᠡᠬᠢ ᠪᠠᠶᠠᠯᠢᠭ ᠪᠠ ᠪᠠᠢ᠌ᠭ᠋ᠠᠯᠢ ᠵᠢᠨ ᠠᠮᠢ ᠠᠬᠤᠢ ᠵᠢᠨ ᠰᠢᠰᠲᠸᠮ ᠵᠢᠴᠢ ᠤᠯᠤᠰ᠎ᠤᠨ ᠠᠮᠤᠷ ᠳᠦᠪᠰᠢᠨ᠎ᠢ ᠬᠣᠬᠢᠷᠠᠭᠤᠯᠵᠤ ᠪᠤᠯᠬᠤ ᠦᠬᠡᠢ ᠪᠥᠭᠡᠳ ᠮᠠᠨ᠎ᠤ ᠤᠯᠤᠰ᠎ᠤᠨ ᠠᠮᠢᠳᠤ ᠪᠤᠳᠠᠰ᠎ᠤᠨ ᠳᠦᠷᠰᠦ ᠵᠢᠨ ᠡᠬᠢ ᠪᠠᠶᠠᠯᠢᠭ᠎ᠤᠨ ᠬᠠᠮᠠᠭ᠋ᠠᠯᠠᠯᠳᠠ ᠵᠢᠨ ᠲᠤᠬᠠᠢ ᠬᠣᠯᠪᠣᠭᠳᠠᠯ ᠪᠦᠬᠦᠢ ᠳᠤᠬᠳᠠᠭ᠋ᠠᠯ᠎ᠳᠤ ᠨᠡᠢ᠌ᠴᠡᠬᠦ ᠬᠡᠷᠡᠭᠳᠡᠢ;
2. ᠤᠯᠤᠰ ᠪᠠ ᠦᠪᠦᠷ ᠮᠤᠩᠭᠤᠯ᠎ᠤᠨ ᠦᠪᠡᠷᠳᠡᠬᠡᠨ ᠵᠠᠰᠠᠬᠤ ᠤᠷᠤᠨ᠎ᠤ ᠭᠠᠳᠠᠭ᠋ᠠᠳᠤ ᠬᠡᠷᠡᠭ ᠶᠠᠪᠤᠳᠠᠯ᠎ᠤᠨ ᠬᠠᠮᠢᠶᠠᠷᠤᠯᠳᠠ ᠵᠢᠨ ᠬᠣᠯᠪᠣᠭᠳᠠᠯ ᠪᠦᠬᠦᠢ ᠳᠤᠬᠳᠠᠭ᠋ᠠᠯ᠎ᠳᠤ ᠨᠡᠢ᠌ᠴᠡᠬᠦ ᠬᠡᠷᠡᠭᠳᠡᠢ;
3. ᠬᠦᠯᠢᠶᠠᠨ ᠠᠪᠴᠤ ᠵᠤᠴᠢᠯᠠᠬᠤ᠂ ᠬᠠᠮᠳᠤᠷᠠᠨ ᠠᠵᠢᠯᠯᠠᠬᠤ ᠪᠤᠶᠤ ᠤᠷᠤᠯᠠᠨ ᠬᠦᠢ᠍ᠴᠡᠳᠬᠡᠬᠦ ᠬᠣᠯᠪᠣᠭᠳᠠᠯ ᠪᠦᠬᠦᠢ ᠪᠠᠢ᠌ᠭᠤᠯᠤᠮᠵᠢ᠎ᠨᠢ ᠲᠣᠬᠢᠷᠠᠯᠴᠠᠭᠰᠠᠨ ᠬᠢᠷᠢ ᠬᠡᠮ ᠪᠠᠢ᠌ᠬᠤ;
4. ᠭᠠᠳᠠᠭ᠋ᠠᠳᠤ ᠵᠢᠨ ᠬᠦᠮᠦᠨ ᠪᠠᠢ᠌ᠭ᠋ᠠᠯᠢ ᠵᠢᠨ ᠬᠠᠮᠠᠭ᠋ᠠᠯᠠᠯᠳᠠ ᠵᠢᠨ ᠤᠷᠤᠨ᠎ᠳᠤ ᠤᠷᠤᠵᠦ ᠵᠤᠭ᠋ᠠᠴᠠᠬᠤ᠎ᠳᠤ᠂ ᠪᠠᠢ᠌ᠭ᠋ᠠᠯᠢ ᠵᠢᠨ ᠬᠠᠮᠠᠭ᠋ᠠᠯᠠᠯᠳᠠ ᠵᠢᠨ ᠤᠷᠤᠨ᠎ᠤ ᠬᠠᠮᠢᠶᠠᠷᠤᠯᠳᠠ ᠵᠢᠨ ᠪᠠᠢ᠌ᠭᠤᠯᠤᠮᠵᠢ ᠵᠢᠨ ᠬᠠᠮᠢᠶᠠᠷᠤᠯᠳᠠ ᠵᠢ ᠳᠠᠭ᠋ᠠᠵᠦ᠂ ᠬᠢᠨᠠᠯᠲᠠ ᠵᠥᠪᠰᠢᠶᠡᠷᠡᠯ ᠵᠶ᠋ᠠᠷ ᠳᠠᠮᠵᠢᠨ ᠵᠢᠭᠤᠯᠴᠢᠯᠠᠯ᠎ᠤᠨ ᠲᠥᠯᠥᠪᠵᠢᠭᠦᠯᠭᠡ᠎ᠳᠤ ᠲᠣᠭᠲᠠᠭ᠋ᠠᠭᠰᠠᠨ ᠬᠡᠪᠴᠢᠶᠡᠨ ᠳᠤᠳᠤᠷ᠎ᠠ ᠬᠦᠳᠡᠯᠬᠡᠬᠡᠨ ᠬᠢᠬᠦ ᠬᠡᠷᠡᠭᠲᠡᠢ᠃
ᠵᠠᠷᠯᠠᠯ ᠨᠡᠢ᠌ᠳᠡᠯᠡᠯ ᠵᠢᠴᠢ ᠬᠠᠮᠤᠭ᠎ᠤᠨ ᠰᠢᠨ᠎ᠡ ᠮᠡᠳᠡᠬᠡ᠄ ᠳᠤᠪᠴᠢᠳᠠᠵᠦ ᠦᠵᠡᠬᠡᠷᠡᠢ
ᠬᠠᠮᠢᠶ᠎ᠠ ᠪᠦᠬᠦᠢ ᠮᠠᠲᠸᠷᠢᠶᠠᠯ᠄ ᠠᠯᠠᠭ᠎ᠠ
ᠭᠤᠶᠤᠴᠢᠯᠠᠨ ᠮᠡᠳᠡᠬᠦᠯᠬᠦ ᠮᠠᠲᠸᠷᠢᠶᠠᠯ᠄
1. ᠭᠠᠳᠠᠭ᠋ᠠᠳᠤ ᠵᠢᠨ ᠬᠦᠮᠦᠨ ᠤᠷᠴᠢᠨ ᠳᠤᠭᠤᠷᠢᠨ᠎ᠤ ᠬᠠᠮᠠᠭ᠋ᠠᠯᠠᠯᠳᠠ ᠵᠢᠨ ᠰᠠᠯᠠᠭ᠎ᠠ ᠮᠦᠴᠢᠷ᠎ᠤᠨ ᠭᠣᠣᠯᠴᠢᠯᠠᠨ ᠬᠠᠮᠢᠶᠠᠷᠴᠤ ᠪᠠᠢ᠌ᠭ᠎ᠠ ᠪᠠᠢ᠌ᠭ᠋ᠠᠯᠢ ᠵᠢᠨ ᠬᠠᠮᠠᠭ᠋ᠠᠯᠠᠯᠳᠠ ᠵᠢᠨ ᠤᠷᠤᠨ᠎ᠳᠤ ᠤᠷᠤᠬᠤ ᠭᠤᠶᠤᠴᠢᠯᠠᠯ᠎ᠤᠨ ᠬᠦᠰᠦᠨᠦᠭ
2. ᠭᠠᠳᠠᠭ᠋ᠠᠳᠤ ᠬᠡᠷᠡᠭ ᠶᠠᠪᠤᠳᠠᠯ᠎ᠤᠨ ᠰᠠᠯᠠᠭ᠎ᠠ ᠮᠦᠴᠢᠷ᠎ᠠᠴᠠ ᠪᠠᠢ᠌ᠭ᠋ᠠᠯᠢ ᠵᠢᠨ ᠬᠠᠮᠠᠭ᠋ᠠᠯᠠᠯᠳᠠ ᠵᠢᠨ ᠤᠷᠤᠨ᠎ᠳᠤ ᠤᠷᠤᠵᠦ ᠬᠠᠮᠢᠶ᠎ᠠ ᠪᠦᠬᠦᠢ ᠠᠵᠢᠯᠯᠠᠭ᠎ᠠ ᠬᠢᠬᠦ ᠵᠢ ᠵᠦᠪᠰᠢᠶᠡᠷᠡᠭᠰᠡᠨ ᠬᠦᠴᠦᠨ ᠪᠦᠬᠦᠢ ᠪᠢᠴᠢᠭ ᠮᠠᠲᠸᠢᠷᠶᠠᠯ᠃
3. ᠭᠠᠳᠠᠭ᠋ᠠᠳᠤ ᠵᠢᠨ ᠬᠦᠮᠦᠨ᠎ᠤ ᠫᠠᠰᠫᠤᠷᠲ (ᠬᠠᠭᠤᠯᠪᠤᠷᠢ)᠃
ᠳᠡᠬᠡᠷᠡᠬᠢ ᠮᠠᠲᠸᠷᠢᠶᠠᠯ᠎ᠢ ᠭᠤᠶᠤᠴᠢᠯᠠᠬᠤ ᠨᠢᠬᠡᠴᠢ᠎ᠠᠴᠠ ᠬᠢᠨᠠᠨ ᠬᠠᠷᠭᠤᠭᠤᠯᠵᠤ ᠠᠯᠪᠠᠨ ᠳᠠᠮᠠᠭ᠎ᠠ᠎ᠪᠠᠨ ᠳᠠᠷᠤᠨ᠎ᠠ᠃ ᠨᠢᠬᠡ ᠶᠠᠩᠵᠦ ᠵᠢᠨ ᠭᠤᠷᠪᠠᠨ ᠬᠤᠪᠢ ᠮᠠᠲ᠋ᠧᠷᠢᠶᠠᠯ ᠳᠤᠰᠢᠶᠠᠨ᠎ᠠ (ᠭᠤᠶᠤᠴᠢᠯᠠᠯ᠎ᠤᠨ ᠬᠦᠰᠦᠨᠦᠭ᠎ᠤᠨ ᠡᠯᠸᠺᠲᠷᠤᠨ᠎ᠪᠠᠷ᠎ᠢ ᠨᠢᠬᠡ ᠬᠤᠪᠢ ᠳᠠᠭ᠋ᠠᠯᠳᠤᠭᠤᠯᠤᠨ᠎ᠠ)᠃
ᠬᠦᠢ᠍ᠴᠡᠳᠬᠡᠬᠦ ᠠᠯᠬᠤᠮ ᠳᠠᠷᠠᠭ᠋ᠠᠯᠠᠯ᠄
(ᠨᠢᠬᠡ) ᠬᠦᠯᠢᠶᠠᠨ ᠠᠪᠴᠤ ᠭᠦᠢ᠍ᠴᠡᠳᠬᠡᠬᠦ
ᠬᠦᠯᠢᠶᠡᠨ ᠠᠪᠴᠤ ᠭᠦᠢ᠍ᠴᠡᠳᠬᠡᠭᠴᠢ᠎ᠠᠴᠠ ᠬᠠᠤᠯᠢ᠎ᠪᠠᠷ ᠲᠣᠭᠲᠠᠭ᠋ᠠᠭᠰᠠᠨ ᠬᠡᠯᠪᠡᠷᠢ᠎ᠪᠠᠷ ᠭᠤᠶᠤᠴᠢᠯᠠᠬᠰᠠᠨ ᠮᠠᠲᠸᠷᠢᠶᠠᠯ᠎ᠳᠤ ᠬᠢᠨᠠᠯᠲᠠ ᠪᠠᠢ᠌ᠴᠠᠭ᠋ᠠᠯᠲᠠ ᠬᠢᠵᠦ᠂ ᠭᠤᠶᠤᠴᠢᠯᠠᠭᠰᠠᠨ ᠮᠠᠲ᠋ᠧᠷᠢᠶᠠᠯ᠎ᠤᠨ ᠪᠦᠷᠢᠨ ᠭᠦᠴᠢᠡᠳ ᠡᠰᠡᠬᠦ᠂ ᠱᠠᠭ᠋ᠠᠷᠳᠠᠯᠭ᠎ᠠ᠎ᠳᠤ ᠨᠡᠢ᠌ᠴᠡᠬᠦ ᠡᠰᠡᠬᠦ ᠵᠢ ᠬᠢᠨᠠᠨ ᠪᠠᠢ᠌ᠴᠠᠭ᠋ᠠᠨ᠎ᠠ; ᠡᠭᠦᠨ᠎ᠤ ᠬᠠᠮᠲᠤ 《ᠪᠦᠬᠦᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠵᠠᠰᠠᠭ ᠵᠠᠬᠢᠷᠭ᠋ᠠᠨ᠎ᠤ ᠵᠦᠪᠰᠢᠶᠡᠷᠡᠯ᠎ᠤᠨ ᠬᠠᠤᠯᠢ》 ᠵᠢᠨ ᠭᠤᠴᠢᠨ ᠬᠤᠶᠠᠳᠤᠭ᠋ᠠᠷ ᠵᠤᠷᠪᠤᠰ᠎ᠤᠨ ᠳᠤᠬᠳᠠᠭ᠋ᠠᠯ᠎ᠢ ᠦᠨᠳᠦᠰᠦᠯᠡᠨ ᠳᠤᠰ ᠳᠤᠰ ᠰᠢᠢ᠍ᠳᠪᠦᠷᠢᠯᠡᠨ᠎ᠡ᠃
(ᠬᠤᠶᠠᠷ) ᠬᠢᠨᠠᠨ ᠵᠦᠪᠰᠢᠶᠡᠷᠡᠬᠦ
ᠭᠤᠶᠤᠴᠢᠯᠠᠬᠰᠠᠨ ᠵᠦᠢ᠍ᠯᠡᠰ᠎ᠨᠢ ᠪᠠᠢ᠌ᠭ᠋ᠠᠯᠢ ᠵᠢᠨ ᠬᠠᠮᠠᠭ᠋ᠠᠯᠠᠯᠳᠠ ᠵᠢᠨ ᠤᠷᠤᠨ᠎ᠤ ᠬᠠᠮᠢᠶᠠᠷᠤᠯᠳᠠ ᠵᠢᠨ ᠱᠠᠭ᠋ᠠᠷᠳᠠᠯᠭ᠎ᠠ ᠪᠠ ᠵᠦᠪᠰᠢᠶᠡᠷᠡᠬᠦ ᠨᠦᠬᠦᠴᠡᠯ ᠵᠡᠷᠬᠡ᠎ᠳᠤ ᠨᠡᠢ᠌ᠴᠡᠬᠦ ᠡᠰᠡᠬᠦ ᠵᠢ ᠬᠢᠨᠠᠨ ᠪᠠᠢ᠌ᠴᠠᠭ᠋ᠠᠬᠤ ᠵᠢᠨ ᠬᠠᠮᠲᠤ᠂ ᠴᠤᠬᠤᠯᠠᠪᠤᠷᠢ ᠪᠢᠴᠢᠵᠦ ᠥᠭᠭᠦᠨ᠎ᠡ᠃
(ᠭᠤᠷᠪᠠ) ᠨᠡᠢ᠌ᠲᠡᠯᠡᠨ ᠵᠠᠷᠯᠠᠬᠤ ᠪᠠ ᠬᠦᠷᠬᠡᠬᠦ
1. ᠭᠤᠶᠤᠴᠢᠯᠠᠬᠰᠠᠨ ᠵᠦᠢ᠍ᠯᠡᠰ᠎ᠨᠢ ᠨᠦᠬᠦᠴᠡᠯ᠎ᠳᠤ ᠨᠡᠢ᠌ᠴᠡᠪᠡᠯ᠂ ᠵᠦᠪᠰᠢᠶᠡᠷᠡᠯ ᠣᠯᠭᠣᠵᠤ᠂ ᠭᠤᠶᠤᠴᠢᠯᠠᠬ᠍ᠴᠢ᠎ᠳᠤ ᠪᠢᠴᠢᠭ ᠵᠶ᠋ᠡᠷ ᠮᠡᠳᠡᠭᠳᠡᠨ᠎ᠡ᠃
2. ᠭᠤᠶᠤᠴᠢᠯᠠᠬᠰᠠᠨ ᠵᠦᠢ᠍ᠯᠡᠰ᠎ᠨᠢ ᠨᠦᠬᠦᠴᠡᠯ᠎ᠳᠤ ᠦᠯᠦ ᠨᠡᠢ᠌ᠴᠡᠪᠡᠯ᠂ ᠵᠦᠪᠰᠢᠶᠡᠷᠡᠯ ᠤᠯᠭᠤᠬᠤ ᠦᠬᠡᠢ᠂ ᠭᠤᠶᠤᠴᠢᠯᠠᠬ᠍ᠴᠢ᠎ᠳᠤ ᠪᠢᠴᠢᠭ ᠵᠶ᠋ᠡᠷ ᠮᠡᠳᠡᠭᠳᠡᠬᠦ ᠵᠢᠨ ᠬᠠᠮᠳᠤ ᠤᠴᠢᠷ ᠰᠢᠯᠳᠠᠭ᠋ᠠᠨ᠎ᠢ᠎ᠨᠢ ᠳᠤᠳᠤᠷᠬᠠᠢ᠌ᠯᠠᠨ᠎ᠠ᠃
3. ᠬᠢᠨᠠᠨ ᠵᠦᠪᠰᠢᠶᠡᠷᠡᠭᠰᠡᠨ ᠦᠷ᠎ᠡ ᠳ᠋ᠦᠩ᠎ᠢ ᠦᠪᠦᠷ ᠮᠤᠩᠭᠤᠯ᠎ᠤᠨ ᠦᠪᠡᠷᠳᠡᠬᠡᠨ ᠵᠠᠰᠠᠬᠤ ᠤᠷᠤᠨ᠎ᠤ ᠤᠷᠴᠢᠨ ᠳᠤᠭᠤᠷᠢᠨ᠎ᠤ ᠬᠠᠮᠠᠭ᠋ᠠᠯᠠᠯᠳᠠ ᠵᠢᠨ ᠳᠢᠩᠭᠢᠮ᠎ᠤᠨ ᠰᠦᠯᠵᠢᠶᠡᠨ ᠳᠡᠬᠡᠷ᠎ᠡ ᠨᠡᠢ᠌ᠳᠡᠯᠡᠨ᠎ᠡ᠃
ᠬᠦᠰᠦᠨᠦᠭ ᠪᠠᠭᠤᠯᠭ᠋ᠠᠬᠤ᠄ ᠠᠯᠠᠭ᠎ᠠ
ᠥᠯᠢᠭᠡᠷ ᠬᠦᠰᠦᠨᠦᠭ᠎ᠢ ᠪᠠᠭᠤᠯᠭ᠋ᠠᠬᠤ᠄ ᠠᠯᠠᠭ᠎ᠠ
ᠬᠦᠢ᠍ᠴᠡᠳᠬᠡᠬᠦ ᠴᠠᠭ᠄ ᠬᠦᠯᠢᠶᠡᠨ ᠠᠪᠤᠭᠰᠠᠨ ᠡᠳᠦᠷ᠎ᠠᠴᠠ ᠡᠬᠢᠯᠡᠨ 20 ᠠᠵᠢᠯᠯᠠᠬᠤ ᠡᠳᠦᠷ᠎ᠤᠨ ᠳᠤᠳᠤᠷ᠎ᠠ ᠭᠦᠢ᠍ᠴᠡᠳᠬᠡᠵᠦ ᠳᠠᠭᠤᠰᠬᠠᠨ᠎ᠠ᠂ ᠵᠦᠪᠰᠢᠶᠡᠷᠡᠯ᠎ᠪᠠᠷ ᠳᠠᠮᠵᠢᠪᠠᠯ 10 ᠡᠳᠦᠷ ᠤᠷᠳᠤᠳᠬᠠᠵᠦ ᠪᠤᠯᠤᠨ᠎ᠠ᠃
ᠳᠤᠭ᠎ᠠ ᠬᠡᠮᠵᠢᠶᠡᠨ᠎ᠤ ᠬᠢᠵᠠᠭ᠋ᠠᠷ᠄ ᠠᠯᠠᠭ᠎ᠠ
ᠰᠦᠢ᠍ᠳᠬᠡᠯ ᠬᠤᠷᠢᠶᠠᠬᠤ ᠳᠦᠷᠦᠯ ᠵᠦᠢ᠍ᠯ᠎ᠤᠨ ᠰᠦᠢ᠍ᠳᠬᠡᠯ ᠬᠤᠷᠢᠶᠠᠬᠤ ᠪᠠᠷᠢᠮᠵᠢᠶ᠎ᠠ᠄ ᠰᠦᠢ᠍ᠳᠬᠡᠯ ᠬᠤᠷᠢᠶᠠᠬᠤ ᠦᠬᠡᠢ
ᠭᠤᠶᠤᠴᠢᠯᠠᠬᠤ ᠬᠦᠰᠦᠨᠦᠭ᠎ᠤᠨ ᠨᠡᠷᠡᠢ᠌ᠳᠦᠯ ᠪᠠ ᠤᠯᠬᠤ ᠠᠷᠭ᠎ᠠ ᠮᠠᠶᠢᠭ᠄ ᠭᠠᠳᠠᠭ᠋ᠠᠳᠤ ᠵᠢᠨ ᠬᠦᠮᠦᠨ ᠤᠷᠴᠢᠨ ᠳᠤᠭᠤᠷᠢᠨ᠎ᠤ ᠬᠠᠮᠠᠭ᠋ᠠᠯᠠᠯᠳᠠ ᠵᠢᠨ ᠰᠠᠯᠠᠭ᠎ᠠ ᠮᠦᠴᠢᠷ᠎ᠤᠨ ᠭᠣᠣᠯᠴᠢᠯᠠᠨ ᠬᠠᠮᠢᠶᠠᠷᠴᠤ ᠪᠠᠢ᠌ᠭ᠎ᠠ ᠪᠠᠢ᠌ᠭ᠋ᠠᠯᠢ ᠵᠢᠨ ᠬᠠᠮᠠᠭ᠋ᠠᠯᠠᠯᠳᠠ ᠵᠢᠨ ᠤᠷᠤᠨ᠎ᠳᠤ ᠤᠷᠤᠬᠤ ᠭᠤᠶᠤᠴᠢᠯᠠᠯ᠎ᠤᠨ ᠬᠦᠰᠦᠨᠦᠭ
ᠠᠰᠠᠭᠤᠨ ᠯᠠᠪᠯᠠᠬᠤ ᠤᠳᠠᠰᠤ᠄  0471 — 4632064
ᠬᠢᠨᠠᠯᠳᠠ ᠳᠠᠯᠪᠢᠬᠤ ᠪᠠ ᠢᠯᠡᠴᠢᠯᠡᠨ ᠵᠠᠭ᠋ᠠᠯᠳᠤᠬᠤ ᠤᠳᠠᠰᠤ᠄  0471 — 4632238
ᠬᠦᠯᠢᠶᠡᠨ ᠠᠪᠴᠤ ᠰᠢᠢ᠍ᠳᠪᠦᠷᠢᠯᠡᠬᠦ ᠬᠠᠶᠢᠭ᠄ ᠬᠦᠬᠡᠬᠤᠳᠠ ᠵᠢᠨ ᠰᠠᠢ᠌ᠬᠠᠨ ᠳᠤᠭᠤᠷᠢᠭ᠎ᠤᠨ ᠳᠡᠬᠦᠯᠢᠯ ᠵᠠᠮ᠎ᠤᠨ 39 ᠳ᠋ᠦ᠍ᠭᠡᠷ ᠨᠤᠮᠸᠷ᠎ᠤᠨ ᠦᠪᠦᠷ ᠮᠤᠩᠭᠤᠯ᠎ᠤᠨ ᠦᠪᠡᠷᠳᠡᠬᠡᠨ ᠵᠠᠰᠠᠬᠤ ᠤᠷᠤᠨ᠎ᠤ ᠤᠷᠴᠢᠨ ᠳᠤᠭᠤᠷᠢᠨ᠎ᠤ ᠬᠠᠮᠠᠭ᠋ᠠᠯᠠᠯᠳᠠ ᠵᠢᠨ ᠳᠢᠩᠭᠢᠮ
http://hbt.nmg.gov.cn/
ᠠᠩᠬᠠᠷᠬᠤ ᠵᠦᠢ᠍ᠯᠡᠰ᠄ ᠳᠠᠬᠯᠠᠨ ᠮᠡᠳᠡᠭᠦᠯᠬᠦ ᠨᠢᠬᠡᠴᠢ᠎ᠠᠴᠠ ᠳᠠᠬᠯᠠᠬᠰᠠᠨ ᠮᠡᠳᠡᠬᠡ ᠵᠠᠩᠭᠢ ᠵᠢᠨ ᠵᠶ᠋ᠠᠨ ᠦᠨᠡᠨ ᠪᠣᠳᠠᠲᠠᠢ ᠪᠥᠭᠡᠳ ᠣᠨᠣᠪᠴᠢᠲᠠᠢ ᠪᠠᠢ᠌ᠬᠤ ᠵᠢ ᠪᠠᠳᠤᠯᠠᠬᠤ ᠬᠡᠷᠡᠭᠳᠡᠢ᠃


ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠮᠢ ᠠᠬᠤᠢ ᠤᠷᠴᠢᠨ ᠲᠤᠭᠤᠷᠢᠨ᠎ᠤ ᠲᠢᠩᠬᠢᠮ
          
ᠬᠠᠮᠢᠶ᠎ᠡ ᠪᠦᠬᠦᠢ ᠰᠣᠨᠢᠨ
ᠤᠷᠴᠢᠨ ᠳᠤᠭᠤᠷᠢᠨ᠎ᠤ ᠬᠠᠮᠠᠭ᠋ᠠᠯᠠᠯᠳᠠ ᠵᠢᠨ ᠰᠠᠯᠠᠭ᠎ᠠ ᠮᠦᠴᠢᠷ᠎ᠤᠨ ᠭᠣᠣᠯᠴᠢᠯᠠᠨ ᠬᠠᠮᠢᠶᠠᠷᠴᠤ ᠪᠠᠢ᠌ᠭ᠎ᠠ ᠤᠯᠤᠰ᠎ᠤᠨ ᠳᠡᠰ᠎ᠤᠨ ᠪᠠᠢ᠌ᠭ᠋ᠠᠯᠢ ᠵᠢᠨ ᠬᠠᠮᠠᠭ᠋ᠠᠯᠠᠯᠳᠠ ᠵᠢᠨ ᠤᠷᠤᠨ᠎ᠤ ᠭᠣᠣᠯ ᠣᠷᠣᠨ᠎ᠳᠤ ᠤᠷᠤᠬᠤ
ᠪᠤᠬᠢᠷ ᠪᠤᠳᠠᠰ ᠭᠠᠳᠠᠬᠰᠢᠯᠠᠭᠤᠯᠬᠤ ᠵᠦᠪᠰᠢᠶᠡᠷᠡᠯ᠎ᠤᠨ ᠦᠨᠡᠮᠯᠡᠯ
ᠰᠠᠴᠤᠷᠠᠮᠠᠬᠠᠢ ᠴᠢᠨᠠᠷᠲᠠᠢ ᠢᠵᠢᠯᠢ ᠪᠠᠢ᠌ᠷᠢᠳᠤ ᠡᠯᠸᠮᠸᠨ᠋ᠲ᠎ᠢ ᠰᠢᠯᠵᠢᠬᠦᠯᠦᠨ ᠦᠭᠭᠦ
ᠰᠠᠴᠤᠷᠠᠮᠠᠬᠠᠢ ᠴᠢᠨᠠᠷᠲᠠᠢ ᠢᠵᠢᠯᠢ ᠪᠠᠢ᠌ᠷᠢᠳᠤ ᠡᠯᠸᠮᠸᠨ᠋ᠲ᠎ᠢ ᠤᠨᠳᠤᠤ ᠭᠠᠵᠠᠷ ᠰᠢᠯᠵᠢᠬᠦᠯᠬᠦ᠂ ᠬᠠᠶᠠᠬᠳᠠᠮᠠᠯ ᠬᠠᠭᠤᠴᠢᠨ ᠰᠠᠴᠤᠷᠠᠭ ᠡᠬᠦᠰᠬᠡᠭᠴᠢ ᠵᠢ ᠬᠡᠷᠡᠭᠴᠡᠬᠡ᠎ᠠᠴᠠ ᠭᠠᠷᠭ᠋ᠠᠬᠤ᠂ ᠬᠤᠷᠢᠶᠠᠨ ᠬᠠᠳᠠᠭ᠋ᠠᠯᠠᠬᠤ (ᠪᠤᠴᠠᠭ᠋ᠠᠨ ᠠᠪᠬᠤ) ᠳᠤᠬᠠᠢ ᠪᠦᠷᠢᠳᠬᠡᠨ ᠳᠠᠩᠰᠠᠯᠠᠭᠤᠯᠬᠤ
ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠲᠤᠰᠬᠠᠢ ᠵᠦᠢ᠍ᠯ᠎ᠳᠤ ᠣᠯᠭᠣᠬᠤ ᠪᠡᠯᠡ ᠮᠥᠩᠭᠥ
 
             蒙ICP备05000248号