ᠠᠮᠢ ᠠᠬᠤᠶ ᠣᠷᠴᠢᠨ ᠲᠣᠭᠣᠷᠢᠨ᠎ᠤ ᠲᠢᠩᠬᠢᠮ᠎ᠤᠨ ᠲᠣᠬᠢᠷᠠᠭᠤᠯᠤᠯᠲᠠ ᠪᠠᠶ᠋ᠢᠷᠢᠯᠠᠭᠤᠯᠤᠯᠲᠠ ᠶᠣᠰᠣᠭ᠋ᠠᠷ᠂ ᠣᠶ᠋ᠢᠷ᠎ᠠ ᠵᠢᠨ ᠬᠤᠭᠤᠴᠠᠭ᠋ᠠᠨ᠎ᠳᠤ᠂ ᠪᠠᠷᠠᠭᠤᠨ ᠬᠡᠰᠡᠭ᠎ᠤᠨ ᠱᠠᠭ᠋ᠠᠷᠳᠠᠨ ᠪᠠᠶ᠋ᠢᠴᠠᠭ᠋ᠠᠬᠤ ᠲᠥᠪ ᠲᠤᠬᠠᠶ᠋ᠢᠯᠠᠭᠰᠠᠨ ᠠᠵᠢᠯ᠎ᠤᠨ ᠭᠣᠤᠯᠯᠠᠭᠴᠢ ᠬᠦᠴᠦᠨ᠎ᠢ ᠲᠣᠮᠢᠯᠠᠵᠤ᠂ ᠥᠪᠡᠷᠲᠡᠭᠡᠨ ᠵᠠᠰᠠᠬᠤ ᠣᠷᠣᠨ᠎ᠤ ᠬᠥᠭᠵᠢᠭᠦᠯᠦᠯᠲᠡ ᠥᠭᠡᠷᠡᠴᠢᠯᠡᠯᠲᠡ ᠵᠢᠨ ᠵᠥᠪᠯᠡᠯ ᠪᠣᠯᠤᠨ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠲᠢᠩᠬᠢᠮ᠎ᠲᠠᠢ ᠬᠠᠮᠵᠢᠯᠴᠠᠨ ᠣᠷᠳᠣᠰ ᠬᠣᠲᠠ᠂ ᠪᠠᠶᠠᠨᠨᠠᠭᠤᠷ ᠬᠣᠲᠠ᠂ ᠦᠬᠠᠢ ᠬᠣᠲᠠ᠂ ᠠᠯᠠᠱ᠌ᠠ ᠠᠢ᠌ᠮᠠᠭ ᠪᠣᠯᠤᠨ ᠪᠤᠭᠤᠲᠤ ᠬᠣᠲᠠ ᠵᠢᠨ ᠬᠠᠲᠤᠨ ᠭᠣᠣᠯ᠎ᠤᠨ ᠰᠠᠪᠠ ᠭᠠᠵᠠᠷ ᠵᠤᠬᠢᠶᠠᠮᠠᠯ ᠨᠡᠭᠤᠷᠢ ᠶᠡᠷᠦᠩᠬᠡᠶ᠋ᠢᠯᠡᠨ ᠴᠡᠭᠴᠡᠯᠡᠨ ᠵᠠᠰᠠᠭᠰᠠᠨ ᠪᠠᠶ᠋ᠢᠳᠠᠯ᠎ᠳᠤ ᠪᠠᠶ᠋ᠢᠴᠠᠭ᠋ᠠᠯᠲᠠ ᠬᠢᠪᠠ᠃ ᠲᠣᠰ ᠤᠳᠠᠭ᠋ᠠᠨ᠎ᠤ ᠪᠠᠶ᠋ᠢᠴᠠᠭ᠋ᠠᠯᠲᠠ᠎ᠳᠤ ᠨᠡᠶ᠋ᠢᠲᠡ 5 ᠠᠶ᠋ᠢᠮᠠᠭ ᠬᠣᠲᠠ ᠵᠢᠨ 14 ᠬᠣᠰᠢᠭᠤ ᠰᠢᠶᠠᠨ ᠲᠣᠭᠣᠷᠢᠭ᠎ᠲᠤ ᠬᠣᠯᠪᠣᠭᠳᠠᠵᠤ᠂ 3000 ᠭᠠᠷᠤᠶ ᠺᠢᠯᠣᠮᠧᠲᠷ ᠠᠶᠠᠯᠠᠵᠤ᠂ 17 ᠰᠣᠩᠭᠣᠨ ᠪᠠᠶ᠋ᠢᠴᠠᠭ᠋ᠠᠬᠤ ᠣᠷᠣᠨ ᠪᠠᠶ᠋ᠢᠷᠢ ᠵᠢ ᠰᠣᠩᠭᠣᠨ ᠪᠠᠶ᠋ᠢᠴᠠᠭ᠋ᠠᠵᠠᠶ᠃ ᠪᠠᠶ᠋ᠢᠴᠠᠭ᠋ᠠᠯᠲᠠ ᠵᠢᠨ ᠲᠥᠰᠦᠯ᠎ᠤᠨ ᠱᠠᠭ᠋ᠠᠷᠳᠠᠯᠭ᠎ᠠ ᠶᠣᠰᠣᠭ᠋ᠠᠷ᠂ ᠲᠦᠷᠦᠯ ᠵᠦᠢ᠍ᠯ᠎ᠤᠨ ᠣᠷᠴᠢᠨ ᠲᠣᠭᠣᠷᠢᠨ᠎ᠳᠤ ᠦᠵᠡᠭᠦᠯᠬᠦ ᠨᠥᠯᠥᠭᠡ ᠵᠢᠨ ᠦᠨᠡᠯᠡᠯᠲᠡ ᠵᠢᠨ ᠭᠠᠷ ᠭᠦᠢ᠍ᠴᠡᠳᠬᠡᠯ᠎ᠢ ᠭᠦᠢ᠍ᠴᠡᠳᠬᠡᠭᠰᠡᠨ ᠪᠠᠶ᠋ᠢᠳᠠᠯ᠂ ᠨᠢᠭᠡᠨᠲᠡ ᠪᠠᠶ᠋ᠢᠭᠤᠯᠤᠭᠰᠠᠨ ᠲᠦᠷᠦᠯ ᠵᠦᠢ᠍ᠯ᠎ᠳᠤ ᠣᠷᠣᠰᠢᠵᠤ ᠪᠠᠶ᠋ᠢᠭ᠎ᠠ ᠠᠮᠢ ᠠᠬᠤᠢ ᠣᠷᠴᠢᠨ ᠲᠣᠭᠣᠷᠢᠨ᠎ᠤ ᠠᠰᠠᠭᠤᠳᠠᠯ᠎ᠢ ᠭᠣᠣᠯᠳᠠᠯᠭ᠎ᠠ᠎ᠲᠠᠢ ᠪᠠᠶ᠋ᠢᠴᠠᠭ᠋ᠠᠨ ᠦᠵᠡᠭᠰᠡᠨ ᠪᠥᠭᠡᠳ ᠪᠠᠶ᠋ᠢᠴᠠᠭ᠋ᠠᠯᠲᠠ ᠵᠢᠨ ᠠᠵᠢᠯ᠎ᠢ ᠥᠷᠨᠢᠭᠦᠯᠦᠭᠰᠡᠨ ᠪᠠᠶ᠋ᠢᠳᠠᠯ᠂ ᠪᠠᠶ᠋ᠢᠴᠠᠭ᠋ᠠᠯᠲᠠ᠎ᠳᠤ ᠢᠯᠡᠷᠡᠭᠦᠯᠦᠭᠰᠡᠨ ᠠᠰᠠᠭᠤᠳᠠᠯ᠎ᠢ ᠴᠠᠭ ᠲᠤᠬᠠᠢᠳᠤᠨᠢ ᠡᠮᠬᠢᠳᠬᠡᠨ ᠬᠤᠷᠢᠶᠠᠩᠭᠤᠶ᠋ᠢᠯᠠᠵᠤ᠂ ᠰᠠᠨᠠᠯ ᠰᠠᠨᠠᠭᠤᠯᠭ᠎ᠠ ᠪᠠ ᠬᠠᠨᠳᠤᠯᠭ᠋ᠠᠲᠤ ᠴᠢᠨᠠᠷᠲᠠᠢ ᠠᠷᠭ᠎ᠠ ᠬᠡᠮᠵᠢᠶ᠎ᠡ ᠳᠤᠷᠠᠳᠴᠤ᠂ ᠬᠠᠮᠵᠢᠯᠴᠠᠨ ᠪᠠᠶ᠋ᠢᠴᠠᠭ᠋ᠠᠬᠤ ᠡᠭᠦᠷᠭᠡ᠎ᠪᠠᠨ ᠲᠡᠭᠦᠰ ᠠᠮᠵᠢᠯᠲᠠ᠎ᠲᠠᠢ ᠪᠡᠶᠡᠯᠡᠭᠦᠯᠪᠡ᠃