2020 ᠣᠨ᠎ᠤ 12 ᠰᠠᠷ᠎ᠠ ᠵᠢᠨ 31᠎ᠤ ᠡᠳᠦᠷ᠂ ᠪᠠᠷᠠᠭᠤᠨ ᠬᠡᠰᠡᠭ᠎ᠤᠨ ᠱᠠᠭ᠋ᠠᠷᠳᠠᠨ ᠪᠠᠶ᠋ᠢᠴᠠᠭ᠋ᠠᠬᠤ ᠲᠥᠪ 2020 ᠣᠨ᠎ᠤ ᠠᠵᠢᠯ᠎ᠤᠨ ᠳ᠋ᠦᠩᠨᠡᠨ ᠰᠠᠶ᠋ᠢᠰᠢᠶᠠᠬᠤ ᠬᠤᠷᠠᠯ ᠬᠤᠷᠠᠯᠳᠤᠭᠤᠯᠵᠤ᠂ ᠡᠯ᠎ᠡ ᠵᠦᠢ᠍ᠯ᠎ᠤᠨ ᠠᠵᠢᠯ ᠵᠶ᠋ᠠᠨ ᠪᠥᠬᠥ ᠲᠠᠯ᠎ᠠ᠎ᠪᠠᠷ ᠳ᠋ᠦᠩᠨᠡᠵᠦ᠂ ᠣᠨ᠎ᠤ 《ᠰᠢᠯᠢᠳᠡᠭ ᠰᠠᠯᠠᠭ᠎ᠠ ᠲᠠᠰᠤᠭ》 《ᠰᠢᠯᠢᠳᠡᠭ ᠬᠤᠪᠢ ᠬᠥᠮᠦᠨ᠎ᠢ ᠬᠢᠨᠠᠨ ᠰᠢᠯᠭ᠋ᠠᠬᠤ》 《ᠲᠡᠷᠢᠭᠦᠨ᠎ᠤ ᠠᠵᠢᠯᠲᠠᠨ》 《ᠰᠢᠯᠢᠳᠡᠭ ᠨᠠᠮ᠎ᠤᠨ ᠭᠡᠰᠢᠭᠦᠨ》 《ᠰᠢᠯᠢᠳᠡᠭ ᠮᠡᠳᠡᠭᠡ ᠵᠠᠩᠭᠢᠴᠢ》 ᠵᠢᠴᠢ 《ᠰᠢᠯᠢᠳᠡᠭ ᠰᠢᠯᠵᠢᠭᠦᠯᠦᠨ ᠪᠣᠯᠪᠠᠰᠤᠷᠠᠭᠤᠯᠬᠤ ᠠᠵᠢᠯᠲᠠᠨ》᠎ᠢ ᠬᠥᠬᠢᠭᠦᠯᠦᠨ ᠰᠠᠶ᠋ᠢᠰᠢᠶᠠᠪᠠ᠃
2020 ᠣᠨ᠎ᠠᠴᠠ ᠨᠠᠰᠢ᠂ ᠪᠠᠷᠠᠭᠤᠨ ᠬᠡᠰᠡᠭ᠎ᠤᠨ ᠱᠠᠭ᠋ᠠᠷᠳᠠᠨ ᠪᠠᠶ᠋ᠢᠴᠠᠭ᠋ᠠᠬᠤ ᠲᠥᠪ᠎ᠤᠨ᠎ᠬᠢᠨ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠰᠢᠢ᠍ᠳᠪᠦᠷᠢᠲᠦ ᠪᠤᠳᠤᠯᠭ᠎ᠠ ᠪᠠᠶ᠋ᠢᠷᠢᠯᠠᠭᠤᠯᠤᠯᠲᠠ ᠵᠢ ᠨᠠᠷᠢᠨ ᠬᠢᠨᠠᠮᠠᠭ᠋ᠠᠢ ᠲᠤᠤᠱᠯᠠᠭᠤᠯᠵᠤ᠂ ᠪᠦᠬᠦ ᠣᠷᠣᠨ᠎ᠤ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠠᠵᠢᠯ᠎ᠤᠨ ᠬᠤᠷᠠᠯᠳᠤᠭ᠋ᠠᠨ ᠵᠣᠷᠢᠭ ᠰᠠᠨᠠᠭ᠎ᠠ ᠵᠢ ᠨᠠᠷᠢᠨ ᠬᠢᠨᠠᠮᠠᠭ᠋ᠠᠢ ᠲᠤᠤᠱᠯᠠᠭᠤᠯᠤᠨ ᠨᠠᠶ᠋ᠢᠳᠠᠪᠤᠷᠢᠵᠢᠭᠤᠯᠵᠤ᠂ ᠨᠠᠮ᠎ᠤᠨ ᠪᠠᠶ᠋ᠢᠭᠤᠯᠤᠯᠲᠠ᠎ᠪᠠᠷ ᠶᠡᠷᠦᠩᠬᠡᠶ᠋ᠢᠯᠡᠨ ᠵᠢᠯᠤᠭᠤᠳᠤᠭᠤᠯᠬᠤ ᠵᠢ ᠪᠠᠷᠢᠮᠲᠠᠯᠠᠵᠤ᠂ ᠲᠤᠬᠠᠶ᠋ᠢᠯᠠᠭᠰᠠᠨ ᠠᠵᠢᠯ᠎ᠤᠨ ᠯᠠᠪᠳᠠᠭᠤᠨ ᠪᠠᠲᠤᠲᠠᠢ ᠥᠷᠨᠢᠬᠦ ᠵᠢ ᠠᠬᠢᠭᠤᠯᠪᠠ᠃ ᠪᠥᠬᠥ ᠵᠢᠯ᠎ᠳᠤ ᠨᠡᠶ᠋ᠢᠲᠡ 1100 ᠭᠠᠷᠤᠶ ᠬᠥᠮᠦᠨ ᠤᠳᠠᠭ᠎ᠠ ᠬᠥᠳᠡᠯᠭᠡᠨ᠂ 9 ᠲᠦᠮᠡ ᠭᠠᠷᠤᠶ ᠺᠢᠯᠣᠮᠧᠲᠷ ᠠᠶᠠᠯᠠᠵᠤ᠂ 4 ᠠᠶ᠋ᠢᠮᠠᠭ ᠬᠣᠲᠠ ᠵᠢᠨ 22 ᠬᠣᠰᠢᠭᠤ ᠰᠢᠶᠠᠨ ᠲᠣᠭᠣᠷᠢᠭ᠂ 38 ᠠᠵᠤ ᠦᠢ᠍ᠯᠡᠳᠪᠦᠷᠢ ᠵᠢᠨ ᠬᠦᠷᠢᠶᠡᠯᠡᠩ ᠲᠣᠭᠣᠷᠢᠭ᠎ᠲᠤ ᠭᠦᠨᠵᠡᠭᠡᠶ᠋ᠢᠷᠡᠨ᠂ ᠨᠡᠶ᠋ᠢᠲᠡ 1000 ᠭᠠᠷᠤᠶ ᠠᠵᠤ ᠠᠬᠤᠶ᠋ᠢᠯᠠᠯ (ᠤᠳᠠᠭ᠎ᠠ)᠎ᠢ ᠪᠠᠶ᠋ᠢᠴᠠᠭ᠋ᠠᠵᠤ᠂ ᠬᠠᠷᠠᠯᠲᠠ ᠵᠢᠨ ᠡᠭᠦᠷᠭᠡ᠎ᠪᠠᠨ ᠲᠡᠭᠦᠰ ᠠᠮᠵᠢᠯᠲᠠ᠎ᠲᠠᠢ ᠪᠡᠶᠡᠯᠡᠭᠦᠯᠵᠦ᠂ ᠡᠯ᠎ᠡ ᠵᠦᠢ᠍ᠯ᠎ᠤᠨ ᠠᠵᠢᠯ᠎ᠳᠠᠭᠠᠨ ᠢᠯᠡᠳᠲᠡ ᠦᠷ᠎ᠡ ᠪᠦᠲᠦᠮᠵᠢ ᠤᠯᠪᠠ᠃
ᠬᠤᠷᠠᠯ᠎ᠠᠴᠠ 2021 ᠣᠨ᠎ᠤ ᠠᠵᠢᠯ᠎ᠳᠤ ᠪᠠᠶ᠋ᠢᠷᠢᠯᠠᠭᠤᠯᠤᠯᠲᠠ ᠲᠤᠬᠢᠷᠠᠭᠤᠯᠤᠯᠲᠠ ᠬᠢᠵᠡᠢ᠃ ᠨᠢᠭᠡ᠎ᠳᠤ᠂ ᠨᠠᠮ᠎ᠤᠨ ᠪᠠᠶ᠋ᠢᠭᠤᠯᠤᠯᠲᠠ᠂ ᠦᠵᠡᠯ ᠤᠬᠠᠮᠰᠠᠷ᠎ᠤᠨ ᠬᠡᠯᠪᠡᠷᠢ᠂ ᠨᠠᠮ᠎ᠤᠨ ᠰᠤᠷᠲᠠᠯ᠎ᠤᠨ ᠪᠠ ᠠᠷᠢᠭᠤᠨ ᠴᠢᠬᠡᠴᠢ᠎ᠪᠠᠷ ᠵᠠᠰᠠᠭ ᠪᠠᠷᠢᠬᠤ ᠪᠠᠶ᠋ᠢᠭᠤᠯᠤᠯᠲᠠ ᠪᠣᠯᠤᠨ ᠢᠯᠵᠢᠷᠡᠯ᠎ᠢ ᠡᠰᠡᠷᠭᠦᠴᠡᠬᠦ ᠠᠵᠢᠯ᠎ᠢ ᠲᠠᠰᠤᠷᠠᠯᠲᠠ ᠦᠭᠡᠢ ᠴᠢᠩᠭ᠋ᠠᠳᠬᠠᠵᠤ᠂ ᠪᠦᠬᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠵᠢ ᠭᠦᠨᠵᠡᠭᠡᠢ ᠠᠬᠢᠭᠤᠯᠬᠤ ᠬᠡᠷᠡᠭᠲᠡᠢ; ᠬᠣᠶᠠᠷ᠎ᠲᠤ᠂ ᠲᠥᠪ᠎ᠤᠨ ᠪᠠ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢ ᠱᠠᠯᠠᠪᠳᠠᠭᠤᠯᠤᠨ ᠪᠠᠶ᠋ᠢᠴᠠᠭ᠋ᠠᠵᠤ ᠬᠠᠷᠢᠭᠤ ᠲᠤᠰᠬᠠᠬᠰᠠᠨ ᠠᠰᠠᠭᠤᠳᠠᠯ᠎ᠢ ᠴᠡᠭᠴᠡᠯᠡᠨ ᠰᠠᠶ᠋ᠢᠵᠢᠷᠠᠭᠤᠯᠬᠤ ᠵᠢ ᠪᠦᠬᠦ ᠬᠦᠴᠦᠨ ᠵᠶ᠋ᠠᠷ ᠠᠬᠢᠭᠤᠯᠬᠤ ᠵᠢᠨ ᠬᠠᠮᠲᠤ ᠮᠥᠷᠳᠡᠨ ᠱᠠᠭ᠋ᠠᠷᠳᠠᠨ ᠭᠦᠢ᠍ᠴᠡᠳᠬᠡᠨ᠎ᠡ; ᠭᠤᠷᠪᠠ᠎ᠳᠤ᠂ ᠬᠠᠷᠢᠶ᠎ᠠ ᠣᠷᠣᠨ᠎ᠤ ᠬᠠᠲᠤᠨ ᠭᠣᠣᠯ᠎ᠤᠨ ᠰᠠᠪᠠ ᠭᠠᠵᠠᠷ ᠤᠨ ᠠᠮᠢ ᠠᠬᠤᠢ ᠵᠢᠨ ᠬᠠᠮᠠᠭ᠋ᠠᠯᠠᠯᠲᠠ ᠵᠢᠨ ᠲᠤᠰᠬᠠᠢ ᠬᠠᠤᠯᠢ ᠬᠡᠷᠡᠭᠵᠢᠭᠦᠯᠬᠦ ᠠᠵᠢᠯᠯᠠᠭ᠎ᠠ ᠵᠢ ᠢᠳᠡᠪᠬᠢᠲᠡᠢ ᠵᠣᠬᠢᠶᠠᠨ ᠪᠠᠶ᠋ᠢᠭᠤᠯᠵᠤ ᠥᠷᠨᠢᠭᠦᠯᠦᠨ᠎ᠡ; ᠲᠦᠷᠪᠡ᠎ᠳᠤ᠂ ᠱᠠᠭ᠋ᠠᠷᠳᠠᠨ ᠪᠠᠶ᠋ᠢᠴᠠᠭ᠋ᠠᠵᠤ ᠬᠠᠤᠯᠢ ᠬᠡᠷᠡᠭᠵᠢᠭᠦᠯᠬᠦ ᠡᠷᠴᠢᠮ ᠵᠶ᠋ᠠᠨ ᠦᠷᠭᠦᠯᠵᠢᠯᠡᠨ ᠴᠢᠩᠭ᠋ᠠᠷᠠᠭᠤᠯᠵᠤ᠂ ᠣᠷᠴᠢᠨ ᠲᠣᠭᠣᠷᠢᠨ᠎ᠤ ᠬᠠᠤᠯᠢ᠎ᠠᠴᠠ ᠵᠥᠷᠢᠴᠡᠭᠰᠡᠨ ᠠᠵᠢᠯᠯᠠᠭ᠎ᠠ᠎ᠳᠤ ᠴᠢᠩᠭ᠎ᠠ ᠴᠣᠬᠢᠯᠲᠠ ᠥᠭᠴᠦ᠂ ᠭᠣᠣᠯᠳᠠᠯᠭ᠎ᠠ᠎ᠲᠠᠢ ᠣᠷᠴᠢᠨ ᠲᠣᠭᠣᠷᠢᠨ᠎ᠤ ᠠᠰᠠᠭᠤᠳᠠᠯ᠎ᠢ ᠰᠢᠢ᠍ᠳᠪᠦᠷᠢᠯᠡᠬᠦ ᠵᠢ ᠠᠬᠢᠭᠤᠯᠵᠤ᠂ ᠬᠠᠷᠢᠶ᠎ᠠ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠶᠠᠰᠤ ᠴᠢᠨᠠᠷ᠎ᠢ ᠦᠨᠡᠨᠬᠦ ᠰᠠᠶ᠋ᠢᠵᠢᠷᠠᠭᠤᠯᠤᠨ᠎ᠠ; ᠲᠠᠪᠤ᠎ᠳᠤ ᠬᠠᠷᠢᠶ᠎ᠠ ᠣᠷᠣᠨ᠎ᠤ᠎ᠪᠠᠨ ᠶᠠᠷᠢᠶ᠎ᠠ ᠬᠡᠯᠡᠯᠴᠡᠭᠡᠨ᠎ᠤ ᠪᠠᠶ᠋ᠢᠳᠠᠯ ᠪᠠ ᠵᠠᠬᠢᠳᠠᠯ ᠰᠤᠷᠪᠤᠯᠵᠢᠯᠠᠭ᠎ᠠ ᠵᠢᠨ ᠬᠡᠷᠡᠭ᠎ᠢ ᠪᠠᠶ᠋ᠢᠴᠠᠭ᠋ᠠᠨ ᠰᠢᠢ᠍ᠳᠪᠦᠷᠢᠯᠡᠬᠦ ᠠᠵᠢᠯ᠎ᠢ ᠬᠢᠨᠠᠮᠠᠭ᠋ᠠᠶ ᠰᠠᠢ᠌ᠲᠤᠷ ᠬᠢᠨ᠎ᠠ; ᠵᠢᠷᠭᠤᠭ᠎ᠠ᠎ᠳᠤ᠂ ᠰᠢᠨ᠎ᠡ ᠴᠠᠭ ᠦᠶ᠎ᠡ ᠵᠢᠨ ᠨᠠᠮ᠎ᠤᠨ ᠪᠠᠶ᠋ᠢᠭᠤᠯᠤᠯᠲᠠ ᠵᠢᠨ ᠰᠢᠨ᠎ᠡ ᠱᠠᠭ᠋ᠠᠷᠳᠠᠯᠭ᠎ᠠ ᠵᠢ ᠣᠨᠣᠪᠴᠢᠲᠠᠢ ᠡᠵᠡᠮᠳᠡᠵᠦ᠂ ᠠᠵᠢᠯ ᠦᠢ᠍ᠯᠡᠰ᠎ᠤᠨ ᠨᠢᠭᠡᠴᠡ ᠵᠢᠨ ᠪᠠᠢ᠌ᠭᠤᠯᠤᠮᠵᠢ ᠵᠢᠨ ᠥᠭᠡᠷᠡᠴᠢᠯᠡᠯᠲᠡ ᠪᠠᠷ ᠠᠵᠠ ᠲᠣᠬᠢᠶᠠᠯ ᠪᠣᠯᠭ᠋ᠠᠵᠤ᠂ ᠤᠯᠤᠰ ᠲᠦᠷᠦ ᠵᠢᠨ ᠲᠠᠯ᠎ᠠ᠎ᠪᠠᠷ ᠪᠠᠲᠤ ᠴᠢᠩᠭ᠎ᠠ᠂ ᠴᠢᠳᠠᠪᠤᠷᠢ ᠰᠠᠶ᠋ᠢᠲᠠᠢ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠬᠠᠤᠯᠢ ᠬᠡᠷᠡᠭᠵᠢᠭᠦᠯᠬᠦ ᠴᠢᠩᠭ᠎ᠠ ᠡᠩᠨᠡᠭᠡ ᠵᠢ ᠴᠢᠷᠮᠠᠶ᠋ᠢᠨ ᠪᠠᠶ᠋ᠢᠭᠤᠯᠬᠤ ᠬᠡᠷᠡᠭᠲᠡᠢ᠃
ᠳ᠋ᠦᠩᠨᠡᠨ ᠰᠠᠶ᠋ᠢᠰᠢᠶᠠᠬᠤ ᠬᠤᠷᠠᠯ᠎ᠨᠢ ᠪᠦᠬᠦ ᠺᠠᠳ᠋ᠷ ᠠᠵᠢᠯᠲᠠᠨ᠎ᠤ ᠵᠠᠮ ᠨᠡᠭᠡᠭᠡᠨ ᠰᠢᠨ᠎ᠡ ᠵᠢ ᠡᠭᠦᠳᠬᠦ᠂ ᠭᠠᠪᠢᠶ᠎ᠠ ᠪᠠᠢ᠌ᠭᠤᠯᠵᠤ ᠦᠢ᠍ᠯᠡᠰ ᠪᠦᠲᠦᠭᠡᠬᠦ ᠣᠷᠭᠢᠯᠤᠮ᠎ᠠ ᠬᠠᠯᠠᠭᠤᠨ ᠰᠡᠳᠬᠢᠯᠭᠡ ᠵᠢ ᠤᠯᠠᠮ ᠬᠥᠭᠵᠢᠭᠡᠵᠦ᠂ ᠰᠢᠷᠭ᠋ᠠᠭᠤ ᠬᠠᠲᠠᠭᠤᠵᠢᠯᠲᠠᠶ᠎ᠪᠠᠷ ᠠᠵᠢᠯ ᠦᠢ᠍ᠯᠡᠰ ᠵᠶ᠋ᠠᠨ ᠳᠡᠭᠡᠳᠦᠯᠡᠵᠦ᠂ ᠯᠠᠪᠳᠠᠭᠤᠨ ᠪᠠᠲᠤᠲᠠᠶ ᠠᠵᠢᠯᠯᠠᠵᠤ᠂ ᠠᠮᠢ ᠠᠬᠤᠶ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠠᠵᠢᠯ᠎ᠢ ᠪᠦᠬᠦ ᠰᠡᠳᠬᠢᠯ ᠪᠦᠬᠦ ᠬᠦᠴᠦᠨ ᠵᠶ᠋ᠠᠷ ᠵᠶ᠋ᠠᠨ ᠰᠠᠶ᠋ᠢᠲᠤᠷ ᠬᠢᠬᠦ ᠢᠲᠡᠭᠡᠯ ᠵᠣᠷᠢᠭ ᠵᠶ᠋ᠠᠨ ᠤᠯᠠᠮ ᠪᠠᠲᠤᠳᠬᠠᠵᠤ᠂ ᠤᠯᠠᠨ ᠵᠶ᠋ᠠᠷ ᠵᠶ᠋ᠠᠨ ᠬᠠᠷᠢᠯᠴᠠᠨ ᠵᠣᠷᠢᠭᠵᠢᠭᠤᠯᠵᠤ᠂ ᠰᠢᠨ᠎ᠡ ᠨᠢᠭᠡ ᠵᠢᠯ᠎ᠳᠤ ᠲᠤᠰ ᠪᠡᠶ᠎ᠡ ᠵᠢᠨ ᠴᠢᠳᠠᠪᠤᠷᠢ ᠬᠡᠪ ᠴᠢᠨᠠᠷ ᠵᠶ᠋ᠠᠨ ᠢᠳᠡᠪᠬᠢᠲᠡᠢ ᠳᠡᠭᠡᠭᠰᠢᠯᠡᠭᠦᠯᠵᠦ᠂ ᠪᠠᠷᠠᠭᠤᠨ ᠬᠡᠰᠡᠭ᠎ᠤᠨ ᠱᠠᠭ᠋ᠠᠷᠳᠠᠨ ᠪᠠᠶ᠋ᠢᠴᠠᠭ᠋ᠠᠬᠤ ᠠᠵᠢᠯ᠎ᠤᠨ 《ᠰᠢᠮᠳᠠᠨ ᠰᠤᠷᠤᠯᠴᠠᠵᠤ ᠰᠢᠨ᠎ᠡ ᠵᠢ ᠡᠭᠦᠳᠴᠦ᠂ ᠡᠭᠦᠷᠭᠡ ᠬᠠᠷᠢᠭᠤᠴᠠᠯᠭ᠎ᠠ᠎ᠪᠠᠨ ᠭᠦᠢ᠍ᠴᠡᠳᠬᠡᠬᠦ》 ᠰᠤᠷᠲᠠᠯ᠎ᠢ ᠦᠷᠭᠦᠯᠵᠢᠯᠡᠨ ᠪᠠᠳᠠᠷᠠᠭᠤᠯᠵᠤ᠂ ᠠᠵᠢᠯ᠎ᠤᠨ ᠪᠠᠶ᠋ᠢᠷᠢ᠎ᠳᠠᠭᠠᠨ ᠰᠠᠭᠤᠷᠢᠯᠠᠵᠤ᠂ ᠡᠷᠡᠯᠬᠡᠭᠯᠡᠨ ᠤᠷᠤᠭᠰᠢᠯᠠᠵᠤ᠂ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠱᠠᠭ᠋ᠠᠷᠳᠠᠨ ᠪᠠᠶ᠋ᠢᠴᠠᠭ᠋ᠠᠬᠤ ᠬᠠᠤᠯᠢ ᠬᠡᠷᠡᠭᠵᠢᠭᠦᠯᠬᠦ ᠠᠵᠢᠯ᠎ᠤᠨ ᠰᠢᠨ᠎ᠡ ᠪᠠᠶ᠋ᠢᠳᠠᠯ᠎ᠢ ᠡᠭᠦᠳᠬᠦ᠎ᠳᠤ ᠨᠡᠩ ᠶᠡᠬᠡ ᠰᠢᠨ᠎ᠡ ᠬᠤᠪᠢ ᠨᠡᠮᠡᠷᠢ ᠦᠵᠡᠭᠦᠯᠵᠦ᠂ ᠪᠠᠷᠠᠭᠤᠨ ᠬᠡᠰᠡᠭ᠎ᠤᠨ ᠱᠠᠭ᠋ᠠᠷᠳᠠᠨ ᠪᠠᠶ᠋ᠢᠴᠠᠭ᠋ᠠᠬᠤ ᠠᠵᠢᠯ᠎ᠤᠨ ᠲᠥᠪ᠎ᠤᠨ 2021 ᠣᠨ᠎ᠤ ᠡᠯ᠎ᠡ ᠲᠦᠷᠦᠯ᠎ᠤᠨ ᠠᠵᠢᠯ᠎ᠤᠨ ᠰᠢᠨ᠎ᠡ ᠳᠡᠭᠲᠡᠷ᠎ᠲᠤ ᠭᠠᠷᠬᠤ ᠵᠢ ᠬᠦᠴᠦᠯᠡᠨ ᠠᠬᠢᠭᠤᠯᠬᠤ ᠬᠡᠷᠡᠭᠲᠡᠢ ᠭᠡᠵᠦ ᠵᠣᠷᠢᠭᠵᠢᠭᠤᠯᠪᠠ᠃