ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠠᠮᠢ ᠠᠬᠤᠢ᠎ᠶᠢᠨ ᠬᠠᠮᠠᠭᠠᠯᠠᠯᠲᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ
ᠪᠣᠬᠢᠷᠳᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ
ᠠᠮᠢ ᠠᠬᠤᠢ᠎ᠶᠢᠨ ᠬᠠᠮᠠᠭᠠᠯᠠᠯᠲᠠ   -   ᠠᠵᠢᠯ ᠶᠠᠪᠤᠳᠠᠯ ᠭᠦᠢᠴᠡᠳᠬᠡᠬᠦ᠌ ᠵᠦᠭᠯᠡᠭᠦᠷ
〈ᠮᠣᠩᠭᠤᠯ ᠮᠣᠷᠢᠨ〉᠎ᠤ ᠵᠣᠷᠢᠭ ᠰᠠᠨᠠᠭ᠎ᠠ ᠵᠢ ᠦᠢ᠍ᠯᠡᠳᠦᠯᠭᠡᠵᠢᠭᠦᠯᠵᠦ ᠰᠠᠬᠢᠨ ᠪᠠᠷᠠᠯᠠᠵᠤ ᠦᠨᠡᠨᠴᠢ ᠰᠢᠳᠤᠷᠭᠤ᠎ᠪᠠᠷ ᠵᠤᠷᠢᠭᠳᠠᠢ ᠡᠭᠦᠷᠭᠡᠯᠡᠨᠡᠮ — ᠲᠤᠮᠳᠠᠳᠤ ᠬᠡᠰᠡᠭ᠎ᠤᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠱᠠᠭ᠋ᠠᠷᠳᠠᠨ ᠪᠠᠶ᠋ᠢᠴᠠᠭ᠋ᠠᠬᠤ ᠲᠥᠪ᠎ᠤᠨ ᠨᠠᠮ᠎ᠤᠨ ᠡᠭᠦᠷ᠎ᠤᠨ ᠰᠢᠤᠢ ᠶᠦᠩ ᠵᠢᠶᠦ᠋ᠨ ᠨᠦᠬᠦᠷ ᠨᠠᠮ᠎ᠤᠨ ᠬᠢᠴᠢᠶᠡᠯ ᠣᠷᠤᠪᠠ
ᠨᠡᠶ᠋ᠢᠲᠡᠯᠡᠭᠰᠡᠨ ᠴᠠᠭ᠄ 2021-01-14

      ᠨᠠᠮ᠎ᠤᠨ ᠭᠡᠰᠢᠭᠦᠨ᠎ᠤ ᠲᠦᠷᠪᠡᠨ ᠤᠬᠠᠮᠰᠠᠷ᠎ᠢ ᠤᠯᠠᠮ ᠨᠢᠭᠡ ᠠᠯᠬᠤᠮ ᠴᠢᠩᠭ᠋ᠠᠳᠬᠠᠵᠤ᠂ ᠨᠠᠮ᠎ᠤᠨ ᠠᠷᠪᠠ ᠶᠢᠰᠦᠳᠦᠭᠡᠷ ᠬᠤᠭᠤᠴᠠᠭ᠋ᠠᠨ᠎ᠤ ᠲᠥᠪ ᠬᠣᠷᠢᠶᠠᠨ᠎ᠤ ᠲᠠᠪᠤᠳᠤᠭ᠋ᠠᠷ ᠪᠦᠬᠦᠳᠡ ᠬᠤᠷᠠᠯ᠎ᠤᠨ ᠵᠣᠷᠢᠭ ᠰᠠᠨᠠᠭ᠎ᠠ ᠵᠢ ᠭᠦᠨᠵᠡᠭᠡᠢ ᠣᠶ᠋ᠢᠯᠠᠭ᠋ᠠᠵᠤ᠂ ᠦᠵᠡᠯ ᠰᠠᠨᠠᠭ᠋ᠠᠨ᠎ᠤ ᠲᠠᠯ᠎ᠠ᠎ᠪᠠᠷ ᠮᠡᠳᠡᠷᠡᠬᠦ᠂ ᠤᠯᠤᠰ ᠲᠦᠷᠦ ᠵᠢᠨ ᠲᠠᠯ᠎ᠠ᠎ᠪᠠᠷ ᠬᠠᠮᠠᠭ᠋ᠠᠯᠠᠬᠤ᠂ ᠵᠣᠬᠢᠶᠠᠨ ᠪᠠᠶ᠋ᠢᠭᠤᠯᠤᠯᠲᠠ ᠵᠢᠨ ᠲᠠᠯ᠎ᠠ᠎ᠪᠠᠷ ᠲᠠᠭ᠋ᠠᠬᠤ ᠵᠢ ᠪᠡᠶᠡᠯᠡᠭᠦᠯᠵᠦ᠂ ᠠᠵᠢᠯ᠎ᠤᠨ ᠦᠢ᠍ᠯᠡᠳᠦᠯᠭᠡ ᠵᠢ ᠨᠡᠩ ᠪᠦᠲᠦᠮᠵᠢᠲᠡᠢ᠎ᠪᠠᠷ   ᠵᠢᠯᠣᠭᠣᠳᠪᠠ  ᠃ 11 ᠰᠠᠷ᠎ᠠ ᠵᠢᠨ 16᠎ᠤ ᠡᠳᠦᠷ᠂ ᠦᠪᠤᠷ ᠮᠤᠨᠭ᠌ᠭᠤᠯ᠎ᠤᠨ ᠦᠪᠡᠷᠳᠡᠬᠡᠨ ᠵᠠᠰᠠᠬᠤ ᠤᠷᠤᠨ᠎ᠤ ᠲᠤᠮᠳᠠᠳᠤ ᠬᠡᠰᠡᠭ᠎ᠤᠨ ᠣᠷᠴᠢᠨ ᠲᠤᠭᠤᠷᠢᠨ᠎ᠤ ᠬᠠᠮᠠᠭ᠋ᠠᠯᠠᠯᠲᠠ ᠵᠢᠨ ᠱᠠᠭ᠋ᠠᠷᠳᠠᠨ ᠪᠠᠶ᠋ᠢᠴᠠᠭ᠋ᠠᠬᠤ ᠲᠥᠪ᠎ᠤᠨ ᠨᠠᠮ᠎ᠤᠨ ᠡᠭᠦᠷ᠎ᠤᠨ ᠰᠢᠤᠢ ᠶᠦᠩ ᠵᠢᠶᠦ᠋ᠨ ᠨᠥᠬᠥᠷ 《〈ᠮᠣᠩᠭᠤᠯ ᠮᠣᠷᠢᠨ〉᠎ᠤ ᠵᠣᠷᠢᠭ ᠰᠠᠨᠠᠭ᠎ᠠ ᠵᠢ ᠦᠢ᠍ᠯᠡᠳᠦᠯᠭᠡᠵᠢᠭᠦᠯᠵᠦ ᠰᠠᠬᠢᠨ ᠪᠠᠷᠠᠯᠠᠵᠤ ᠦᠨᠡᠨᠴᠢ ᠰᠢᠳᠤᠷᠭᠤ᠎ᠪᠠᠷ ᠵᠣᠷᠢᠭᠳᠠᠢ ᠡᠭᠦᠷᠭᠡᠯᠡᠬᠦ》 ᠰᠡᠳᠦᠪ ᠵᠶ᠋ᠠᠷ ᠲᠤᠰᠬᠠᠶ ᠰᠡᠳᠦᠪᠲᠦ ᠨᠠᠮ᠎ᠤᠨ ᠬᠢᠴᠢᠶᠡᠯ᠎ᠤᠨ ᠬᠠᠪᠰᠤᠷᠤᠨ ᠵᠢᠯᠣᠭᠣᠳᠣᠯᠭ᠎ᠠ ᠬᠢᠵᠦ᠂ ᠱᠠᠭ᠋ᠠᠷᠳᠠᠨ ᠪᠠᠶ᠋ᠢᠴᠠᠭ᠋ᠠᠬᠤ ᠲᠥᠪ᠎ᠤᠨ ᠪᠥᠬᠥ ᠨᠠᠮ᠎ᠤᠨ ᠭᠡᠰᠢᠭᠦᠨ ᠣᠷᠣᠯᠴᠠᠵᠠᠶ᠃
      ᠰᠢᠤᠢ ᠶᠦᠩ ᠵᠢᠶᠦ᠋ᠨ ᠨᠥᠬᠥᠷ 《ᠮᠣᠩᠭᠤᠯ ᠮᠣᠷᠢᠨ》᠎ᠤ ᠵᠣᠷᠢᠭ ᠰᠠᠨᠠᠭ᠋ᠠᠨ᠎ᠤ ᠠᠭᠤᠯᠭ᠎ᠠ᠂ ᠠᠭᠤᠯᠤᠭᠳᠠᠬᠤᠨ ᠵᠢᠴᠢ ᠲᠡᠭᠦᠨ᠎ᠤ ᠵᠣᠷᠢᠭ ᠰᠠᠨᠠᠭ᠋ᠠᠨ᠎ᠤ ᠢᠯᠡᠷᠡᠯ ᠵᠡᠷᠭᠡ ᠲᠠᠯ᠎ᠠ᠎ᠪᠠᠷ 《ᠮᠣᠩᠭᠤᠯ ᠮᠣᠷᠢᠨ》᠎ᠤ ᠵᠣᠷᠢᠭ ᠰᠠᠨᠠᠭ᠋ᠠᠨ᠎ᠤ ᠮᠥᠨ ᠴᠢᠨᠠᠷ᠎ᠤᠨ ᠠᠴᠢ ᠬᠣᠯᠪᠣᠭᠳᠠᠯ᠎ᠢ ᠭᠦᠨᠵᠡᠭᠡᠶ ᠶᠠᠷᠢᠵᠠᠶ᠃ ᠲᠡᠷᠡ᠂ 《ᠮᠣᠩᠭᠤᠯ         ᠮᠣᠷᠢᠨ》᠎ᠤ ᠵᠣᠷᠢᠭ ᠰᠠᠨᠠᠭ᠎ᠠ ᠵᠢ ᠪᠠᠳᠠᠷᠠᠭᠤᠯᠬᠤ᠎ᠳᠤ᠂ ᠡᠩ ᠲᠡᠷᠢᠭᠦᠨ᠎ᠳᠤ ᠨᠠᠮ᠎ᠳᠠᠭᠠᠨ ᠲᠤᠶ᠋ᠢᠯ᠎ᠤᠨ ᠦᠨᠡᠨᠴᠢ ᠰᠢᠳᠤᠷᠭᠤ ᠪᠠᠶ᠋ᠢᠵᠤ᠂ 《ᠬᠣᠶᠠᠷ᠎ᠢ ᠬᠠᠮᠠᠭ᠋ᠠᠯᠠᠬᠤ》 ᠵᠢ ᠡᠷᠡᠰ ᠪᠡᠶᠡᠯᠡᠭᠦᠯᠬᠦ ᠬᠡᠷᠡᠭᠲᠡᠶ᠃ ᠴᠡᠪᠡᠷ᠂ ᠨᠥᠬᠦᠴᠡᠯ ᠦᠭᠡᠢ᠎ᠪᠠᠷ ᠨᠠᠮ᠎ᠳᠠᠭᠠᠨ ᠦᠨᠡᠨᠴᠢ ᠰᠢᠳᠤᠷᠭᠤ᠂ ᠠᠷᠠᠳ ᠲᠦᠮᠡᠨ᠎ᠳᠡᠭᠡᠨ ᠦᠨᠡᠨᠴᠢ ᠰᠢᠳᠤᠷᠭᠤ ᠪᠠᠶ᠋ᠢᠬᠤ ᠵᠢ ᠪᠡᠶᠡᠯᠡᠭᠦᠯᠬᠦ᠎ᠳᠤ᠂ 《ᠦᠵᠡᠯ ᠰᠠᠨᠠᠭ᠋ᠠᠨ᠎ᠤ ᠺᠠᠯᠼ ᠳᠤᠲᠠᠭᠳᠠᠬᠤ᠂ ᠣᠶᠤᠨ ᠰᠠᠨᠠᠭ᠋ᠠᠨ᠎ᠤ ᠲᠠᠯ᠎ᠠ᠎ᠪᠠᠷ ᠳᠣᠷᠣᠶ᠋ᠢᠲᠠᠬᠤ᠂ ᠣᠪᠣᠷ ᠰᠤᠷᠲᠠᠯ᠎ᠤᠨ ᠲᠠᠯ᠎ᠠ᠎ᠪᠠᠷ ᠬᠤᠪᠢᠷᠬᠠᠤ》 ᠠᠰᠠᠭᠤᠳᠠᠯ᠎ᠢ ᠢᠯᠠᠨ ᠳᠠᠪᠠᠵᠤ᠂ ᠥᠷᠭᠡᠨ ᠣᠯᠠᠨ ᠨᠠᠮ᠎ᠤᠨ ᠭᠡᠰᠢᠭᠦᠨ ᠺᠠᠳ᠋ᠷᠴᠤᠳ᠎ᠢ ᠵᠣᠷᠢᠭᠵᠢᠭᠤᠯᠤᠨ ᠡᠭᠦᠷᠭᠡ ᠡᠭᠦᠷᠭᠡᠯᠡᠭᠦᠯᠵᠦ᠂ ᠠᠵᠢᠯ   ᠦᠢ᠍ᠯᠡᠰ ᠪᠦᠲᠦᠭᠡᠬᠦ᠎ᠪᠠᠷ ᠬᠦᠴᠦᠯᠡᠨ ᠴᠢᠷᠮᠠᠶ᠋ᠢᠬᠤ ᠬᠡᠷᠡᠭᠲᠡᠶ᠃ ᠬᠡᠵᠢᠶᠡᠳᠡ ᠬᠣᠶ᠋ᠢᠷᠭᠣᠰᠢᠬᠤ ᠦᠭᠡᠢ ᠤᠶᠤᠨ ᠰᠠᠨᠠᠭ᠋ᠠᠨ᠎ᠤ ᠳᠦᠷᠰᠦ ᠪᠠᠶ᠋ᠢᠳᠠᠯ ᠪᠠ ᠪᠤᠴᠠᠯᠲᠠ ᠦᠭᠡᠢ ᠤᠷᠤᠭᠰᠢᠯᠠᠬᠤ ᠲᠡᠮᠡᠴᠡᠯ᠎ᠤᠨ ᠳᠦᠷᠰᠦ ᠪᠠᠶ᠋ᠢᠳᠠᠯ ᠵᠶ᠋ᠠᠨ ᠪᠠᠷᠢᠮᠲᠠᠯᠠᠨ ᠪᠠᠳᠠᠷᠠᠭᠤᠯᠬᠤ ᠬᠡᠷᠡᠭᠲᠡᠶ ᠭᠡᠪᠡ᠃
      ᠡᠴᠦᠰ᠎ᠲᠤ᠂ ᠰᠢᠤᠢ ᠶᠦᠩ ᠵᠢᠶᠦ᠋ᠨ ᠨᠥᠬᠥᠷ ᠠᠵᠢᠯ᠎ᠤᠨ ᠪᠣᠳᠠᠲᠤ ᠪᠠᠶ᠋ᠢᠳᠠᠯ᠎ᠲᠠᠢ᠎ᠪᠠᠨ           ᠤᠶᠠᠯᠳᠤᠭᠤᠯᠤᠨ᠂ 《ᠮᠣᠩᠭᠤᠯ ᠮᠣᠷᠢᠨ᠎ᠤ ᠲᠠᠭᠤᠤ》 ᠳᠣᠲᠣᠷᠠᠬᠢ 《  ᠳᠠᠢ᠌ᠨ᠎ᠤ ᠲᠠᠯᠠᠪᠤᠷ᠎ᠲᠤ ᠠᠳᠡᠭᠰᠡᠨ ᠡᠵᠡᠨ ᠵᠶ᠋ᠠᠨ   ᠳᠠᠢ᠌ᠰᠤᠨ᠎ᠤ ᠰᠠᠪᠠᠷ᠎ᠲᠤ ᠠᠯᠳᠠᠭ᠎ᠠ ᠦᠭᠡᠢ᠂   ᠳᠠᠢ᠌ᠴᠢᠨ ᠨᠦᠬᠦᠳ᠎ᠤᠨ ᠵᠶ᠋ᠠᠨ ᠬᠡᠭᠦᠷ᠎ᠢ ᠰᠠᠬᠢᠨ ᠨᠢᠯᠪᠤᠰᠤ ᠪᠦᠮᠪᠦᠷᠢᠭᠦᠯᠦᠨ ᠵᠤᠭᠰᠤᠵᠤ   ᠪᠠᠢ᠌ᠭᠰᠠᠨ》 ᠭᠡᠳᠡᠭ ᠦᠭᠡ᠎ᠪᠠᠷ ᠡᠰᠢᠯᠡᠨ᠂ ᠰᠢᠨ᠎ᠡ ᠴᠠᠭ ᠦᠶ᠎ᠡ ᠵᠢᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠠᠵᠢᠯᠳᠠᠨ ᠪᠣᠯᠤᠭᠰᠠᠨ᠎ᠤ ᠬᠤᠪᠢ᠎ᠳᠤ᠂ ᠪᠠᠶ᠋ᠢᠯᠳᠤᠭ᠋ᠠᠨ᠎ᠤ ᠮᠣᠷᠢ ᠡᠵᠡᠨ᠎ᠳᠡᠭᠡᠨ ᠬᠠᠨᠳᠤᠬᠤ ᠮᠡᠲᠦ ᠭᠦᠨ ᠰᠡᠳᠬᠢᠯᠭᠡ ᠪᠠ ᠴᠢᠩ ᠵᠣᠷᠢᠭ ᠦᠨᠡᠨᠴᠢ ᠰᠡᠳᠬᠢᠯ ᠵᠣᠷᠢᠭ ᠰᠠᠨᠠᠭ᠎ᠠ᠎ᠲᠠᠢ ᠪᠠᠶ᠋ᠢᠵᠤ᠂ ᠲᠣᠭᠲᠠᠭᠰᠠᠨ ᠬᠠᠷᠠᠯᠲᠠ᠎ᠳᠠᠭᠠᠨ ᠡᠷᠡᠰ ᠰᠢᠭᠤᠷᠬᠠᠢ᠎ᠪᠠᠷ ᠤᠷᠤᠭᠰᠢᠯᠠᠵᠤ᠂ ᠬᠦᠨᠳᠦ ᠡᠭᠦᠷᠭᠡ ᠵᠢ ᠡᠭᠦᠷᠭᠡᠯᠡᠵᠦ᠂ ᠬᠠᠲᠠᠭᠤᠵᠢᠯᠲᠠᠢ ᠠᠵᠢᠯᠯᠠᠵᠤ ᠪᠣᠳᠠᠲᠠᠢ ᠠᠵᠢᠯᠯᠠᠨ᠂ ᠤᠭ ᠰᠠᠨᠠᠭ᠎ᠠ᠎ᠪᠠᠨ ᠦᠯᠦ ᠮᠠᠷᠲᠠᠵᠤ᠂ ᠡᠷᠡᠮᠡᠬᠡᠶ᠋ᠢᠯᠡᠨ ᠤᠷᠤᠭᠰᠢᠯᠠᠵᠤ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠦᠢ᠍ᠯᠡᠰ᠎ᠲᠤ ᠢᠳᠡᠪᠬᠢᠲᠡᠢ ᠬᠤᠪᠢ ᠨᠡᠮᠡᠷᠢ ᠦᠵᠡᠭᠦᠯᠬᠦ ᠬᠡᠷᠡᠭᠲᠡᠢ ᠭᠡᠵᠦ ᠱᠠᠭ᠋ᠠᠷᠳᠠᠵᠠᠢ᠃

ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠮᠢ ᠠᠬᠤᠢ ᠤᠷᠴᠢᠨ ᠲᠤᠭᠤᠷᠢᠨ᠎ᠤ ᠲᠢᠩᠬᠢᠮ
          
ᠬᠠᠮᠢᠶ᠎ᠡ ᠪᠦᠬᠦᠢ ᠰᠣᠨᠢᠨ
ᠪᠠᠷᠠᠭᠤᠨ ᠬᠡᠰᠡᠭ᠎ᠤᠨ ᠱᠠᠭ᠋ᠠᠷᠳᠠᠨ ᠪᠠᠶ᠋ᠢᠴᠠᠭ᠋ᠠᠬᠤ ᠲᠥᠪ᠎ᠠᠴᠠ ᠪᠠᠶᠠᠨᠨᠠᠭᠤᠷ ᠬᠤᠳᠠ ᠵᠢᠨ ᠬᠦᠬᠡᠮᠳᠦᠭ ᠣᠭᠲᠠᠷᠭᠤᠢ ᠵᠢ ᠬᠠᠮᠠᠭ᠋ᠠᠯᠠᠬᠤ ᠳᠠᠶ᠋ᠢᠯᠠᠯᠳᠤᠭ᠋ᠠᠨ᠎ᠢ ᠨᠠᠶ᠋ᠢᠳᠠᠪᠤᠷᠢᠵᠢᠭᠤᠯᠤᠭᠰᠠᠨ ᠪᠠᠶ᠋ᠢᠳᠠᠯ᠎ᠢ ᠮᠥᠷᠳᠡᠨ ᠱᠠᠭ᠋ᠠᠷᠳᠠᠨ ᠰᠢᠢ᠍ᠳᠪᠦᠷᠢᠯᠡᠭᠦᠯᠪᠡ
ᠪᠠᠷᠠᠭᠤᠨ ᠬᠡᠰᠡᠭ᠎ᠤᠨ ᠱᠠᠭ᠋ᠠᠷᠳᠠᠨ ᠪᠠᠶ᠋ᠢᠴᠠᠭ᠋ᠠᠬᠤ ᠲᠥᠪ᠎ᠤᠨ᠎ᠬᠢᠨ ᠬᠠᠲᠤᠨ ᠭᠣᠣᠯ᠎ᠤᠨ ᠰᠠᠪᠠ ᠭᠠᠵᠠᠷ᠎ᠤᠨ ᠬᠢᠮᠡᠯ ᠨᠡᠭᠤᠷ ᠵᠢ ᠶᠡᠷᠦᠩᠬᠡᠶ᠋ᠢᠯᠡᠨ ᠴᠡᠭᠴᠡᠯᠡᠨ ᠵᠠᠰᠠᠬᠤ ᠠᠵᠢᠯ᠎ᠢ ᠢᠳᠡᠪᠬᠢᠲᠡᠢ ᠬᠠᠮᠵᠢᠯᠴᠠᠨ ᠥᠷᠨᠢᠭᠦᠯᠵᠡᠢ
ᠪᠠᠷᠠᠭᠤᠨ ᠬᠡᠰᠡᠭ᠎ᠤᠨ ᠱᠠᠭ᠋ᠠᠷᠳᠠᠨ ᠪᠠᠶ᠋ᠢᠴᠠᠭ᠋ᠠᠬᠤ ᠲᠥᠪ᠎ᠤᠨ᠎ᠬᠢᠨ ᠦᠬᠠᠢ ᠬᠣᠲᠠ ᠵᠢᠴᠢ ᠡᠷᠬᠢᠨ ᠲᠣᠭᠣᠷᠢᠨ᠎ᠤ ᠭᠠᠵᠠᠷ ᠣᠷᠣᠨ᠎ᠤ ᠠᠭ᠋ᠠᠷ ᠮᠠᠨᠳᠠᠯ᠎ᠤᠨ ᠪᠣᠬᠢᠷᠲᠤᠯ᠎ᠢ ᠰᠡᠷᠭᠡᠶ᠋ᠢᠯᠡᠨ ᠵᠠᠰᠠᠬᠤ ᠬᠠᠤᠯᠢ ᠬᠡᠷᠡᠭᠵᠢᠭᠦᠯᠵᠦ ᠪᠠᠶ᠋ᠢᠭ᠎ᠠ ᠪᠠᠶ᠋ᠢᠳᠠᠯ᠎ᠢ ᠰᠣᠯᠪᠢᠴᠠᠯ ᠪᠠᠢ᠍ᠴᠠᠭ᠋ᠠᠯᠲᠠ ᠵᠢᠨ ᠠᠵᠢᠯᠯᠠᠭ᠎ᠠ ᠥᠷᠨᠢᠬᠦᠯᠪᠡ
ᠪᠠᠷᠠᠭᠤᠨ ᠬᠡᠰᠡᠭ᠎ᠤᠨ ᠱᠠᠭ᠋ᠠᠷᠳᠠᠨ ᠪᠠᠶ᠋ᠢᠴᠠᠭ᠋ᠠᠬᠤ ᠲᠥᠪ 2020 ᠣᠨ᠎ᠤ ᠠᠵᠢᠯ᠎ᠤᠨ ᠳ᠋ᠦᠩᠨᠡᠨ ᠰᠠᠶ᠋ᠢᠰᠢᠶᠠᠬᠤ ᠬᠤᠷᠠᠯ ᠬᠤᠷᠠᠯᠳᠤᠭᠤᠯᠪᠠ
ᠪᠠᠷᠠᠭᠤᠨ ᠬᠡᠰᠡᠭ᠎ᠤᠨ ᠱᠠᠭ᠋ᠠᠷᠳᠠᠨ ᠪᠠᠶ᠋ᠢᠴᠠᠭ᠋ᠠᠬᠤ ᠲᠥᠪ 2020 ᠣᠨ᠎ᠤ ᠠᠵᠢᠯ᠎ᠤᠨ ᠬᠢᠨᠠᠨ ᠰᠢᠯᠭ᠋ᠠᠬᠤ ᠬᠤᠷᠠᠯ ᠬᠤᠷᠠᠯᠳᠤᠭᠤᠯᠪᠠ
 
             蒙ICP备05000248号