ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠠᠮᠢ ᠠᠬᠤᠢ᠎ᠶᠢᠨ ᠬᠠᠮᠠᠭᠠᠯᠠᠯᠲᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ
ᠪᠣᠬᠢᠷᠳᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ
ᠠᠮᠢ ᠠᠬᠤᠢ᠎ᠶᠢᠨ ᠬᠠᠮᠠᠭᠠᠯᠠᠯᠲᠠ   -   ᠠᠵᠢᠯ ᠶᠠᠪᠤᠳᠠᠯ ᠭᠦᠢᠴᠡᠳᠬᠡᠬᠦ᠌ ᠵᠦᠭᠯᠡᠭᠦᠷ
ᠪᠠᠷᠠᠭᠤᠨ ᠬᠡᠰᠡᠭ᠎ᠤᠨ ᠱᠠᠭ᠋ᠠᠷᠳᠠᠨ ᠪᠠᠶ᠋ᠢᠴᠠᠭ᠋ᠠᠬᠤ ᠲᠥᠪ᠎ᠠᠴᠠ ᠪᠠᠶᠠᠨᠨᠠᠭᠤᠷ ᠬᠤᠳᠠ ᠵᠢᠨ ᠬᠦᠬᠡᠮᠳᠦᠭ ᠣᠭᠲᠠᠷᠭᠤᠢ ᠵᠢ ᠬᠠᠮᠠᠭ᠋ᠠᠯᠠᠬᠤ ᠳᠠᠶ᠋ᠢᠯᠠᠯᠳᠤᠭ᠋ᠠᠨ᠎ᠢ ᠨᠠᠶ᠋ᠢᠳᠠᠪᠤᠷᠢᠵᠢᠭᠤᠯᠤᠭᠰᠠᠨ ᠪᠠᠶ᠋ᠢᠳᠠᠯ᠎ᠢ ᠮᠥᠷᠳᠡᠨ ᠱᠠᠭ᠋ᠠᠷᠳᠠᠨ ᠰᠢᠢ᠍ᠳᠪᠦᠷᠢᠯᠡᠭᠦᠯᠪᠡ
ᠨᠡᠶ᠋ᠢᠲᠡᠯᠡᠭᠰᠡᠨ ᠴᠠᠭ᠄ 2021-01-14

      ᠥᠪᠡᠷᠲᠡᠭᠡᠨ ᠵᠠᠰᠠᠬᠤ ᠣᠷᠣᠨ᠎ᠤ ᠠᠮᠢ ᠠᠬᠤᠶ ᠣᠷᠴᠢᠨ ᠲᠣᠭᠣᠷᠢᠨ᠎ᠤ ᠲᠢᠩᠬᠢᠮ᠎ᠠᠴᠠ ᠪᠠᠶᠠᠨᠨᠠᠭᠤᠷ ᠬᠣᠲᠠ ᠵᠢᠨ ᠬᠦᠬᠡᠮᠳᠦᠭ ᠤᠭᠳᠠᠷᠭᠤᠢ ᠵᠢ ᠬᠠᠮᠠᠭ᠋ᠠᠯᠠᠬᠤ   ᠳᠠᠢ᠌ᠯᠠᠯᠳᠤᠭ᠋ᠠᠨ᠎ᠢ ᠨᠠᠶ᠋ᠢᠳᠠᠪᠤᠷᠢᠵᠢᠭᠤᠯᠤᠭᠰᠠᠨ ᠪᠠᠶ᠋ᠢᠳᠠᠯ᠎ᠢ ᠰᠠᠭᠤᠭ᠎ᠠ ᠭᠠᠵᠠᠷ᠎ᠲᠤᠨᠢ ᠱᠠᠭ᠋ᠠᠷᠳᠠᠨ ᠰᠢᠢ᠍ᠳᠪᠦᠷᠢᠯᠡᠭᠦᠯᠬᠦ ᠱᠠᠭ᠋ᠠᠷᠳᠠᠯᠭ᠎ᠠ ᠶᠣᠰᠣᠭ᠋ᠠᠷ᠂ ᠪᠠᠷᠠᠭᠤᠨ ᠬᠡᠰᠡᠭ᠎ᠤᠨ ᠱᠠᠭ᠋ᠠᠷᠳᠠᠨ ᠪᠠᠶ᠋ᠢᠴᠠᠭ᠋ᠠᠬᠤ ᠲᠥᠪ᠎ᠨᠢ 8 ᠳ᠋ᠤᠭ᠋ᠠᠷ ᠰᠠᠷ᠎ᠠ ᠵᠢᠨ ᠳᠤᠮᠳᠠᠴᠢ᠎ᠠᠴᠠ ᠡᠬᠢᠯᠡᠨ᠂ ᠤᠷᠢᠳ ᠬᠣᠵᠢᠳ 6 ᠤᠳᠠᠭ᠎ᠠ ᠪᠠᠶᠠᠨᠨᠠᠭᠤᠷ ᠬᠣᠲᠠ᠎ᠳᠤ ᠬᠦᠷᠴᠦ᠂ ᠬᠦᠬᠡᠮᠳᠦᠭ ᠤᠭᠳᠠᠷᠭᠤᠢ ᠵᠢ ᠬᠠᠮᠠᠭ᠋ᠠᠯᠠᠬᠤ ᠲᠡᠶ᠋ᠢᠨ᠎ᠢ ᠨᠠᠶ᠋ᠢᠳᠠᠪᠤᠷᠢᠵᠢᠭᠤᠯᠤᠭᠰᠠᠨ ᠪᠠᠶ᠋ᠢᠳᠠᠯ᠎ᠢ ᠮᠥᠷᠳᠡᠨ ᠱᠠᠭ᠋ᠠᠷᠳᠠᠨ ᠰᠢᠢ᠍ᠳᠪᠦᠷᠢᠯᠡᠭᠦᠯᠪᠡ᠃ ᠪᠥᠬᠥ ᠬᠣᠲᠠ ᠵᠢᠨ ᠨᠡᠭᠦᠷᠡᠰᠦ ᠪᠣᠷᠣᠯᠠᠭᠤᠯᠬᠤ ᠲᠣᠤᠷ   ᠴᠡᠭ᠎ᠲᠤ ᠵᠠᠳᠠᠭ᠋ᠠᠶ ᠣᠪᠣᠭ᠋ᠠᠯᠠᠨ ᠬᠠᠳᠠᠭ᠋ᠠᠯᠠᠬᠤ᠂ ᠨᠡᠭᠦᠷᠡᠰᠦ ᠰᠢᠲᠠᠭ᠋ᠠᠬᠤ ᠵᠢᠵᠢᠭ ᠭᠦᠸᠧᠯᠦ ᠵᠢ ᠰᠢᠭᠰᠢᠭᠳᠡᠭᠦᠯᠬᠦ᠂ ᠪᠠᠷᠢᠯᠭ᠎ᠠ ᠵᠢᠨ ᠠᠵᠢᠯ᠎ᠤᠨ ᠭᠠᠵᠠᠷ᠎ᠲᠤ 《ᠵᠢᠷᠭᠤᠭ᠋ᠠᠨ ᠵᠠᠭᠤᠨ᠎ᠤ ᠵᠠᠭᠤ》 ᠵᠢ ᠨᠠᠶ᠋ᠢᠳᠠᠪᠤᠷᠢᠵᠢᠭᠤᠯᠬᠤ᠂ ᠵᠠᠮ᠎ᠤᠨ ᠲᠣᠭᠣᠰᠣ ᠰᠢᠷᠣᠶ ᠵᠢ ᠬᠠᠮᠢᠶᠠᠷᠤᠨ ᠡᠵᠡᠮᠳᠡᠬᠦ᠂ ᠬᠠᠶ᠋ᠢᠷ ᠴᠢᠯᠠᠭᠤᠨ ᠮᠠᠲ᠋ᠧᠷᠢᠶᠠᠯ᠎ᠤᠨ ᠦᠢ᠍ᠯᠡᠳᠪᠦᠷᠢ ᠵᠢᠨ ᠲᠣᠭᠣᠰᠣ ᠬᠣᠷᠢᠭᠯᠠᠬᠤ ᠲᠦᠬᠦᠭᠡᠷᠦᠮᠵᠢ ᠵᠢᠨ ᠪᠥᠲᠥᠭᠡᠨ ᠪᠠᠶ᠋ᠢᠭᠤᠯᠤᠯᠲᠠ᠂ ᠠᠵᠤ ᠦᠢ᠍ᠯᠡᠳᠪᠦᠷᠢ ᠵᠢᠨ ᠠᠵᠤ ᠠᠬᠤᠢ᠌ᠯᠠᠯ ᠵᠣᠬᠢᠶᠠᠨ ᠪᠠᠶ᠋ᠢᠭᠤᠯᠤᠯᠲᠠ ᠥᠬᠡᠶ᠎ᠪᠠᠷ ᠵᠠᠰᠠᠬᠤ᠂ 《ᠲᠠᠷᠠᠬᠠᠶ ᠪᠤᠲᠠᠷᠬᠠᠶ ᠡᠮᠬᠢ ᠵᠠᠮᠪᠠᠷᠠᠭ᠎ᠠ ᠥᠬᠡᠶ ᠪᠣᠬᠢᠷᠲᠤᠯ》᠎ᠢ ᠶᠡᠷᠦᠩᠬᠡᠶ᠋ᠢᠯᠡᠨ ᠴᠡᠭᠴᠡᠯᠡᠨ ᠵᠠᠰᠠᠬᠤ᠂ ᠠᠵᠤ   ᠦᠢ᠍ᠯᠡᠳᠪᠦᠷᠢ ᠵᠢᠨ ᠵᠤᠤᠬ᠎ᠠ ᠵᠢ ᠰᠢᠭᠰᠢᠭᠳᠡᠭᠦᠯᠵᠦ ᠴᠠᠭ᠋ᠠᠵᠠᠯᠠᠬᠤ ᠵᠡᠷᠭᠡ ᠬᠦᠬᠡᠮᠳᠦᠭ ᠣᠭᠲᠠᠷᠭᠤᠶ ᠵᠢ ᠬᠠᠮᠠᠭ᠋ᠠᠯᠠᠬᠤ ᠲᠡᠶ᠋ᠢᠨ᠎ᠤ ᠭᠣᠤᠯᠳᠠᠯᠭ᠎ᠠ᠎ᠲᠠᠢ ᠠᠵᠢᠯ᠎ᠤᠨ ᠡᠭᠦᠷᠭᠡ ᠵᠢ ᠨᠠᠶ᠋ᠢᠳᠠᠪᠤᠷᠢᠵᠢᠭᠤᠯᠤᠨ ᠲᠤᠬᠠᠶ ᠵᠢᠨ ᠲᠠᠯᠠᠪᠤᠷ᠎ᠲᠤᠨᠢ ᠪᠠᠶ᠋ᠢᠴᠠᠭ᠋ᠠᠯᠲᠠ ᠬᠢᠵᠦ ᠰᠢᠮᠳᠠᠭᠤᠯᠤᠨ ᠪᠠᠶ᠋ᠢᠴᠠᠭ᠋ᠠᠬᠤ ᠵᠢ ᠭᠣᠤᠯᠳᠠᠯᠭ᠎ᠠ᠎ᠲᠠᠢ ᠥᠷᠨᠢᠭᠦᠯᠪᠡ᠃ ᠢᠯᠡ᠎ᠪᠠᠷ ᠪᠠᠶ᠋ᠢᠴᠠᠭ᠋ᠠᠵᠤ ᠳᠠᠯᠳᠠᠭᠤᠷ ᠰᠤᠷᠪᠤᠯᠵᠢᠯᠠᠭᠰᠠᠨ ᠵᠢᠴᠢ ᠰᠥᠨᠢ᠎ᠪᠠᠷ ᠪᠠᠶ᠋ᠢᠴᠠᠭ᠋ᠠᠭᠰᠠᠨ 176 ᠭᠠᠷᠤᠢ ᠠᠵᠤ ᠠᠬᠤᠶ᠋ᠢᠯᠠᠯ (ᠴᠡᠭ)᠎ᠢ ᠠᠮᠢ ᠠᠬᠤᠢ ᠣᠷᠴᠢᠨ ᠲᠣᠭᠣᠷᠢᠨ᠎ᠤ   ᠲᠣᠪᠴᠢᠶ᠎ᠠ᠂ ᠣᠷᠣᠨ ᠰᠠᠭᠤᠴᠠ ᠪᠠ ᠬᠤᠳᠠ ᠬᠥᠳᠡᠭᠡ ᠵᠢᠨ ᠪᠦᠳᠦᠬᠡᠨ ᠪᠠᠶ᠋ᠢᠭᠤᠯᠤᠯᠲᠠ ᠵᠢᠨ   ᠲᠣᠪᠴᠢᠶ᠎ᠠ᠂ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ   ᠲᠣᠪᠴᠢᠶ᠎ᠠ᠂ ᠵᠠᠮ ᠬᠠᠷᠢᠯᠴᠠᠭ᠋ᠠᠨ᠎ᠤ   ᠲᠣᠪᠴᠢᠶ᠎ᠠ᠂ ᠮᠠᠰᠢᠨ ᠲᠡᠷᠭᠡᠨ᠎ᠤ ᠬᠠᠮᠢᠶᠠᠷᠤᠯᠲᠠ ᠵᠢᠨ ᠭᠠᠵᠠᠷ ᠵᠡᠷᠭᠡ ᠠᠭ᠋ᠠᠷ ᠮᠠᠨᠳᠠᠯ᠎ᠤᠨ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠡᠭᠦᠷᠭᠡ ᠬᠠᠷᠢᠭᠤᠴᠠᠯᠭ᠎ᠠ ᠵᠢ ᠡᠭᠦᠷᠭᠡᠯᠡᠵᠦ ᠪᠠᠶ᠋ᠢᠭ᠎ᠠ ᠰᠠᠯᠠᠭ᠎ᠠ ᠮᠥᠴᠢᠷ᠎ᠢ ᠰᠤᠷᠪᠤᠯᠵᠢᠯᠠᠨ ᠶᠠᠷᠢᠯᠴᠠᠵᠤ᠂ ᠬᠦᠬᠡᠮᠳᠦᠭ ᠣᠭᠲᠠᠷᠭᠤᠢ ᠵᠢ ᠬᠠᠮᠠᠭ᠋ᠠᠯᠠᠬᠤ ᠳᠠᠶ᠋ᠢᠯᠠᠯᠳᠤᠭ᠋ᠠᠨ᠎ᠤ ᠢᠯᠠᠯᠲᠠ ᠵᠢ ᠤᠯᠬᠤ ᠬᠠᠮᠲᠤᠷᠠᠯ᠎ᠤᠨ ᠬᠦᠴᠦᠨ᠎ᠢ ᠬᠠᠮᠲᠤᠪᠠᠷ ᠪᠦᠷᠢᠯᠳᠦᠭᠦᠯᠵᠡᠢ᠃ ᠣᠳᠣ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠳᠤ ᠬᠦᠬᠡᠮᠳᠦᠭ ᠣᠭᠲᠠᠷᠭᠤᠢ ᠵᠢ ᠬᠠᠮᠠᠭ᠋ᠠᠯᠠᠬᠤ ᠳᠠᠶ᠋ᠢᠯᠠᠯᠳᠤᠭ᠋ᠠᠨ᠎ᠤ ᠢᠯᠠᠯᠲᠠ ᠵᠢ ᠤᠯᠬᠤ 2020 ᠣᠨ᠎ᠤ ᠠᠵᠢᠯᠯᠠᠭ᠎ᠠ ᠵᠢᠨ ᠠᠵᠢᠯ᠎ᠤᠨ ᠠᠬᠢᠴᠠ ᠵᠢᠴᠢ ᠦᠷ᠎ᠡ ᠪᠦᠲᠦᠮᠵᠢ ᠵᠢᠨ ᠦᠨᠡᠯᠡᠯᠲᠡ ᠵᠢᠨ ᠬᠦᠰᠦᠨᠦᠭ ᠵᠢᠴᠢ ᠱᠠᠭ᠋ᠠᠷᠳᠠᠨ ᠭᠦᠢ᠍ᠴᠡᠳᠬᠡᠭᠦᠯᠬᠦ ᠲᠤᠰᠬᠠᠢ ᠮᠡᠳᠡᠭᠦᠯᠦᠯᠲᠡ ᠵᠢ 9 ᠬᠤᠭᠤᠴᠠᠭ᠎ᠠ ᠮᠡᠳᠡᠭᠦᠯᠵᠡᠢ᠃ ᠣᠷᠣᠨ ᠨᠤᠲᠤᠭ᠎ᠲᠤ ᠱᠠᠭ᠋ᠠᠷᠳᠠᠨ ᠰᠢᠢ᠍ᠳᠪᠦᠷᠢᠯᠡᠭᠦᠯᠦᠭᠰᠡᠨ ᠮᠡᠳᠡᠭᠡ ᠵᠠᠩᠭᠢ ᠵᠢ 11 ᠬᠤᠭᠤᠴᠠᠭ᠎ᠠ ᠬᠠᠷᠢᠭᠤ ᠲᠤᠰᠬᠠᠵᠤ᠂ ᠨᠡᠭᠦᠷᠡᠰᠦ ᠪᠣᠷᠣᠯᠠᠭᠤᠯᠬᠤ ᠲᠣᠣᠷ   ᠴᠡᠭ᠎ᠤᠨ ᠪᠢᠲᠡᠭᠦᠮᠵᠢᠯᠡᠭᠰᠡᠨ ᠬᠥᠮᠥᠷᠭᠡ ᠵᠢᠨ ᠪᠦᠳᠦᠬᠡᠨ ᠪᠠᠶ᠋ᠢᠭᠤᠯᠤᠯᠲᠠ᠂ ᠪᠠᠷᠢᠯᠭ᠎ᠠ (ᠨᠤᠷᠠᠭ᠋ᠠᠵᠤ         ᠨᠡᠭᠦᠯᠭᠡᠬᠦ) ᠪᠠᠷᠢᠯᠭ᠎ᠠ ᠵᠢᠨ ᠭᠠᠵᠠᠷ᠎ᠤᠨ ᠲᠣᠭᠣᠰᠣ ᠳᠡᠭᠳᠡᠬᠦ ᠵᠢ ᠵᠠᠰᠠᠬᠤ᠂ ᠬᠠᠶ᠋ᠢᠷ ᠴᠢᠯᠠᠭᠤᠨ ᠮᠠᠲ᠋ᠧᠷᠢᠶᠠᠯ᠎ᠤᠨ ᠦᠢ᠍ᠯᠡᠳᠪᠦᠷᠢ ᠵᠢᠨ ᠲᠣᠭᠣᠰᠣ ᠳᠡᠭᠳᠡᠬᠦ ᠵᠢ ᠬᠠᠮᠢᠶᠠᠷᠤᠨ ᠡᠵᠡᠮᠳᠡᠬᠦ᠂ ᠮᠠᠰᠢᠨ ᠲᠡᠷᠭᠡᠨ᠎ᠤ ᠭᠠᠳᠠᠭᠰᠢᠯᠠᠭᠤᠯᠤᠯᠲᠠ ᠵᠢ ᠠᠯᠪᠠᠳᠠᠯᠭ᠎ᠠ᠎ᠪᠠᠷ ᠬᠠᠮᠠᠭ᠋ᠠᠯᠠᠬᠤ ᠲᠦᠷᠢᠮ᠎ᠢ ᠪᠠᠶ᠋ᠢᠭᠤᠯᠬᠤ᠂ ᠠᠵᠤ ᠦᠢ᠍ᠯᠡᠳᠪᠦᠷᠢ ᠵᠢᠨ ᠠᠵᠤ   ᠠᠬᠤᠢ᠌ᠯᠠᠯ᠎ᠤᠨ ᠵᠣᠬᠢᠶᠠᠨ ᠪᠠᠶ᠋ᠢᠭᠤᠯᠤᠯᠲᠠ ᠦᠬᠡᠢ᠎ᠪᠠᠷ ᠵᠠᠰᠠᠬᠤ᠂ 《ᠲᠠᠷᠠᠬᠠᠶ ᠪᠤᠲᠠᠷᠬᠠᠶ ᠡᠮᠬᠢ ᠵᠠᠮᠪᠠᠷᠠᠭ᠎ᠠ ᠦᠬᠡᠢ ᠪᠣᠬᠢᠷᠲᠤᠯ᠎ᠲᠠᠢ》 ᠠᠵᠤ ᠠᠬᠤᠶ᠋ᠢᠯᠠᠯ᠎ᠢ ᠲᠡᠰ ᠳᠡᠪᠰᠢᠭᠦᠯᠦᠨ ᠥᠭᠡᠷᠡᠴᠢᠯᠡᠬᠦ᠂ ᠡᠮᠬᠢᠯᠡᠨ ᠨᠡᠶ᠋ᠢᠯᠡᠭᠦᠯᠵᠦ ᠨᠡᠭᠦᠯᠭᠡᠬᠦ᠂ ᠬᠠᠭ᠋ᠠᠵᠤ ᠵᠣᠭᠰᠣᠭ᠋ᠠᠬᠤ ᠬᠦᠴᠦᠨ ᠦᠬᠡᠢ ᠪᠣᠯᠭ᠋ᠠᠬᠤ᠂ ᠠᠵᠤ ᠦᠢ᠍ᠯᠡᠳᠪᠦᠷᠢ ᠵᠢᠨ ᠵᠤᠤᠬ᠎ᠠ ᠵᠢ ᠭᠦᠨᠵᠡᠭᠡᠶ ᠵᠠᠰᠠᠬᠤ ᠵᠡᠷᠭᠡ ᠭᠣᠣᠯᠳᠠᠯᠭ᠎ᠠ᠎ᠲᠠᠢ ᠬᠦᠴᠢᠷ ᠠᠰᠠᠭᠤᠳᠠᠯ᠎ᠢ ᠤᠯᠠᠮ ᠨᠢᠭᠡ ᠠᠯᠬᠤᠮ   ᠰᠢᠢ᠍ᠳᠪᠦᠷᠢᠯᠡᠨ ᠨᠠᠶ᠋ᠢᠳᠠᠪᠤᠷᠢᠵᠢᠭᠤᠯᠬᠤ ᠵᠢ ᠬᠦᠴᠦᠲᠡᠶ ᠪᠥᠭᠡᠳ ᠪᠦᠲᠦᠮᠵᠢᠲᠡᠶ᠎ᠪᠠᠷ ᠲᠦᠯᠬᠢᠨ ᠠᠬᠢᠭᠤᠯᠪᠠ᠃ ᠪᠣᠬᠢᠷᠲᠤᠯ᠎ᠢ ᠰᠡᠷᠭᠡᠶ᠋ᠢᠯᠡᠨ ᠵᠠᠰᠠᠬᠤ ᠪᠣᠭᠣᠮᠲᠠ ᠰᠢᠪᠲᠤᠯᠬᠤ ᠳᠠᠶ᠋ᠢᠯᠠᠯᠳᠤᠭ᠋ᠠᠨ᠎ᠳᠤ ᠬᠦᠴᠦ ᠨᠡᠮᠡᠷᠢᠯᠡᠵᠦ᠂ ᠬᠦᠬᠡ ᠣᠭᠲᠠᠷᠭᠤᠢ ᠵᠢ ᠬᠠᠮᠠᠭ᠋ᠠᠯᠠᠬᠤ ᠳᠠᠶ᠋ᠢᠯᠠᠯᠳᠤᠭ᠋ᠠᠨ᠎ᠤ ᠲᠡᠭᠦᠰ ᠠᠮᠵᠢᠯᠲᠠ᠎ᠲᠠᠢ ᠲᠡᠭᠦᠰᠬᠦ ᠵᠢ ᠪᠠᠳᠣᠯᠠᠪᠠ᠃

ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠮᠢ ᠠᠬᠤᠢ ᠤᠷᠴᠢᠨ ᠲᠤᠭᠤᠷᠢᠨ᠎ᠤ ᠲᠢᠩᠬᠢᠮ
          
ᠬᠠᠮᠢᠶ᠎ᠡ ᠪᠦᠬᠦᠢ ᠰᠣᠨᠢᠨ
ᠪᠠᠷᠠᠭᠤᠨ ᠬᠡᠰᠡᠭ᠎ᠤᠨ ᠱᠠᠭ᠋ᠠᠷᠳᠠᠨ ᠪᠠᠶ᠋ᠢᠴᠠᠭ᠋ᠠᠬᠤ ᠲᠥᠪ᠎ᠤᠨ᠎ᠬᠢᠨ ᠬᠠᠲᠤᠨ ᠭᠣᠣᠯ᠎ᠤᠨ ᠰᠠᠪᠠ ᠭᠠᠵᠠᠷ᠎ᠤᠨ ᠬᠢᠮᠡᠯ ᠨᠡᠭᠤᠷ ᠵᠢ ᠶᠡᠷᠦᠩᠬᠡᠶ᠋ᠢᠯᠡᠨ ᠴᠡᠭᠴᠡᠯᠡᠨ ᠵᠠᠰᠠᠬᠤ ᠠᠵᠢᠯ᠎ᠢ ᠢᠳᠡᠪᠬᠢᠲᠡᠢ ᠬᠠᠮᠵᠢᠯᠴᠠᠨ ᠥᠷᠨᠢᠭᠦᠯᠵᠡᠢ
ᠪᠠᠷᠠᠭᠤᠨ ᠬᠡᠰᠡᠭ᠎ᠤᠨ ᠱᠠᠭ᠋ᠠᠷᠳᠠᠨ ᠪᠠᠶ᠋ᠢᠴᠠᠭ᠋ᠠᠬᠤ ᠲᠥᠪ᠎ᠤᠨ᠎ᠬᠢᠨ ᠦᠬᠠᠢ ᠬᠣᠲᠠ ᠵᠢᠴᠢ ᠡᠷᠬᠢᠨ ᠲᠣᠭᠣᠷᠢᠨ᠎ᠤ ᠭᠠᠵᠠᠷ ᠣᠷᠣᠨ᠎ᠤ ᠠᠭ᠋ᠠᠷ ᠮᠠᠨᠳᠠᠯ᠎ᠤᠨ ᠪᠣᠬᠢᠷᠲᠤᠯ᠎ᠢ ᠰᠡᠷᠭᠡᠶ᠋ᠢᠯᠡᠨ ᠵᠠᠰᠠᠬᠤ ᠬᠠᠤᠯᠢ ᠬᠡᠷᠡᠭᠵᠢᠭᠦᠯᠵᠦ ᠪᠠᠶ᠋ᠢᠭ᠎ᠠ ᠪᠠᠶ᠋ᠢᠳᠠᠯ᠎ᠢ ᠰᠣᠯᠪᠢᠴᠠᠯ ᠪᠠᠢ᠍ᠴᠠᠭ᠋ᠠᠯᠲᠠ ᠵᠢᠨ ᠠᠵᠢᠯᠯᠠᠭ᠎ᠠ ᠥᠷᠨᠢᠬᠦᠯᠪᠡ
ᠪᠠᠷᠠᠭᠤᠨ ᠬᠡᠰᠡᠭ᠎ᠤᠨ ᠱᠠᠭ᠋ᠠᠷᠳᠠᠨ ᠪᠠᠶ᠋ᠢᠴᠠᠭ᠋ᠠᠬᠤ ᠲᠥᠪ 2020 ᠣᠨ᠎ᠤ ᠠᠵᠢᠯ᠎ᠤᠨ ᠳ᠋ᠦᠩᠨᠡᠨ ᠰᠠᠶ᠋ᠢᠰᠢᠶᠠᠬᠤ ᠬᠤᠷᠠᠯ ᠬᠤᠷᠠᠯᠳᠤᠭᠤᠯᠪᠠ
ᠪᠠᠷᠠᠭᠤᠨ ᠬᠡᠰᠡᠭ᠎ᠤᠨ ᠱᠠᠭ᠋ᠠᠷᠳᠠᠨ ᠪᠠᠶ᠋ᠢᠴᠠᠭ᠋ᠠᠬᠤ ᠲᠥᠪ 2020 ᠣᠨ᠎ᠤ ᠠᠵᠢᠯ᠎ᠤᠨ ᠬᠢᠨᠠᠨ ᠰᠢᠯᠭ᠋ᠠᠬᠤ ᠬᠤᠷᠠᠯ ᠬᠤᠷᠠᠯᠳᠤᠭᠤᠯᠪᠠ
ᠪᠠᠷᠠᠭᠤᠨ ᠬᠡᠰᠡᠭ᠎ᠤᠨ ᠱᠠᠭ᠋ᠠᠷᠳᠠᠨ ᠪᠠᠶ᠋ᠢᠴᠠᠭ᠋ᠠᠬᠤ ᠲᠥᠪ᠎ᠤᠨ᠎ᠬᠢᠨ ᠲᠤᠬᠠᠶ᠋ᠢᠯᠠᠭᠰᠠᠨ ᠠᠵᠢᠯ᠎ᠤᠨ ᠶᠡᠷᠦᠩᠬᠡᠶ᠋ᠢᠯᠡᠭᠰᠡᠨ ᠴᠢᠳᠠᠪᠤᠷᠢ ᠵᠢᠨ ᠰᠣᠷᠢᠯᠲᠠ ᠰᠢᠯᠭ᠋ᠠᠯᠲᠠ ᠬᠢᠪᠡ
 
             蒙ICP备05000248号