ᠰᠢ ᠵᠢᠨ ᠫᠢᠩ᠎ᠤᠨ ᠠᠮᠢ ᠠᠬᠤᠶ ᠵᠢᠨ ᠪᠣᠯᠪᠠᠰᠤᠨ᠎ᠤ ᠦᠵᠡᠯ ᠰᠠᠨᠠᠭ᠎ᠠ ᠪᠣᠯᠤᠨ ᠪᠦᠬᠦ ᠤᠯᠤᠰ᠎ᠤᠨ ᠠᠮᠢ ᠠᠬᠤᠶ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠶᠡᠬᠡ ᠬᠤᠷᠠᠯ᠎ᠤᠨ ᠵᠣᠷᠢᠭ ᠰᠠᠨᠠᠭ᠎ᠠ ᠵᠢ ᠭᠦᠨᠵᠡᠭᠡᠶ 《ᠠᠮᠢ ᠠᠬᠤᠶ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢ ᠪᠥᠬᠥ ᠲᠠᠯ᠎ᠠ᠎ᠪᠠᠷ ᠴᠢᠩᠭ᠋ᠠᠳᠬᠠᠵᠤ ᠪᠣᠬᠢᠷᠲᠤᠯ᠎ᠢ ᠰᠡᠷᠭᠡᠶ᠋ᠢᠯᠡᠨ ᠵᠠᠰᠠᠬᠤ ᠪᠤᠭᠤᠮᠲᠠ ᠰᠢᠪᠳᠤᠯᠬᠤ ᠠᠵᠢᠯ᠎ᠢ ᠡᠷᠡᠰ ᠰᠠᠶ᠋ᠢᠲᠤᠷ ᠬᠢᠬᠦ ᠲᠤᠬᠠᠶ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠠ ᠲᠦᠷᠤ ᠵᠢᠨ ᠶᠠᠪᠤᠳᠠᠯ᠎ᠤᠨ ᠬᠤᠷᠢᠶ᠎ᠠ ᠵᠢᠨ ᠰᠠᠨᠠᠯ》᠎ᠤᠨ ᠬᠣᠯᠪᠣᠭᠳᠠᠯ ᠪᠥᠬᠥᠶ ᠱᠠᠭ᠋ᠠᠷᠳᠠᠯᠭ᠎ᠠ ᠵᠢ ᠪᠥᠬᠥ ᠲᠠᠯ᠎ᠠ᠎ᠪᠠᠷ ᠨᠠᠶ᠋ᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠶ ᠣᠷᠴᠢᠨ ᠲᠣᠭᠣᠷᠢᠨ᠎ᠤ ᠲᠢᠩᠬᠢᠮ᠎ᠠᠴᠠ 《ᠠᠮᠢ ᠠᠬᠤᠶ ᠵᠢᠨ ᠬᠠᠮᠠᠭ᠋ᠠᠯᠠᠯᠲᠠ ᠵᠢᠨ ᠤᠯᠠᠭ᠋ᠠᠨ ᠱᠤᠭᠤᠮ᠂ ᠣᠷᠴᠢᠨ ᠲᠣᠭᠣᠷᠢᠨ᠎ᠤ ᠶᠠᠰᠤ ᠴᠢᠨᠠᠷ᠎ᠤᠨ ᠬᠤᠷᠢᠭ᠎ᠠ ᠱᠤᠭᠤᠮ᠂ ᠡᠬᠢ ᠪᠠᠶᠠᠯᠢᠭ᠎ᠤᠨ ᠠᠰᠢᠭᠯᠠᠯᠲᠠ ᠵᠢᠨ ᠳᠡᠭᠡᠳᠦ ᠱᠤᠭᠤᠮ ᠪᠠ ᠠᠮᠢ ᠠᠬᠤᠶ ᠣᠷᠴᠢᠨ ᠲᠣᠭᠣᠷᠢᠨ᠎ᠤ ᠵᠥᠪᠰᠢᠶᠡᠷᠡᠯ᠎ᠤᠨ ᠨᠠᠷᠢᠨ ᠲᠠᠩᠰᠠ》 (ᠳᠣᠷᠣᠭᠰᠢ 《ᠭᠤᠷᠪᠠᠨ ᠱᠤᠭᠤᠮ ᠨᠢᠭᠡ ᠲᠠᠩᠰᠠ》 ᠭᠡᠵᠦ ᠲᠣᠪᠴᠢᠯᠠᠨ᠎ᠠ) ᠵᠢ ᠵᠣᠬᠢᠶᠠᠨ ᠪᠠᠶ᠋ᠢᠭᠤᠯᠤᠨ ᠨᠠᠶ᠋ᠢᠷᠠᠭᠤᠯᠤᠨ ᠵᠣᠬᠢᠶᠠᠪᠠ᠃ 2020 ᠣᠨ᠎ᠤ 12 ᠳ᠋ᠤᠭ᠋ᠠᠷ ᠰᠠᠷ᠎ᠠ ᠵᠢᠨ 23᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠪᠠᠶ᠋ᠢᠩᠭᠤ ᠵᠢᠨ ᠬᠤᠷᠠᠯ ᠠᠴᠠ 《〈ᠭᠤᠷᠪᠠᠨ ᠱᠤᠭᠤᠮ ᠨᠢᠭᠡ ᠲᠠᠩᠰᠠ〉 ᠵᠢᠨ ᠠᠮᠢ ᠠᠬᠤᠶ ᠣᠷᠴᠢᠨ ᠲᠣᠭᠣᠷᠢᠨ᠎ᠤ ᠣᠷᠣᠨ ᠬᠤᠪᠢᠶᠠᠨ ᠬᠠᠮᠢᠶᠠᠷᠤᠨ ᠡᠵᠡᠮᠳᠡᠬᠦ ᠵᠢ ᠬᠡᠷᠡᠭᠵᠢᠭᠦᠯᠬᠦ ᠲᠤᠬᠠᠶ ᠰᠠᠨᠠᠯ》᠎ᠢ ᠬᠢᠨᠠᠨ ᠶᠠᠷᠢᠯᠴᠠᠵᠤ ᠪᠠᠲᠤᠯᠠᠭᠰᠠᠨ ᠪᠥᠭᠡᠳ 2020 ᠣᠨ᠎ᠤ 12 ᠳ᠋ᠤᠭ᠋ᠠᠷ ᠰᠠᠷ᠎ᠠ ᠵᠢᠨ 29᠎ᠤ ᠡᠳᠦᠷ ᠵᠢᠩᠬᠢᠨᠢ᠎ᠪᠠᠷ ᠳᠠᠷᠤᠮᠠᠯᠯᠠᠨ ᠲᠠᠷᠬᠠᠭ᠋ᠠᠪᠠ᠂ ᠡᠨᠡ᠎ᠨᠢ ᠮᠠᠨ᠎ᠤ ᠣᠷᠣᠨ᠎ᠤ 《ᠭᠤᠷᠪᠠᠨ ᠱᠤᠭᠤᠮ ᠨᠢᠭᠡ ᠲᠠᠩᠰᠠ》 ᠵᠢ ᠨᠠᠶ᠋ᠢᠷᠠᠭᠤᠯᠤᠨ ᠵᠣᠬᠢᠶᠠᠬᠤ ᠠᠵᠢᠯ ᠲᠡᠭᠦᠰ ᠠᠮᠵᠢᠯᠲᠠ᠎ᠲᠠᠢ ᠳᠠᠭᠤᠰᠴᠤ᠂ ᠠᠮᠢ ᠠᠬᠤᠶ ᠣᠷᠴᠢᠨ ᠲᠣᠭᠣᠷᠢᠨ᠎ᠤ ᠣᠷᠣᠨ ᠬᠤᠪᠢᠶᠠᠨ ᠬᠠᠮᠢᠶᠠᠷᠤᠨ ᠡᠵᠡᠮᠳᠡᠬᠦ ᠰᠢᠰᠲ᠋ᠧᠮᠵᠢ ᠵᠢᠨ ᠪᠠᠶ᠋ᠢᠭᠤᠯᠤᠯᠲᠠ ᠨᠢᠭᠡᠨᠲᠡ ᠦᠨᠳᠦᠰᠦᠨ᠎ᠳᠡᠭᠡᠨ ᠪᠦᠷᠢᠯᠳᠦᠭᠰᠡᠨ᠎ᠢ ᠬᠠᠷᠠᠭᠤᠯᠵᠤ ᠪᠠᠶ᠋ᠢᠨ᠎ᠠ᠃
《ᠭᠤᠷᠪᠠᠨ ᠱᠤᠭᠤᠮ ᠨᠢᠭᠡ ᠲᠠᠩᠰᠠ》 ᠵᠢ ᠨᠠᠶ᠋ᠢᠷᠠᠭᠤᠯᠤᠨ ᠵᠣᠬᠢᠶᠠᠭᠰᠠᠨ ᠦᠷ᠎ᠡ ᠪᠦᠲᠦᠭᠡᠯ᠎ᠨᠢ ᠣᠷᠣᠨ ᠪᠦᠰᠡ ᠵᠢᠨ ᠪᠠᠶ᠋ᠢᠭ᠋ᠠᠯᠢ ᠵᠢᠨ ᠨᠥᠬᠥᠴᠡᠯ᠂ ᠬᠣᠲᠠ ᠵᠢᠨ ᠬᠥᠭᠵᠢᠯᠲᠡ ᠵᠢᠨ ᠪᠠᠶ᠋ᠢᠯᠳᠤᠬᠤ ᠪᠣᠳᠣᠯᠭ᠎ᠠ᠂ ᠠᠵᠤ ᠠᠬᠤᠶ ᠵᠢᠨ ᠠᠵᠤ ᠦᠢ᠍ᠯᠡᠰ᠎ᠤᠨ ᠣᠨᠴᠠᠯᠢᠭ᠂ ᠠᠮᠢ ᠠᠬᠤᠶ ᠣᠷᠴᠢᠨ ᠲᠣᠭᠣᠷᠢᠨ᠎ᠤ ᠴᠢᠳᠠᠮᠵᠢ ᠵᠡᠷᠭᠡ ᠠᠭᠤᠯᠭ᠎ᠠ᠎ᠲᠠᠢ ᠤᠶᠠᠯᠳᠤᠵᠤ᠂ 2025 ᠣᠨ ᠪᠠ 2035 ᠣᠨ᠎ᠤ ᠳᠤᠮᠳᠠ ᠠᠯᠤᠰ ᠬᠤᠭᠤᠴᠠᠭ᠋ᠠᠨ᠎ᠤ ᠡᠭᠦᠷᠭᠡ ᠬᠠᠷᠠᠯᠲᠠ ᠵᠢ ᠳᠤᠷᠠᠳᠴᠤ᠂ ᠣᠷᠣᠨ ᠵᠠᠶ ᠵᠢᠨ ᠪᠠᠶ᠋ᠢᠷᠢᠰᠢᠭᠤᠯᠤᠯᠲᠠ ᠵᠢᠨ ᠬᠢᠵᠠᠭ᠋ᠠᠷᠯᠠᠯ᠂ ᠪᠣᠬᠢᠷᠲᠤᠯ ᠪᠣᠳᠠᠰ᠎ᠤᠨ ᠭᠠᠳᠠᠭᠰᠢᠯᠠᠭᠤᠯᠤᠯᠲᠠ ᠵᠢ ᠬᠠᠮᠢᠶᠠᠷᠤᠨ ᠡᠵᠡᠮᠳᠡᠬᠦ᠂ ᠣᠷᠴᠢᠨ ᠠᠬᠤᠶ ᠵᠢᠨ ᠠᠶᠤᠯ ᠲᠦᠭᠰᠢᠭᠦᠷᠢ ᠵᠢ ᠰᠡᠷᠭᠡᠶ᠋ᠢᠯᠡᠨ ᠡᠵᠡᠮᠳᠡᠬᠦ ᠪᠠ ᠡᠬᠢ ᠪᠠᠶᠠᠯᠢᠭ᠎ᠢ ᠨᠡᠭᠡᠭᠡᠨ ᠠᠰᠢᠭᠯᠠᠬᠤ ᠦᠷ᠎ᠡ ᠪᠦᠲᠦᠮᠵᠢ ᠵᠡᠷᠭᠡ ᠲᠠᠯ᠎ᠠ᠎ᠪᠠᠷ ᠬᠠᠮᠢᠶᠠᠷᠤᠨ ᠡᠵᠡᠮᠳᠡᠬᠦ ᠱᠠᠭ᠋ᠠᠷᠳᠠᠯᠭ᠎ᠠ ᠵᠢ ᠲᠣᠳᠣᠷᠬᠠᠶ᠋ᠢᠯᠠᠵᠤ᠂ ᠥᠪᠡᠷᠲᠡᠭᠡᠨ ᠵᠠᠰᠠᠬᠤ ᠣᠷᠣᠨ᠂ ᠭᠤᠷᠪᠠᠨ ᠶᠡᠬᠡ ᠭᠣᠤᠯᠳᠠᠯᠭ᠎ᠠ᠎ᠲᠠᠢ ᠣᠷᠣᠨ ᠪᠦᠰᠡ ᠪᠠ ᠬᠠᠲᠤᠨ ᠭᠣᠣᠯ᠎ᠤᠨ ᠰᠠᠪᠠ ᠭᠠᠵᠠᠷ᠂ 12 ᠠᠶ᠋ᠢᠮᠠᠭ᠂ 103 ᠬᠣᠰᠢᠭᠤ ᠰᠢᠶᠠᠨ ᠲᠣᠭᠣᠷᠢᠭ ᠵᠢᠴᠢ 1135 ᠣᠷᠴᠢᠨ ᠠᠬᠤᠶ ᠵᠢᠨ ᠬᠠᠮᠢᠶᠠᠷᠤᠨ ᠡᠵᠡᠮᠳᠡᠬᠦ ᠨᠢᠭᠡᠴᠡ ᠲᠠᠪᠤᠨ ᠱᠠᠲᠤᠨ᠎ᠤ ᠠᠮᠢ ᠠᠬᠤᠶ ᠣᠷᠴᠢᠨ ᠲᠣᠭᠣᠷᠢᠨ᠎ᠤ ᠵᠥᠪᠰᠢᠶᠡᠷᠡᠯ᠎ᠤᠨ ᠨᠠᠷᠢᠨ ᠲᠠᠩᠰᠠ ᠵᠢᠨ ᠬᠠᠮᠢᠶᠠᠷᠤᠨ ᠡᠵᠡᠮᠳᠡᠬᠦ ᠰᠢᠰᠲ᠋ᠧᠮᠵᠢ ᠵᠢ ᠪᠦᠷᠢᠯᠳᠦᠬᠦᠯᠪᠡ᠃
ᠠᠮᠢ ᠠᠬᠤᠢ ᠣᠷᠴᠢᠨ ᠲᠣᠭᠣᠷᠢᠨ᠎ᠤ ᠣᠷᠣᠨ ᠬᠤᠪᠢᠶᠠᠨ ᠬᠠᠮᠢᠶᠠᠷᠤᠨ ᠡᠵᠡᠮᠳᠡᠬᠦ ᠰᠢᠰᠲ᠋ᠧᠮᠵᠢ ᠵᠢ ᠪᠠᠶ᠋ᠢᠭᠤᠯᠬᠤ᠎ᠳᠤ᠂ 《ᠭᠤᠷᠪᠠᠨ ᠱᠤᠭᠤᠮ ᠨᠢᠭᠡ ᠲᠠᠩᠰᠠ》 ᠵᠢᠨ ᠦᠷ᠎ᠡ ᠪᠦᠲᠦᠭᠡᠯ᠎ᠤᠨ ᠬᠣᠷᠸ᠎ᠠ ᠳᠠᠪᠬᠤᠷᠭ᠎ᠠ᠎ᠳᠤ 《ᠬᠦᠷᠢᠶ᠎ᠡ ᠬᠡᠪᠴᠢᠶ᠎ᠡ ᠵᠢ ᠬᠤᠪᠢᠶᠠᠷᠢᠯᠠᠬᠤ᠂ ᠳᠦᠷᠢᠮ ᠲᠣᠭᠲᠠᠭ᠋ᠠᠯ᠎ᠢ ᠲᠣᠭᠲᠠᠭ᠋ᠠᠬᠤ᠂ ᠴᠢᠩᠭ᠎ᠠ ᠵᠥᠪᠰᠢᠶᠡᠷᠡᠬᠦ》 ᠴᠢᠬᠤᠯᠠ ᠦᠢ᠍ᠯᠡᠳᠦᠯ᠎ᠢ ᠭᠦᠢ᠍ᠴᠡᠳ ᠪᠠᠳᠠᠷᠠᠭᠤᠯᠵᠤ᠂ ᠮᠠᠨ᠎ᠤ ᠣᠷᠣᠨ᠎ᠤ ᠪᠣᠬᠢᠷᠲᠤᠯ᠎ᠢ ᠰᠡᠷᠭᠡᠶ᠋ᠢᠯᠡᠨ ᠵᠠᠰᠠᠬᠤ᠂ ᠠᠮᠢ ᠠᠬᠤᠢ ᠵᠢ ᠬᠠᠮᠠᠭ᠋ᠠᠯᠠᠬᠤ᠂ ᠣᠷᠴᠢᠨ ᠲᠣᠭᠣᠷᠢᠨ᠎ᠤ ᠠᠶᠤᠯ ᠲᠦᠭᠰᠢᠭᠦᠷᠢ ᠵᠢ ᠰᠡᠷᠭᠡᠶ᠋ᠢᠯᠡᠨ ᠡᠵᠡᠮᠳᠡᠬᠦ ᠵᠡᠷᠭᠡ ᠠᠵᠢᠯ᠎ᠢ ᠠᠬᠢᠭᠤᠯᠬᠤ᠎ᠳᠤ ᠦᠨᠳᠦᠰᠦᠨ ᠪᠠᠲᠤᠯᠠᠭ᠎ᠠ ᠬᠠᠩᠭ᠋ᠠᠬᠤ ᠪᠣᠯᠤᠨ᠎ᠠ᠃ ᠠᠮᠢ ᠠᠬᠤᠶ ᠣᠷᠴᠢᠨ ᠲᠣᠭᠣᠷᠢᠨ᠎ᠢ ᠣᠷᠣᠨ ᠬᠤᠪᠢᠶᠠᠨ ᠬᠠᠮᠢᠶᠠᠷᠤᠨ ᠡᠵᠡᠮᠳᠡᠬᠦ ᠱᠠᠭ᠋ᠠᠷᠳᠠᠯᠭ᠎ᠠ ᠵᠢ ᠴᠢᠩᠭ᠎ᠠ ᠨᠠᠶ᠋ᠢᠳᠠᠪᠤᠷᠢᠵᠢᠭᠤᠯᠬᠤ᠎ᠪᠠᠷ ᠳᠡᠮᠵᠢᠨ᠂ 《 ᠱᠤᠭᠤᠮ》 ᠵᠶ᠋ᠠᠷ ᠣᠷᠣᠨ ᠵᠠᠶ ᠵᠢᠨ ᠪᠠᠶ᠋ᠢᠷᠢᠰᠢᠯ᠎ᠢ ᠬᠠᠮᠢᠶᠠᠷᠴᠤ᠂ 《ᠲᠠᠩᠰᠠ》 ᠪᠠᠷ ᠬᠥᠭᠵᠢᠯᠲᠡ ᠵᠢᠨ ᠠᠵᠢᠯᠯᠠᠭ᠎ᠠ ᠵᠢ ᠵᠢᠷᠤᠮᠵᠢᠭᠤᠯᠵᠤ᠂ ᠣᠷᠣᠨ ᠪᠦᠰᠡ ᠵᠢᠨ ᠡᠬᠢ ᠪᠠᠶᠠᠯᠢᠭ᠎ᠤᠨ ᠨᠡᠭᠡᠭᠡᠨ ᠬᠥᠭᠵᠢᠭᠦᠯᠦᠯᠲᠡ᠂ ᠠᠵᠤ ᠦᠢ᠍ᠯᠡᠰ᠎ᠤᠨ ᠪᠦᠲᠦᠴᠡ ᠣᠷᠴᠢᠨ ᠲᠣᠭᠣᠷᠢᠨ᠎ᠤ ᠲᠣᠬᠢᠷᠠᠭᠤᠯᠤᠯᠲᠠ᠂ ᠬᠣᠲᠠ ᠪᠠᠯᠭ᠋ᠠᠰᠤᠨ᠎ᠤ ᠪᠠᠶ᠋ᠢᠷᠢᠰᠢᠯ᠎ᠤᠨ ᠪᠦᠲᠦᠭᠡᠨ ᠪᠠᠶ᠋ᠢᠭᠤᠯᠤᠯᠲᠠ ᠵᠡᠷᠭᠡ ᠲᠠᠯ᠎ᠠ᠎ᠪᠠᠷ᠎ᠬᠢ ᠡᠬᠢ ᠪᠠᠶᠠᠯᠢᠭ ᠣᠷᠴᠢᠨ ᠲᠣᠭᠣᠷᠢᠨ᠎ᠤ ᠳᠠᠭ᠋ᠠᠭ᠋ᠠᠴᠠ᠎ᠠᠴᠠ ᠬᠡᠲᠦᠷᠡᠬᠦ ᠦᠭᠡᠶ᠂ ᠶᠠᠰᠤ ᠴᠢᠨᠠᠷ᠎ᠤᠨ ᠬᠢᠵᠠᠭ᠋ᠠᠷ ᠱᠤᠭᠤᠮ᠎ᠠᠴᠠ ᠳᠠᠪᠠᠬᠤ ᠦᠭᠡᠶ ᠪᠠᠶ᠋ᠢᠬᠤ ᠵᠢ ᠦᠨᠡᠨᠬᠦ ᠪᠠᠲᠤᠯᠠᠵᠤ᠂ ᠮᠠᠨ᠎ᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠵᠠᠰᠠᠯᠲᠠ ᠵᠢᠨ ᠰᠢᠰᠲ᠋ᠧᠮᠵᠢ ᠪᠣᠯᠤᠨ ᠵᠠᠰᠠᠯᠲᠠ ᠵᠢᠨ ᠴᠢᠳᠠᠪᠤᠷᠢ ᠵᠢᠨ ᠣᠳᠣᠬᠢᠴᠢᠯᠠᠯᠲᠠ ᠵᠢᠨ ᠲᠦᠪᠰᠢᠨ᠎ᠢ ᠳᠡᠭᠡᠭᠰᠢᠯᠡᠭᠦᠯᠵᠦ᠂ ᠠᠮᠢ ᠠᠬᠤᠢ ᠣᠷᠴᠢᠨ ᠲᠣᠭᠣᠷᠢᠨ᠎ᠤ ᠥᠨᠳᠥᠷ ᠲᠦᠪᠰᠢᠨ᠎ᠤ ᠬᠠᠮᠠᠭ᠋ᠠᠯᠠᠯᠲᠠ ᠪᠣᠯᠤᠨ ᠠᠵᠤ ᠠᠬᠤᠢ ᠵᠢᠨ ᠴᠢᠨᠠᠷ ᠰᠠᠶ᠋ᠢᠲᠠᠢ ᠬᠥᠭᠵᠢᠯᠲᠡ ᠵᠢ ᠠᠬᠢᠭᠤᠯᠵᠤ᠂ ᠮᠠᠨ᠎ᠤ ᠤᠯᠤᠰ᠎ᠤᠨ ᠤᠮᠠᠷᠠᠲᠤ ᠵᠢᠨ ᠴᠢᠬᠤᠯᠠ ᠠᠮᠢ ᠠᠬᠤᠢ ᠵᠢᠨ ᠠᠮᠤᠷ ᠲᠦᠪᠰᠢᠨ᠎ᠤ ᠬᠠᠯᠬᠠᠪᠴᠢ ᠵᠢ ᠪᠡᠬᠢᠵᠢᠭᠦᠯᠬᠦ᠎ᠳᠤ ᠪᠠᠲᠤ ᠪᠡᠬᠢ ᠪᠠᠲᠤᠯᠠᠭ᠎ᠠ ᠬᠠᠩᠭ᠋ᠠᠨ᠎ᠠ᠃