ᠡᠨᠡ ᠵᠢᠯ ᠪᠣᠯ 《13 · 5》 ᠵᠢᠨ ᠲᠥᠯᠥᠪᠵᠢᠭᠦᠯᠭᠡ ᠵᠢᠨ ᠲᠡᠭᠦᠰᠬᠡᠯ᠎ᠤᠨ ᠵᠢᠯ ᠪᠠ ᠥᠪᠡᠷᠲᠡᠭᠡᠨ ᠵᠠᠰᠠᠬᠤ ᠣᠷᠣᠨ᠎ᠤ 《ᠬᠦᠬᠡᠮᠳᠤᠭ᠌ ᠤᠭᠲᠠᠷᠭᠤᠢ ᠵᠢ ᠬᠠᠮᠠᠭ᠋ᠠᠯᠠᠬᠤ ᠳᠠᠢ᠌ᠯᠠᠯᠳᠤᠭ᠋ᠠᠨ᠎ᠤ ᠰᠢᠢ᠍ᠳᠪᠦᠷᠢᠲᠦ ᠢᠯᠠᠯᠲᠠ ᠵᠢ ᠤᠯᠬᠤ ᠵᠢᠯ ᠪᠣᠯᠤᠨ᠎ᠠ᠂ ᠦᠬᠠᠢ ᠬᠣᠲᠠ ᠵᠢᠴᠢ ᠡᠷᠬᠢᠨ ᠲᠣᠭᠣᠷᠢᠨ᠎ᠤ ᠭᠠᠵᠠᠷ ᠣᠷᠣᠨ᠎ᠤ ᠠᠭ᠋ᠠᠷ ᠮᠠᠨᠳᠠᠯ᠎ᠤᠨ ᠪᠣᠬᠢᠷᠲᠤᠯ᠎ᠢ ᠰᠡᠷᠭᠡᠶ᠋ᠢᠯᠡᠨ ᠵᠠᠰᠠᠬᠤ ᠠᠵᠢᠯ᠎ᠢ ᠤᠯᠠᠮ ᠨᠢᠭᠡ ᠠᠯᠬᠤᠮ ᠳᠥᠯᠭᠢᠨ ᠠᠬᠢᠭᠤᠯᠵᠤ᠂ ᠡᠪᠦᠯ᠎ᠤᠨ ᠤᠯᠠᠷᠢᠯ᠎ᠤᠨ ᠳᠤᠯᠠᠭ᠋ᠠᠯᠠᠭ᠎ᠠ ᠵᠢᠨ ᠬᠤᠭᠤᠴᠠᠭ᠋ᠠᠨ᠎ᠳᠠᠬᠢ ᠠᠭ᠋ᠠᠷ ᠮᠠᠨᠳᠠᠯ᠎ᠤᠨ ᠣᠷᠴᠢᠨ ᠲᠣᠭᠣᠷᠢᠨ᠎ᠤ ᠶᠠᠰᠤ ᠴᠢᠨᠠᠷ᠎ᠢ ᠪᠠᠲᠤᠯᠠᠬᠤ ᠵᠢᠨ ᠲᠥᠯᠥᠭᠡ᠂ 11 ᠰᠠᠷ᠎ᠠ ᠵᠢᠨ 19᠎ᠤ ᠡᠳᠦᠷ᠎ᠠᠴᠠ 27᠎ᠤ ᠡᠳᠦᠷ ᠪᠣᠯᠲᠠᠯ᠎ᠠ᠂ ᠪᠠᠷᠠᠭᠤᠨ ᠬᠡᠰᠡᠭ᠎ᠤᠨ ᠱᠠᠭ᠋ᠠᠷᠳᠠᠨ ᠪᠠᠶ᠋ᠢᠴᠠᠭ᠋ᠠᠬᠤ ᠲᠥᠪ ᠦᠬᠠᠢ ᠬᠣᠲᠠ ᠵᠢᠴᠢ ᠡᠷᠬᠢᠨ ᠲᠣᠭᠣᠷᠢᠨ᠎ᠤ ᠭᠠᠵᠠᠷ ᠣᠷᠣᠨ᠎ᠤ ᠠᠭ᠋ᠠᠷ ᠮᠠᠨᠳᠠᠯ᠎ᠤᠨ ᠪᠣᠬᠢᠷᠲᠤᠯ᠎ᠢ ᠰᠡᠷᠭᠡᠶ᠋ᠢᠯᠡᠨ ᠵᠠᠰᠠᠬᠤ ᠬᠠᠤᠯᠢ ᠬᠡᠷᠡᠭᠵᠢᠭᠦᠯᠬᠦ ᠰᠤᠯᠪᠢᠴᠠᠯ ᠪᠠᠶ᠋ᠢᠴᠠᠭ᠋ᠠᠯᠲᠠ ᠵᠢ ᠵᠣᠬᠢᠶᠠᠨ ᠪᠠᠶ᠋ᠢᠭᠤᠯᠵᠤ ᠥᠷᠨᠢᠭᠦᠯᠪᠡ᠃
ᠡᠨᠡ ᠤᠳᠠᠭ᠋ᠠᠨ᠎ᠤ ᠪᠠᠶ᠋ᠢᠴᠠᠭ᠋ᠠᠯᠲᠠ᠎ᠳᠤ᠂ ᠪᠠᠷᠠᠭᠤᠨ ᠬᠡᠰᠡᠭ᠎ᠤᠨ ᠱᠠᠭ᠋ᠠᠷᠳᠠᠨ ᠪᠠᠶ᠋ᠢᠴᠠᠭ᠋ᠠᠬᠤ ᠲᠥᠪ᠎ᠠᠴᠠ ᠰᠢᠯᠢᠳᠡᠭ ᠬᠠᠤᠯᠢ ᠬᠡᠷᠡᠭᠵᠢᠭᠦᠯᠬᠦ ᠠᠵᠢᠯᠲᠠᠨ᠎ᠢ ᠰᠣᠩᠭᠣᠨ ᠲᠣᠮᠢᠯᠠᠭᠰᠠᠨᠤ ᠬᠠᠮᠲᠤ ᠦᠬᠠᠢ ᠬᠣᠲᠠ᠂ ᠣᠷᠳᠣᠰ ᠬᠣᠲᠠ᠂ ᠠᠯᠠᠱ᠌ᠠ ᠠᠢ᠌ᠮᠠᠭ ᠵᠡᠷᠭᠡ 11 ᠲᠤᠬᠠᠶ᠋ᠢᠯᠠᠭᠰᠠᠨ ᠠᠵᠢᠯ᠎ᠤᠨ ᠭᠣᠣᠯᠯᠠᠭᠴᠢ ᠬᠦᠴᠦᠨ᠎ᠢ ᠲᠠᠲᠠᠵᠤ ᠪᠡᠢ᠍ᠢ᠍ᠴᠡᠭ᠋ᠠᠬᠤ ᠲᠤᠭᠤᠢ᠍ᠢ᠍ᠯᠡᠡᠭ ᠪᠣᠯᠭ᠋ᠠᠵᠤ᠂ ᠮᠠᠲ᠋ᠧᠷᠢᠶᠠᠯ ᠪᠠᠶ᠋ᠢᠴᠠᠭ᠋ᠠᠨ ᠦᠵᠡᠬᠦ᠂ ᠲᠤᠬᠠᠶ ᠵᠢᠨ ᠲᠠᠯᠠᠪᠤᠷ᠎ᠲᠤ ᠪᠠᠶ᠋ᠢᠴᠠᠭ᠋ᠠᠯᠲᠠ ᠬᠢᠬᠦ ᠪᠠ ᠰᠥᠨᠢ᠎ᠪᠠᠷ ᠲᠣᠭᠣᠷᠢᠨ ᠪᠠᠶ᠋ᠢᠴᠠᠭ᠋ᠠᠬᠤ ᠵᠡᠷᠭᠡ ᠠᠷᠭ᠎ᠠ ᠬᠡᠯᠪᠡᠷᠢ᠎ᠪᠠᠷ ᠳᠠᠮᠵᠢᠭᠤᠯᠤᠨ᠂ ᠦᠬᠠᠢ ᠬᠣᠲᠠ ᠵᠢᠴᠢ ᠡᠷᠭᠢᠨ ᠲᠣᠭᠣᠷᠢᠨ᠎ᠤ ᠭᠠᠵᠠᠷ ᠣᠷᠣᠨ᠎ᠤ ᠬᠦᠨᠳᠦ ᠪᠣᠬᠢᠷᠲᠤᠯ᠎ᠲᠠᠢ ᠴᠠᠭ ᠠᠭᠤᠷ᠎ᠢ ᠤᠷᠢᠳᠴᠢᠯᠠᠨ ᠰᠡᠷᠡᠮᠵᠢᠯᠡᠭᠦᠯᠬᠦ ᠵᠢᠴᠢ ᠪᠠᠴᠢᠮ ᠪᠠᠶ᠋ᠢᠳᠠᠯ᠎ᠢ ᠠᠷᠭ᠋ᠠᠴᠠᠬᠤ ᠲᠣᠭᠲᠠᠴᠠ ᠵᠢ ᠪᠠᠶ᠋ᠢᠭᠤᠯᠤᠨ ᠪᠦᠷᠢᠨᠰᠢᠭᠦᠯᠦᠭᠰᠡᠨ ᠪᠠ ᠬᠡᠷᠡᠭᠵᠢᠭᠦᠯᠦᠭᠰᠡᠨ ᠪᠠᠶ᠋ᠢᠳᠠᠯ᠂ ᠠᠭᠤᠷᠬᠠᠶ ᠨᠡᠭᠡᠭᠡᠨ ᠮᠠᠯᠲᠠᠬᠤ ᠠᠵᠤ ᠠᠬᠤᠶ᠋ᠢᠯᠠᠯ᠎ᠤᠨ ᠠᠭ᠋ᠠᠷ ᠮᠠᠨᠳᠠᠯ᠎ᠤᠨ ᠪᠣᠬᠢᠷᠲᠤᠯ᠎ᠢ ᠰᠡᠷᠭᠡᠶ᠋ᠢᠯᠡᠨ ᠵᠠᠰᠠᠬᠤ ᠠᠷᠭ᠎ᠠ ᠬᠡᠮᠵᠢᠶ᠎ᠡ ᠵᠢ ᠨᠠᠶ᠋ᠢᠳᠠᠪᠤᠷᠢᠵᠢᠭᠤᠯᠤᠭᠰᠠᠨ ᠪᠠᠶ᠋ᠢᠳᠠᠯ᠂ ᠠᠵᠤ ᠦᠢ᠍ᠯᠡᠳᠪᠦᠷᠢ ᠵᠢᠨ ᠠᠵᠤ ᠠᠬᠤᠢ᠌ᠯᠠᠯ ᠵᠣᠬᠢᠶᠠᠨ ᠪᠠᠶ᠋ᠢᠭᠤᠯᠤᠯᠲᠠ ᠥᠬᠡᠶ᠎ᠪᠠᠷ ᠭᠠᠳᠠᠭᠰᠢᠯᠠᠭᠤᠯᠬᠤ ᠵᠢ ᠬᠠᠮᠢᠶᠠᠷᠤᠨ ᠡᠵᠡᠮᠳᠡᠭᠰᠡᠨ ᠪᠠᠶ᠋ᠢᠳᠠᠯ᠂ ᠠᠵᠤ ᠦᠢ᠍ᠯᠡᠳᠪᠦᠷᠢ ᠵᠢᠨ ᠠᠵᠤ ᠠᠬᠤᠢ᠌ᠯᠠᠯ ᠪᠣᠬᠢᠷᠲᠤᠯ ᠪᠣᠳᠠᠰ᠎ᠢ ᠪᠠᠷᠢᠮᠵᠢᠶ᠎ᠠ᠎ᠳᠤ ᠬᠦᠷᠦᠭᠦᠯᠦᠨ ᠭᠠᠳᠠᠭᠰᠢᠯᠠᠭᠤᠯᠤᠭᠰᠠᠨ ᠪᠠᠶ᠋ᠢᠳᠠᠯ᠂ ᠨᠡᠭᠦᠷᠡᠰᠦ ᠰᠢᠲᠠᠭ᠋ᠠᠬᠤ ᠵᠢᠵᠢᠭ ᠭᠦᠸᠧᠯᠦ ᠵᠢ ᠰᠢᠭᠰᠢᠭᠳᠡᠭᠦᠯᠦᠨ ᠥᠭᠡᠷᠡᠴᠢᠯᠡᠭᠰᠡᠨ ᠪᠠᠶ᠋ᠢᠳᠠᠯ᠂ VOCs᠎ᠢ ᠵᠠᠰᠠᠭᠰᠠᠨ ᠪᠠᠶ᠋ᠢᠳᠠᠯ ᠵᠢᠴᠢ ᠠᠶᠤᠯᠲᠠᠶ ᠬᠠᠶᠠᠭᠳᠠᠮᠠᠯ ᠪᠣᠳᠠᠰ᠎ᠢ ᠰᠢᠢ᠍ᠳᠪᠦᠷᠢᠯᠡᠭᠰᠡᠨ ᠵᠡᠷᠭᠡ ᠪᠠᠶ᠋ᠢᠳᠠᠯ᠎ᠳᠤ ᠭᠣᠣᠯᠳᠠᠯᠭ᠎ᠠ᠎ᠲᠠᠢ ᠪᠠᠶ᠋ᠢᠴᠠᠭ᠋ᠠᠯᠲᠠ ᠬᠢᠪᠠ᠃
ᠲᠣᠰ ᠤᠳᠠᠭ᠎ᠠ ᠨᠡᠶ᠋ᠢᠲᠡ 190 ᠠᠵᠤ ᠠᠬᠤᠶ᠋ᠢᠯᠠᠯ᠎ᠢ ᠪᠠᠶ᠋ᠢᠴᠠᠭ᠋ᠠᠵᠤ᠂ ᠪᠠᠶ᠋ᠢᠴᠠᠭ᠋ᠠᠯᠲᠠ᠎ᠪᠠᠷ ᠣᠯᠵᠤ ᠮᠡᠳᠡᠭᠰᠡᠨ᠎ᠨᠢ᠂ ᠬᠡᠰᠡᠭ ᠠᠭᠤᠷᠬᠠᠶ ᠵᠢᠨ ᠠᠵᠤ ᠠᠬᠤᠶ᠋ᠢᠯᠠᠯ᠎ᠤᠨ ᠨᠡᠭᠡᠭᠡᠨ ᠮᠠᠯᠲᠠᠬᠤ ᠶᠠᠪᠤᠴᠠ᠎ᠳᠤ ᠲᠣᠭᠣᠰᠣ ᠬᠣᠷᠢᠭᠯᠠᠬᠤ ᠵᠢ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠵᠢ ᠪᠣᠳᠠᠲᠠᠶ᠋ᠢᠵᠢᠭᠤᠯᠤᠭᠰᠠᠨ ᠥᠬᠡᠶ᠎ᠠᠴᠠ ᠪᠣᠯᠵᠣ᠂ ᠲᠣᠭᠣᠰᠣ ᠰᠢᠷᠣᠶ ᠵᠢᠨ ᠪᠣᠬᠢᠷᠲᠤᠯ ᠬᠦᠨᠳᠦ ᠨᠣᠴᠢᠲᠠᠶ ᠪᠠᠶ᠋ᠢᠨ᠎ᠠ; ᠨᠡᠭᠦᠷᠡᠰᠦ ᠮᠠᠯᠲᠠᠵᠤ ᠰᠢᠯᠢᠬᠦ ᠠᠵᠢᠯ ᠲᠥᠷᠥᠯ᠎ᠤᠨ ᠪᠣᠳᠠᠰ᠎ᠤᠨ ᠮᠠᠲ᠋ᠧᠷᠢᠶᠠᠯ᠎ᠤᠨ ᠬᠠᠳᠠᠭ᠋ᠠᠯᠠᠯᠲᠠ ᠵᠢᠷᠤᠮᠵᠢᠯ ᠥᠬᠡᠶ᠂ ᠵᠠᠳᠠᠭ᠋ᠠᠶ ᠣᠪᠣᠭ᠋ᠠᠯᠠᠬᠤ ᠠᠰᠠᠭᠤᠳᠠᠯ ᠨᠡᠯᠢᠶᠡᠳ ᠲᠦᠭᠡᠮᠡᠯ ᠣᠷᠣᠰᠢᠵᠤ ᠪᠠᠶ᠋ᠢᠨ᠎ᠠ; ᠨᠡᠭᠦᠷᠡᠰᠦ ᠲᠡᠭᠡᠭᠡᠪᠦᠷᠢᠯᠡᠬᠦ ᠲᠤᠰᠬᠠᠶ ᠱᠤᠭᠤᠮ᠂ ᠬᠦᠨᠳᠦ ᠬᠡᠯᠪᠡᠷᠢ ᠵᠢᠨ ᠲᠡᠷᠭᠡ ᠬᠥᠰᠬᠡ ᠣᠯᠠᠨᠲᠠ ᠨᠠᠰᠢ ᠴᠠᠰᠢ ᠶᠠᠪᠤᠬᠤ ᠵᠡᠷᠭᠡ ᠭᠣᠣᠯᠳᠠᠯᠭ᠎ᠠ᠎ᠲᠠᠢ ᠵᠠᠮ᠎ᠤᠨ ᠲᠣᠭᠣᠰᠣ ᠰᠢᠷᠣᠶ ᠵᠢᠨ ᠪᠣᠬᠢᠷᠲᠤᠯ ᠬᠦᠨᠳᠦ ᠨᠣᠴᠢᠲᠠᠶ ᠪᠠᠶ᠋ᠢᠬᠤ ᠪᠠ ᠬᠡᠰᠡᠭ ᠠᠵᠤ ᠠᠬᠤᠶ᠋ᠢᠯᠠᠯ᠎ᠤᠨ ᠬᠦᠨᠳᠦ ᠪᠣᠬᠢᠷᠲᠤᠯ᠎ᠲᠠᠢ ᠴᠠᠭ ᠠᠭᠤᠷ᠎ᠤᠨ ᠪᠠᠴᠢᠮ ᠪᠠᠶ᠋ᠢᠳᠠᠯ᠎ᠢ ᠠᠷᠭ᠋ᠠᠴᠠᠬᠤ᠎ᠳᠤ ᠳᠠᠭ᠋ᠠᠵᠤ ᠰᠡᠷᠡᠮᠵᠢᠯᠡᠭᠦᠯᠬᠦ ᠠᠷᠭ᠎ᠠ ᠬᠡᠮᠵᠢᠶ᠎ᠡ ᠵᠢ ᠨᠠᠶ᠋ᠢᠳᠠᠪᠤᠷᠢᠵᠢᠭᠤᠯᠤᠭᠰᠠᠨ ᠵᠶ᠋ᠠᠷ ᠬᠦᠷᠦᠯᠴᠡᠬᠦ ᠦᠭᠡᠢ ᠪᠠᠶ᠋ᠢᠬᠤ ᠵᠡᠷᠭᠡ ᠠᠰᠠᠭᠤᠳᠠᠯ ᠤᠷᠤᠰᠢᠵᠦ ᠪᠠᠢ᠌ᠨ᠎ᠠ᠃
ᠲᠠᠷᠠᠭ᠋ᠠᠴᠢ ᠵᠢᠨ ᠠᠯᠬᠤᠮ᠎ᠳᠤ᠂ ᠪᠠᠷᠠᠭᠤᠨ ᠬᠡᠰᠡᠭ᠎ᠤᠨ ᠱᠠᠭ᠋ᠠᠷᠳᠠᠨ ᠪᠠᠶ᠋ᠢᠴᠠᠭ᠋ᠠᠬᠤ ᠲᠥᠪ᠎ᠠᠴᠠ ᠲᠣᠰ ᠤᠳᠠᠭ᠋ᠠᠨ᠎ᠤ ᠪᠠᠶ᠋ᠢᠴᠠᠭ᠋ᠠᠯᠲᠠ᠎ᠳᠤ ᠢᠯᠡᠷᠡᠭᠦᠯᠦᠭᠰᠡᠨ ᠠᠰᠠᠭᠤᠳᠠᠯ ᠵᠶ᠋ᠠᠷ ᠬᠣᠯᠪᠣᠭᠳᠠᠯ ᠪᠥᠬᠥᠶ ᠠᠶ᠋ᠢᠮᠠᠭ ᠬᠣᠲᠠ᠎ᠳᠤ ᠬᠠᠷᠢᠭᠤ ᠲᠤᠰᠬᠠᠵᠤ᠂ ᠠᠰᠠᠭᠤᠳᠠᠯ ᠵᠶ᠋ᠠᠷ ᠤᠳᠤᠷᠢᠳᠤᠮᠵᠢ ᠪᠣᠯᠭ᠋ᠠᠬᠤ ᠵᠢ ᠪᠠᠷᠢᠮᠲᠠᠯᠠᠨ᠂ ᠡᠯ᠎ᠡ ᠭᠠᠵᠠᠷ᠎ᠤᠨ᠎ᠬᠢᠨ᠎ᠢ ᠱᠠᠭ᠋ᠠᠷᠳᠠᠨ ᠴᠡᠭᠴᠡᠯᠡᠨ ᠰᠠᠶ᠋ᠢᠵᠢᠷᠠᠭᠤᠯᠬᠤ ᠵᠢ ᠬᠢᠨᠠᠮᠠᠭ᠋ᠠᠶ ᠰᠠᠶ᠋ᠢᠲᠤᠷ ᠠᠳᠬᠤᠵᠤ᠂ ᠪᠠᠶ᠋ᠢᠴᠠᠭ᠋ᠠᠨ ᠰᠢᠢ᠍ᠳᠪᠦᠷᠢᠯᠡᠬᠦ᠂ ᠴᠡᠭᠴᠡᠯᠡᠨ ᠰᠠᠶ᠋ᠢᠵᠢᠷᠠᠭᠤᠯᠬᠤ᠂ ᠨᠠᠶ᠋ᠢᠳᠠᠪᠤᠷᠢᠵᠢᠭᠤᠯᠬᠤ ᠵᠢ ᠦᠨᠡᠨ ᠬᠦ᠌ ᠪᠠᠲᠤᠯᠠᠵᠤ᠂ ᠦᠬᠠᠢ ᠬᠣᠲᠠ ᠵᠢᠴᠢ ᠡᠷᠬᠢᠨ ᠲᠣᠭᠣᠷᠢᠨ᠎ᠤ ᠭᠠᠵᠠᠷ ᠣᠷᠣᠨ᠎ᠤ ᠠᠭ᠋ᠠᠷ ᠮᠠᠨᠳᠠᠯ᠎ᠤᠨ ᠣᠷᠴᠢᠨ ᠲᠣᠭᠣᠷᠢᠨ᠎ᠤ ᠴᠢᠨᠠᠷ ᠴᠢᠨᠰᠠᠭ᠎ᠠ ᠵᠢ ᠢᠯᠡᠳᠲᠡ ᠰᠠᠶ᠋ᠢᠵᠢᠷᠠᠭᠤᠯᠬᠤ ᠵᠢ ᠦᠨᠡᠨ ᠬᠦ᠌ ᠪᠠᠲᠤᠯᠠᠨ᠎ᠠ᠃