ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠠᠮᠢ ᠠᠬᠤᠢ᠎ᠶᠢᠨ ᠬᠠᠮᠠᠭᠠᠯᠠᠯᠲᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ
ᠪᠣᠬᠢᠷᠳᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ
ᠠᠮᠢ ᠠᠬᠤᠢ᠎ᠶᠢᠨ ᠬᠠᠮᠠᠭᠠᠯᠠᠯᠲᠠ   -   ᠠᠵᠢᠯ ᠶᠠᠪᠤᠳᠠᠯ ᠭᠦᠢᠴᠡᠳᠬᠡᠬᠦ᠌ ᠵᠦᠭᠯᠡᠭᠦᠷ
ᠪᠠᠷᠠᠭᠤᠨ ᠬᠡᠰᠡᠭ᠎ᠤᠨ ᠱᠠᠭ᠋ᠠᠷᠳᠠᠨ ᠪᠠᠶ᠋ᠢᠴᠠᠭ᠋ᠠᠬᠤ ᠲᠥᠪ᠎ᠤᠨ᠎ᠬᠢᠨ ᠲᠤᠬᠠᠶ᠋ᠢᠯᠠᠭᠰᠠᠨ ᠠᠵᠢᠯ᠎ᠤᠨ ᠶᠡᠷᠦᠩᠬᠡᠶ᠋ᠢᠯᠡᠭᠰᠡᠨ ᠴᠢᠳᠠᠪᠤᠷᠢ ᠵᠢᠨ ᠰᠣᠷᠢᠯᠲᠠ ᠰᠢᠯᠭ᠋ᠠᠯᠲᠠ ᠬᠢᠪᠡ
ᠨᠡᠶ᠋ᠢᠲᠡᠯᠡᠭᠰᠡᠨ ᠴᠠᠭ᠄ 2021-01-22

      12 ᠰᠠᠷ᠎ᠠ ᠵᠢᠨ 30᠎ᠤ ᠡᠳᠦᠷ᠎ᠤᠨ ᠦᠳᠡ ᠵᠢᠨ ᠡᠮᠦᠨ᠎ᠡ᠂ ᠪᠠᠷᠠᠭᠤᠨ ᠬᠡᠰᠡᠭ᠎ᠤᠨ ᠱᠠᠭ᠋ᠠᠷᠳᠠᠨ ᠪᠠᠶ᠋ᠢᠴᠠᠭ᠋ᠠᠬᠤ ᠲᠥᠪ᠎ᠠᠴᠠ ᠪᠥᠬᠥ ᠺᠠᠳ᠋ᠷ ᠠᠵᠢᠯᠲᠠᠨ ᠠᠵᠢᠯᠴᠢᠨ᠎ᠳᠤ ᠲᠤᠬᠠᠶ᠋ᠢᠯᠠᠭᠰᠠᠨ ᠠᠵᠢᠯ᠎ᠤᠨ ᠶᠡᠷᠦᠩᠬᠡᠶ᠋ᠢᠯᠡᠭᠰᠡᠨ ᠴᠢᠳᠠᠪᠤᠷᠢ ᠵᠢᠨ ᠰᠤᠷᠢᠯᠲᠠ ᠰᠢᠯᠭ᠋ᠠᠯᠲᠠ ᠬᠢᠪᠠ᠃ ᠲᠣᠰ ᠤᠳᠠᠭ᠋ᠠᠨ᠎ᠤ ᠰᠢᠯᠭ᠋ᠠᠯᠲᠠ᠎ᠨᠢ ᠠᠮᠢ ᠠᠬᠤᠶ ᠣᠷᠴᠢᠨ ᠲᠣᠭᠣᠷᠢᠨ᠎ᠤ ᠰᠢᠰᠲ᠋ᠧᠮ᠎ᠤᠨ ᠲᠤᠬᠠᠶ᠋ᠢᠯᠠᠭᠰᠠᠨ ᠠᠵᠢᠯ᠎ᠤᠨ ᠴᠢᠳᠠᠪᠤᠷᠢ ᠵᠢᠨ ᠪᠠᠶ᠋ᠢᠭᠤᠯᠤᠯᠲᠠ᠎ᠲᠠᠢ ᠨᠢᠭᠲᠠ ᠤᠶᠠᠯᠳᠤᠭᠤᠯᠤᠨ᠂ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠲᠤᠮᠳᠡᠳᠦ ᠤᠯᠦᠰ᠎ᠤᠨ ᠤᠡᠴᠡᠯᠢᠬ᠎ᠲᠠᠢ ᠨᠡᠢ᠌ᠢ᠍ᠭᠡᠮ ᠵᠢᠷᠦᠮ ᠦᠵᠡᠯ ᠰᠠᠨᠠᠭ᠎ᠠ᠂ ᠰᠢ ᠵᠢᠨ ᠫᠢᠩ᠎ᠤᠨ ᠠᠮᠢ ᠠᠬᠤᠶ ᠵᠢᠨ ᠪᠣᠯᠪᠠᠰᠤᠨ᠎ᠤ ᠦᠵᠡᠯ ᠰᠠᠨᠠᠭ᠎ᠠ᠂ ᠣᠷᠴᠢᠨ ᠲᠤᠭᠤᠷᠢᠨ᠎ᠤ ᠬᠠᠤᠯᠢ ᠬᠡᠷᠡᠭᠵᠢᠭᠦᠯᠬᠦ ᠲᠤᠬᠠᠶ᠋ᠢᠯᠠᠭᠰᠠᠨ ᠠᠵᠢᠯ᠂ ᠬᠠᠤᠯᠢ ᠴᠠᠭ᠋ᠠᠵᠠ ᠬᠠᠤᠯᠢ ᠲᠣᠭᠲᠠᠭ᠋ᠠᠯ᠂ ᠨᠢᠭᠤᠴᠠ ᠵᠢ ᠬᠠᠮᠠᠭ᠋ᠠᠯᠠᠬᠤ ᠲᠦᠷᠢᠮ ᠵᠡᠷᠭᠡ ᠣᠯᠠᠨ ᠲᠠᠯ᠎ᠠ ᠵᠢᠨ ᠠᠭᠤᠯᠭ᠎ᠠ ᠵᠢ ᠬᠠᠮᠤᠷᠴᠤ᠂ ᠺᠠᠳ᠋ᠷ ᠠᠵᠢᠯᠲᠠᠨ᠎ᠤ ᠤᠯᠤᠰ ᠲᠥᠷᠥ ᠵᠢᠨ ᠬᠡᠪ ᠪᠣᠯᠪᠠᠰᠤᠷᠠᠯ ᠪᠠ ᠲᠤᠬᠠᠶ᠋ᠢᠯᠠᠭᠰᠠᠨ ᠠᠵᠢᠯ᠎ᠤᠨ ᠪᠣᠯᠪᠠᠰᠤᠷᠠᠩᠭᠤᠶ ᠬᠡᠮᠵᠢᠶ᠎ᠡ ᠵᠢ ᠣᠯᠠᠨ ᠲᠠᠯ᠎ᠠ᠎ᠠᠴᠠ ᠰᠢᠯᠭ᠋ᠠᠨ ᠪᠠᠶ᠋ᠢᠴᠠᠭ᠋ᠠᠭᠰᠠᠨ ᠪᠠᠶ᠋ᠢᠨ᠎ᠠ᠃

      ᠲᠣᠰ ᠤᠳᠠᠭ᠋ᠠᠨ᠎ᠤ ᠰᠤᠷᠢᠯᠲᠠ ᠰᠢᠯᠭ᠋ᠠᠯᠲᠠ ᠵᠢᠨ ᠵᠣᠷᠢᠯᠭ᠎ᠠ᠎ᠨᠢ ᠭᠣᠤᠯ ᠺᠠᠳ᠋ᠷ ᠠᠵᠢᠯᠲᠠᠨ ᠠᠵᠢᠯᠴᠢᠨ᠎ᠤ ᠲᠤᠬᠠᠶ᠋ᠢᠯᠠᠭᠰᠠᠨ ᠠᠵᠢᠯ᠎ᠤᠨ ᠴᠢᠳᠠᠪᠤᠷᠢ ᠵᠢ ᠡᠵᠡᠮᠰᠢᠭᠰᠡᠨ ᠪᠠᠶ᠋ᠢᠳᠠᠯ ᠵᠢᠴᠢ ᠰᠤᠷᠤᠯᠴᠠᠯᠭ᠎ᠠ ᠵᠢᠨ ᠳᠤᠮᠳᠠ ᠣᠷᠣᠰᠢᠵᠤ ᠪᠠᠶ᠋ᠢᠭ᠎ᠠ ᠠᠰᠠᠭᠤᠳᠠᠯ ᠪᠠ ᠬᠦᠷᠦᠯᠴᠡᠬᠦ ᠥᠬᠡᠶ ᠲᠠᠯ᠎ᠠ ᠵᠢ ᠴᠠᠭ ᠲᠤᠬᠠᠶ᠎ᠳᠤᠨᠢ ᠢᠯᠡᠷᠡᠭᠦᠯᠵᠦ᠂ 《ᠰᠢᠯᠭ᠋ᠠᠯᠲᠠ᠎ᠪᠠᠷ ᠰᠤᠷᠤᠯᠴᠠᠯᠭ᠎ᠠ ᠵᠢ ᠠᠬᠢᠭᠤᠯᠬᠤ》 — — ᠲᠤᠬᠠᠶ᠋ᠢᠯᠠᠭᠰᠠᠨ ᠠᠵᠢᠯ᠎ᠤᠨ ᠴᠢᠳᠠᠪᠤᠷᠢ ᠵᠢᠨ ᠪᠠᠶ᠋ᠢᠭᠤᠯᠤᠯᠲᠠ ᠵᠢ ᠪᠡᠬᠢᠵᠢᠭᠦᠯᠵᠦ᠂ ᠣᠯᠠᠨ᠎ᠤ ᠶᠡᠷᠦᠩᠬᠡᠶ᠋ᠢᠯᠡᠭᠰᠡᠨ ᠤᠷ᠎ᠠ ᠴᠢᠳᠠᠪᠤᠷᠢ᠎ᠪᠠᠨ ᠴᠢᠷᠮᠠᠶ᠋ᠢᠨ ᠳᠡᠭᠡᠭᠰᠢᠯᠡᠭᠦᠯᠬᠦ ᠢᠳᠡᠪᠬᠢᠵᠢᠯ᠎ᠢ ᠤᠯᠠᠮ ᠨᠢᠭᠡ ᠠᠯᠬᠤᠮ ᠲᠠᠢ᠌ᠴᠢᠯᠠᠬᠤ ᠵᠢᠨ ᠲᠥᠯᠥᠭᠡ ᠶᠤᠮ᠃

     2020 ᠣᠨ᠎ᠠᠴᠠ ᠨᠠᠰᠢ᠂ ᠪᠠᠷᠠᠭᠤᠨ ᠬᠡᠰᠡᠭ᠎ᠤᠨ ᠱᠠᠭ᠋ᠠᠷᠳᠠᠨ ᠪᠠᠶ᠋ᠢᠴᠠᠭ᠋ᠠᠬᠤ ᠲᠥᠪ᠎ᠤᠨ᠎ᠬᠢᠨ ᠡᠩᠨᠡᠭᠡᠨ᠎ᠤ ᠴᠢᠳᠠᠪᠤᠷᠢ ᠵᠢᠨ ᠪᠠᠶ᠋ᠢᠭᠤᠯᠤᠯᠲᠠ ᠵᠢ ᠴᠢᠩᠭ᠋ᠠᠳᠬᠠᠬᠤ ᠵᠢ ᠴᠢᠬᠤᠯᠠᠴᠢᠯᠠᠵᠤ᠂ ᠰᠤᠷᠤᠯᠴᠠᠬᠤ ᠬᠡᠯᠪᠡᠷᠢ ᠵᠢᠨ ᠪᠠᠶ᠋ᠢᠭᠤᠯᠤᠯᠭ᠎ᠠ ᠵᠢ ᠢᠳᠡᠪᠬᠢᠲᠡᠢ ᠪᠠᠶ᠋ᠢᠭᠤᠯᠪᠠ᠃ ᠡᠳᠦᠷ ᠲᠤᠳᠤᠮ᠎ᠤᠨ ᠨᠠᠮ᠎ᠤᠨ ᠪᠠᠶ᠋ᠢᠭᠤᠯᠤᠯᠲᠠ ᠵᠢᠨ ᠠᠵᠢᠯ ᠵᠢᠴᠢ ᠨᠠᠮ᠎ᠤᠨ ᠡᠳᠦᠷ᠎ᠤᠨ ᠠᠵᠢᠯᠯᠠᠭ᠎ᠠ᠂ ᠬᠠᠪᠰᠤᠷᠤᠯᠴᠠᠨ ᠲᠡᠳᠬᠦᠵᠦ ᠬᠠᠮᠲᠤ᠎ᠪᠠᠷ ᠪᠠᠶ᠋ᠢᠭᠤᠯᠬᠤ᠂ ᠨᠡᠶ᠋ᠢᠭᠡᠮ ᠲᠣᠭᠣᠷᠢᠭ ᠵᠶ᠋ᠠᠷ ᠬᠠᠪᠰᠤᠷᠤᠨ ᠲᠡᠳᠬᠦᠬᠦ ᠵᠡᠷᠭᠡ ᠠᠵᠢᠯᠯᠠᠭ᠎ᠠ᠎ᠲᠠᠢ ᠤᠶᠠᠯᠳᠤᠭᠤᠯᠤᠨ᠂ ᠠᠵᠢᠯᠯᠠᠭ᠎ᠠ ᠵᠢᠨ ᠠᠴᠢᠶᠠᠯᠠᠪᠤᠷᠢ ᠵᠢᠨ ᠰᠢᠨ᠎ᠡ ᠵᠢ ᠡᠭᠦᠳᠬᠦ᠎ᠪᠠᠷ ᠬᠦᠴᠦᠯᠡᠨ ᠴᠢᠷᠮᠠᠶ᠋ᠢᠵᠤ᠂ ᠨᠡᠶ᠋ᠢᠭᠡᠮ ᠲᠣᠭᠣᠷᠢᠭ᠎ᠲᠤ ᠣᠷᠣᠬᠤ᠂ ᠠᠵᠤ ᠠᠬᠤᠶ᠋ᠢᠯᠠᠯ᠎ᠳᠤ ᠣᠷᠣᠬᠤ᠎ᠪᠠᠷ ᠳᠠᠮᠵᠢᠭᠤᠯᠤᠨ ᠨᠠᠮ᠎ᠤᠨ ᠤᠨᠤᠯ᠎ᠢ ᠤᠬᠠᠭᠤᠯᠤᠨ ᠲᠠᠢ᠌ᠯᠪᠤᠷᠢᠯᠠᠵᠦ᠂ ᠨᠠᠮ᠎ᠤᠨ ᠭᠡᠰᠢᠭᠦᠨ᠎ᠤ ᠦᠨᠳᠦᠰᠦᠨ ᠱᠠᠲᠤᠨ᠎ᠳᠤ ᠭᠦᠨᠵᠡᠭᠡᠶ᠋ᠢᠷᠡᠬᠦ᠂ ᠤᠯᠠᠨ ᠲᠦᠮᠡᠨ᠎ᠳᠤ ᠦᠢ᠍ᠯᠡᠴᠢᠯᠡᠬᠦ ᠵᠢ ᠵᠣᠷᠢᠭᠵᠢᠭᠤᠯᠵᠠᠢ; ᠨᠣᠮ ᠪᠢᠴᠢᠭ᠎ᠤᠨ ᠤᠩᠰᠢᠯᠭ᠎ᠠ ᠵᠢᠨ ᠲᠠᠰᠤᠭ ᠪᠠᠶ᠋ᠢᠭᠤᠯᠵᠤ᠂ ᠤᠯᠤᠰ ᠲᠥᠷᠥ ᠵᠢᠨ ᠣᠨᠣᠯ᠂ ᠲᠡᠦᠬᠡ ᠬᠥᠮᠦᠨ ᠰᠤᠶᠤᠯ ᠭᠠᠵᠠᠷ ᠵᠦᠶ᠂ ᠲᠤᠬᠠᠶ᠋ᠢᠯᠠᠭᠰᠠᠨ ᠠᠵᠢᠯ ᠵᠡᠷᠭᠡ ᠲᠠᠯ᠎ᠠ ᠵᠢᠨ ᠨᠣᠮ ᠪᠢᠴᠢᠭ᠎ᠢ 300 ᠭᠠᠷᠤᠶ ᠳᠡᠪᠲᠡᠷ᠎ᠢ ᠰᠢᠨᠡᠳᠬᠡᠵᠦ᠂ ᠺᠠᠳ᠋ᠷ ᠠᠵᠢᠯᠳᠠᠨ ᠠᠵᠢᠯᠴᠢᠨ᠎ᠤ ᠢᠯᠡᠭᠦᠬᠡᠨ ᠨᠣᠮ ᠤᠩᠰᠢᠬᠤ᠂   ᠰᠠᠢ᠌ᠨ ᠨᠣᠮ ᠤᠩᠰᠢᠬᠤ᠂ ᠴᠢᠳᠠᠮᠠᠭ᠋ᠠᠶ᠎ᠪᠠᠷ ᠨᠣᠮ ᠤᠩᠰᠢᠬᠤ ᠵᠢ ᠵᠣᠷᠢᠭᠵᠢᠭᠤᠯᠵᠤ᠂ ᠺᠠᠳ᠋ᠷ ᠠᠵᠢᠯᠳᠠᠨ ᠠᠵᠢᠯᠴᠢᠨ᠎ᠤ ᠤᠨᠤᠯ ᠪᠠ ᠲᠤᠬᠠᠶ᠋ᠢᠯᠠᠭᠰᠠᠨ ᠠᠵᠢᠯ᠎ᠤᠨ ᠬᠢᠷᠢ ᠲᠦᠪᠰᠢᠨ᠎ᠢ ᠲᠠᠰᠤᠷᠠᠯᠳᠠ ᠦᠭᠡᠢ ᠳᠡᠭᠡᠭᠰᠢᠯᠡᠭᠦᠯᠵᠦ᠂ ᠰᠢᠨᠵᠢᠯᠡᠬᠦ ᠤᠬᠠᠭ᠋ᠠᠨ᠎ᠤ ᠬᠡᠪ ᠪᠣᠯᠪᠠᠰᠤᠷᠠᠯ ᠪᠠ ᠰᠢᠨ᠎ᠡ ᠵᠢ ᠡᠭᠦᠳᠬᠦ ᠴᠢᠳᠠᠪᠤᠷᠢ ᠵᠢ᠎ᠨᠢ ᠳᠡᠭᠡᠭᠰᠢᠯᠡᠭᠦᠯᠵᠦ᠂ ᠤᠯᠠᠨ ᠶᠠᠩᠵᠤ ᠵᠢᠨ ᠬᠡᠯᠪᠡᠷᠢ᠎ᠲᠠᠢ᠂ ᠲᠤᠬᠠᠢ ᠵᠢᠨ ᠭᠠᠵᠠᠷ᠎ᠤᠨ ᠪᠠᠶ᠋ᠢᠳᠠᠯ᠎ᠲᠠᠢ ᠳᠣᠬᠢᠷᠠᠭᠰᠠᠨ ᠠᠯᠢ ᠤᠯᠠᠨ ᠠᠵᠢᠯᠯᠠᠭ᠎ᠠ᠎ᠪᠠᠷ ᠳᠠᠮᠵᠢᠭᠤᠯᠤᠨ᠂ ᠥᠷᠭᠡᠨ ᠤᠯᠠᠨ ᠨᠠᠮ᠎ᠤᠨ ᠭᠡᠰᠢᠭᠦᠨ ᠺᠠᠳ᠋ᠷᠴᠤᠳ᠎ᠤᠨ ᠠᠵᠢᠯ᠎ᠤᠨ ᠪᠠᠶ᠋ᠢᠷᠢ᠎ᠪᠠᠨ ᠬᠠᠶ᠋ᠢᠷᠠᠯᠠᠵᠤ ᠠᠵᠢᠯ ᠦᠢ᠍ᠯᠡᠰ ᠵᠶ᠋ᠠᠨ ᠳᠡᠭᠡᠳᠦᠯᠡᠨ ᠳᠤᠷᠠᠲᠠᠶ᠎ᠠ ᠬᠤᠪᠢ ᠨᠡᠮᠡᠷᠢ ᠦᠵᠡᠭᠦᠯᠬᠦ ᠵᠢᠩᠬᠢᠨᠢ ᠬᠥᠳᠡᠯᠭᠡᠬᠦ ᠬᠦᠴᠦᠨ᠎ᠢ ᠬᠥᠭᠵᠢᠭᠡᠬᠦ ᠵᠢᠨ ᠬᠠᠮᠲᠤ ᠠᠵᠢᠯ᠎ᠤᠨ ᠳᠤᠮᠳᠠ᠂ ᠦᠢ᠍ᠯᠡᠳᠦᠯᠭᠡ ᠵᠢᠨ ᠳᠤᠮᠳᠠ᠂ ᠤᠯᠠᠨ ᠲᠦᠮᠡᠨ᠎ᠤ ᠳᠤᠮᠳᠠ ᠲᠠᠰᠤᠷᠠᠯᠳᠠ ᠦᠭᠡᠢ ᠰᠤᠷᠤᠯᠴᠠᠵᠤ ᠦᠰᠦᠨ ᠪᠣᠶ᠋ᠢᠵᠢᠭᠰᠠᠨ ᠪᠠᠶ᠋ᠢᠨ᠎ᠠ᠃ ᠰᠤᠷᠤᠯᠴᠠᠬᠤ ᠮᠠᠶᠢᠭ᠎ᠤᠨ ᠪᠠᠶ᠋ᠢᠭᠤᠯᠤᠯᠭ᠎ᠠ ᠵᠢ ᠪᠠᠶ᠋ᠢᠭᠤᠯᠬᠤ᠎ᠪᠠᠷ ᠳᠠᠮᠵᠢᠭᠤᠯᠤᠨ᠂ ᠭᠣᠣᠯ ᠡᠩᠨᠡᠭᠡᠨ᠎ᠤ ᠴᠢᠳᠠᠪᠤᠷᠢ ᠵᠢᠨ ᠪᠠᠶ᠋ᠢᠭᠤᠯᠤᠯᠲᠠ ᠵᠢᠨ ᠭᠦᠨᠵᠡᠭᠡᠶ᠋ᠢᠷᠡᠨ ᠬᠥᠭᠵᠢᠬᠦ ᠵᠢ ᠪᠦᠬᠦ ᠬᠦᠴᠦᠨ ᠵᠶ᠋ᠠᠷ ᠵᠶ᠋ᠠᠨ ᠠᠬᠢᠭᠤᠯᠵᠤ᠂ ᠤᠯᠤᠰ ᠲᠦᠷᠦ ᠵᠢ ᠡᠷᠬᠢᠮᠯᠡᠬᠦ᠂ ᠶᠡᠬᠡ ᠲᠠᠯ᠎ᠠ ᠵᠢ ᠡᠷᠬᠢᠮᠯᠡᠬᠦ᠂ ᠬᠠᠶ᠋ᠢᠷ᠎ᠠ ᠰᠡᠳᠬᠢᠯᠭᠡ ᠵᠢ ᠡᠷᠬᠢᠮᠯᠡᠬᠦ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠨᠢᠭᠡᠨ ᠰᠠᠯᠠᠭ᠎ᠠ ᠴᠢᠩᠭ᠎ᠠ ᠡᠩᠨᠡᠭᠡ ᠵᠢ ᠳᠠᠪᠲᠠᠨ ᠪᠣᠯᠪᠠᠰᠤᠷᠠᠭᠤᠯᠵᠤ ᠪᠠᠢ᠌ᠭᠤᠯᠵᠤ ᠪᠠᠢ᠌ᠨ᠎ᠠ᠃


ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠮᠢ ᠠᠬᠤᠢ ᠤᠷᠴᠢᠨ ᠲᠤᠭᠤᠷᠢᠨ᠎ᠤ ᠲᠢᠩᠬᠢᠮ
          
ᠬᠠᠮᠢᠶ᠎ᠡ ᠪᠦᠬᠦᠢ ᠰᠣᠨᠢᠨ
ᠥᠪᠡᠷᠲᠡᠭᠡᠨ ᠵᠠᠰᠠᠬᠤ ᠣᠷᠣᠨ᠎ᠤ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠰᠢᠮᠳᠠᠭᠤᠯᠤᠨ ᠪᠠᠶ᠋ᠢᠴᠠᠭ᠋ᠠᠬᠤ ᠳᠤᠮᠳᠠ ᠬᠡᠰᠡᠭ᠎ᠤᠨ ᠲᠥᠪ᠎ᠤᠨ ᠨᠢᠭᠡᠳᠦᠭᠡᠷ ᠤᠯᠠᠷᠢᠯ᠎ᠳᠠᠬᠢ ᠣᠷᠴᠢᠨ ᠲᠣᠭᠣᠷᠢᠨ᠎ᠤ ᠵᠠᠬᠢᠳᠠᠯ ᠰᠤᠷᠪᠤᠯᠵᠢᠯᠠᠯ᠎ᠤᠨ ᠠᠰᠠᠭᠤᠳᠠᠯ᠎ᠢ ᠰᠢᠢ᠍ᠳᠪᠦᠷᠢᠯᠡᠭᠰᠡᠨ ᠪᠠᠢ᠌ᠳᠠᠯ
2021 ᠣᠨ᠎ᠤ 3 ᠳ᠋ᠤᠭ᠋ᠠᠷ ᠰᠠᠷ᠎ᠠ ᠵᠢᠨ 24᠎ᠤ ᠡᠳᠦᠷ᠎ᠠᠴᠠ 2021 ᠣᠨ᠎ᠤ 3 ᠳ᠋ᠤᠭ᠋ᠠᠷ ᠰᠠᠷ᠎ᠠ ᠵᠢᠨ 30᠎ᠤ ᠡᠳᠦᠷ ᠪᠤᠯᠳᠠᠯᠠᠬᠢ ᠪᠥᠲᠥᠭᠡᠨ ᠪᠠᠶ᠋ᠢᠭᠤᠯᠤᠯᠲᠠ ᠵᠢᠨ ᠲᠥᠷᠥᠯ ᠵᠦᠢ᠍ᠯ᠎ᠤᠨ ᠣᠷᠴᠢᠨ ᠲᠣᠭᠣᠷᠢᠨ᠎ᠤ ᠨᠥᠯᠥᠭᠡᠯᠡᠯ᠎ᠢ ᠦᠨᠡᠯᠡᠭᠰᠡᠨ ᠪᠢᠴᠢᠭ ᠮᠠᠲ᠋ᠧᠷᠢᠶᠠᠯ᠎ᠢ ᠬᠢᠨᠠᠨ ᠵᠦᠪᠰᠢᠶᠡᠷᠡᠭᠰᠡᠨ ᠲᠣᠭᠲᠠᠭ᠋ᠠᠯ᠎ᠤᠨ ᠲᠤᠬᠠᠶ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠶ ᠤᠷᠴᠢᠨ ᠲᠤᠭᠤᠷᠢᠨ᠎ᠤ ᠲᠢᠩᠬᠢᠮ᠎ᠤᠨ ᠠᠯᠪᠠᠨ ᠵᠠᠷᠯᠠᠯ
ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠤᠷᠴᠢᠨ ᠲᠤᠭᠤᠷᠢᠨ᠎ᠤ ᠬᠠᠮᠠᠭ᠋ᠠᠯᠠᠯᠳᠠ ᠵᠢᠨ ᠰᠢᠮᠳᠠᠭᠤᠯᠤᠨ ᠪᠠᠢ᠌ᠴᠠᠭ᠋ᠠᠬᠤ ᠪᠠᠷᠠᠭᠤᠨ ᠬᠡᠰᠡᠭ᠎ᠤᠨ ᠲᠦᠪ᠎ᠤᠨ 2021 ᠤᠨ᠎ᠤ ᠲᠦᠷᠦᠬᠦᠤ ᠬᠤᠶᠠᠷ ᠰᠠᠷ᠎ᠠ ᠵᠢᠨ ᠲᠤᠷᠭ᠋ᠠᠭᠤᠯᠢ ᠵᠢᠨ ᠮᠡᠳᠡᠭᠡ
ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠤᠷᠴᠢᠨ ᠲᠤᠭᠤᠷᠢᠨ᠎ᠤ ᠬᠠᠮᠠᠭ᠋ᠠᠯᠠᠯᠳᠠ ᠵᠢᠨ ᠰᠢᠮᠳᠠᠭᠤᠯᠤᠨ ᠪᠠᠢ᠌ᠴᠠᠭ᠋ᠠᠬᠤ ᠲᠤᠮᠳᠠ ᠬᠡᠰᠡᠭ᠎ᠤᠨ ᠲᠦᠪ᠎ᠤᠨ 2021 ᠤᠨ᠎ᠤ ᠲᠦᠷᠦᠬᠦᠤ ᠬᠤᠶᠠᠷ ᠰᠠᠷ᠎ᠠ ᠵᠢᠨ ᠲᠤᠷᠭ᠋ᠠᠭᠤᠯᠢ ᠵᠢᠨ ᠮᠡᠳᠡᠭᠡ
ᠰᠢᠮᠳᠠᠭᠤᠯᠤᠨ ᠪᠠᠶ᠋ᠢᠴᠠᠭ᠋ᠠᠬᠤ ᠵᠡᠬᠦᠨ ᠬᠡᠰᠡᠭ᠎ᠤᠨ ᠲᠥᠪ᠎ᠠᠴᠠ ᠠᠵᠢᠯᠳᠠᠨ ᠲᠣᠮᠢᠯᠠᠨ ᠡᠨᠧᠷᠭᠢ ᠵᠢᠨ ᠬᠣᠷᠣᠭᠳᠠᠭᠤᠯᠤᠯ ᠶᠡᠬᠡᠲᠡᠢ ᠲᠦᠷᠦᠯ ᠵᠦᠢ᠍ᠯ᠎ᠢ ᠬᠢᠨᠠᠨ ᠵᠥᠪᠰᠢᠶᠡᠷᠡᠵᠦ ᠪᠦᠲᠦᠭᠡᠨ ᠪᠠᠢ᠌ᠭᠤᠯᠤᠭᠰᠠᠨ ᠪᠠ ᠨᠡᠭᠦᠷᠡᠰᠦᠲᠥ᠋ᠷᠥᠭᠴᠢ ᠭᠠᠳᠠᠭᠰᠢᠯᠠᠭᠤᠯᠤᠭᠰᠠᠨ ᠪᠠᠶ᠋ᠢᠳᠠᠯ᠎ᠢ ᠬᠠᠮᠲᠤᠷᠠᠨ ᠪᠠᠶ᠋ᠢᠴᠠᠭ᠋ᠠᠬᠤ ᠠᠵᠢᠯ᠎ᠳᠤ ᠤᠷᠤᠯᠴᠠᠭᠤᠯᠪᠠ
 
             蒙ICP备05000248号