《ᠲᠠᠯᠪᠢᠬᠤ ᠬᠠᠮᠢᠶᠠᠷᠬᠤ ᠦᠢ᠍ᠯᠡᠴᠢᠯᠡᠬᠦ》 ᠥᠭᠡᠷᠡᠴᠢᠯᠡᠯᠲᠡ ᠵᠢᠨ ᠱᠠᠭ᠋ᠠᠷᠳᠠᠯᠭ᠎ᠠ ᠵᠢ ᠭᠦᠨᠵᠡᠭᠡᠶ ᠨᠠᠶ᠋ᠢᠳᠠᠪᠤᠷᠢᠵᠢᠭᠤᠯᠵᠤ᠂ 《ᠵᠢᠷᠭᠤᠭ᠎ᠠ ᠵᠢ ᠲᠣᠭᠲᠠᠭᠤᠨ ᠪᠠᠶ᠋ᠢᠯᠭ᠋ᠠᠬᠤ》 《ᠵᠢᠷᠭᠤᠭ᠎ᠠ ᠵᠢ ᠪᠠᠲᠤᠯᠠᠬᠤ》᠎ᠳᠤ ᠢᠳᠡᠪᠬᠢᠲᠡᠶ ᠦᠢ᠍ᠯᠡᠴᠢᠯᠡᠵᠦ᠂ ᠡᠵᠡᠩᠨᠡᠨ ᠬᠤᠳᠠᠯᠳᠤᠭ᠋ᠠᠯᠠᠬᠤ ᠰᠠᠶ᠋ᠢᠨ ᠰᠠᠶ᠋ᠢᠬᠠᠨ ᠣᠷᠴᠢᠨ ᠨᠦᠬᠦᠴᠡᠯ᠎ᠢ ᠪᠣᠶ ᠪᠣᠯᠭ᠋ᠠᠬᠤ ᠵᠢᠨ ᠲᠤᠰᠠᠳᠠ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠶ ᠣᠷᠴᠢᠨ ᠲᠣᠭᠣᠷᠢᠨ᠎ᠤ ᠲᠢᠩᠬᠢᠮ ᠣᠷᠴᠢᠨ ᠲᠣᠭᠣᠷᠢᠨ᠎ᠤ ᠢᠲᠡᠭᠡᠮᠵᠢ ᠵᠢᠨ ᠰᠢᠰᠲ᠋ᠧᠮᠵᠢ ᠵᠢᠨ ᠪᠠᠶ᠋ᠢᠭᠤᠯᠤᠯᠲᠠ᠎ᠲᠠᠢ ᠤᠶᠠᠯᠳᠤᠭᠤᠯᠤᠨ ᠪᠠᠶ᠋ᠢᠩᠭᠤᠵᠢᠭᠰᠠᠨ ᠬᠢᠨᠠᠯᠲᠠ ᠲᠠᠯᠪᠢᠵᠤ ᠬᠠᠤᠯᠢ ᠬᠡᠷᠡᠭᠵᠢᠭᠦᠯᠬᠦ ᠵᠥᠪ ᠲᠠᠯ᠎ᠠ ᠵᠢᠨ ᠨᠠᠷᠢᠨ ᠲᠠᠩᠰᠠ ᠵᠢᠨ ᠬᠠᠮᠢᠶᠠᠷᠤᠯᠲᠠ ᠵᠢᠨ ᠲᠦᠷᠢᠮ᠎ᠢ ᠪᠠᠶ᠋ᠢᠭᠤᠯᠤᠨ ᠬᠡᠷᠡᠭᠵᠢᠭᠦᠯᠵᠦ᠂ ᠵᠥᠪ ᠲᠠᠯ᠎ᠠ ᠵᠢᠨ ᠨᠠᠷᠢᠨ ᠲᠠᠩᠰᠠ ᠵᠢᠨ ᠲᠦᠷᠢᠮ᠎ᠢ ᠪᠠᠶ᠋ᠢᠩᠭᠤᠵᠢᠭᠤᠯᠬᠤ᠂ ᠳᠦᠷᠢᠮᠵᠢᠭᠦᠯᠬᠦ ᠵᠢ ᠪᠥᠬᠥ ᠲᠠᠯ᠎ᠠ᠎ᠪᠠᠷ ᠳᠥᠯᠭᠢᠨ ᠠᠬᠢᠭᠤᠯᠬᠤ ᠪᠤᠯᠤᠨ᠎ᠠ᠃
ᠨᠢᠭᠡ᠎ᠳᠤ᠂ ᠵᠥᠪ ᠲᠠᠯ᠎ᠠ ᠵᠢᠨ ᠨᠠᠷᠢᠨ ᠲᠠᠩᠰᠠ ᠵᠢᠨ ᠲᠦᠷᠢᠮ᠎ᠢ ᠪᠦᠷᠢᠨᠰᠢᠭᠦᠯᠦᠨ᠎ᠡ᠃ 《ᠠᠮᠢ ᠠᠬᠤᠶ ᠵᠢᠨ ᠣᠷᠴᠢᠨ ᠲᠣᠭᠣᠷᠢᠨ᠎ᠤ ᠬᠢᠨᠠᠯᠲᠠ ᠲᠠᠯᠪᠢᠵᠤ ᠬᠠᠤᠯᠢ ᠬᠡᠷᠡᠭᠵᠢᠭᠦᠯᠬᠦ ᠵᠥᠪ ᠲᠠᠯ᠎ᠠ ᠵᠢᠨ ᠨᠠᠷᠢᠨ ᠲᠠᠩᠰᠠ ᠵᠢᠨ ᠬᠠᠮᠢᠶᠠᠷᠤᠯᠲᠠ ᠵᠢ ᠴᠢᠩᠭ᠋ᠠᠳᠬᠠᠨ ᠵᠦᠷᠢᠶᠡᠴᠢᠯᠡᠭᠰᠡᠨ ᠬᠠᠤᠯᠢ ᠬᠡᠷᠡᠭᠵᠢᠭᠦᠯᠦᠯᠲᠡ ᠵᠢᠨ ᠬᠢᠨᠠᠯᠲᠠ ᠬᠠᠮᠢᠶᠠᠷᠤᠯᠲᠠ ᠵᠢ ᠠᠬᠢᠭᠤᠯᠬᠤ ᠲᠤᠬᠠᠶ ᠠᠮᠢ ᠠᠬᠤᠶ ᠣᠷᠴᠢᠨ ᠲᠣᠭᠣᠷᠢᠨ᠎ᠤ ᠶᠠᠮᠤᠨ᠎ᠤ ᠵᠢᠯᠣᠭᠣᠳᠬᠤ ᠰᠠᠨᠠᠯ》᠎ᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ᠎ᠤ ᠪᠣᠳᠠᠲᠠᠶ᠎ᠲᠠᠢ᠎ᠪᠠᠨ ᠤᠶᠠᠯᠳᠤᠭᠤᠯᠤᠨ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠶ ᠣᠷᠴᠢᠨ ᠲᠣᠭᠣᠷᠢᠨ᠎ᠤ ᠬᠢᠨᠠᠯᠲᠠ ᠲᠠᠯᠪᠢᠵᠤ ᠬᠠᠤᠯᠢ ᠬᠡᠷᠡᠭᠵᠢᠭᠦᠯᠬᠦ ᠵᠥᠪ ᠲᠠᠯ᠎ᠠ ᠵᠢᠨ ᠨᠠᠷᠢᠨ ᠲᠠᠩᠰᠠ ᠵᠢᠨ ᠬᠠᠮᠢᠶᠠᠷᠤᠯᠲᠠ ᠵᠢᠨ ᠲᠦᠷᠢᠮ (ᠲᠤᠷᠰᠢᠨ ᠬᠡᠷᠡᠭᠵᠢᠭᠦᠯᠬᠦ)》᠎ᠢ ᠪᠠᠢ᠌ᠭᠤᠯᠵᠤ᠂ ᠵᠦᠷᠢᠶᠡᠴᠢᠯᠡᠭᠰᠡᠨ ᠬᠢᠨᠠᠯᠲᠠ ᠬᠠᠮᠢᠶᠠᠷᠤᠯᠲᠠ ᠵᠢ ᠬᠡᠷᠡᠭᠵᠢᠭᠦᠯᠦᠨ᠂ ᠵᠥᠪ ᠴᠢᠭᠯᠡᠯ ᠵᠶ᠋ᠠᠷ ᠤᠷᠮᠠᠰᠢᠭᠤᠯᠬᠤ ᠡᠷᠴᠢᠮ ᠵᠶ᠋ᠠᠨ ᠴᠢᠩᠭ᠋ᠠᠷᠠᠭᠤᠯᠤᠨ᠂ ᠠᠵᠤ ᠠᠬᠤᠶ᠋ᠢᠯᠠᠯ᠎ᠤᠳ᠎ᠤᠨ ᠳᠠᠷᠤᠭ᠋ᠠᠰᠤ ᠵᠢ ᠬᠥᠩᠭᠡᠷᠡᠭᠦᠯᠦᠨ᠎ᠡ᠃ ᠬᠣᠶᠠᠷ᠎ᠲᠤ᠂ ᠵᠥᠪ ᠲᠠᠯ᠎ᠠ ᠵᠢᠨ ᠨᠠᠷᠢᠨ ᠳᠠᠩᠰᠠ ᠵᠢ ᠲᠤᠢ᠌ᠯ᠎ᠤᠨ ᠤᠨᠤᠪᠴᠢᠳᠠᠢ ᠪᠠᠶ᠋ᠢᠭᠤᠯᠤᠨ᠎ᠠ᠃ ᠡᠯ᠎ᠡ ᠭᠠᠵᠠᠷ᠎ᠤᠨ᠎ᠬᠢᠨ᠎ᠢ ᠵᠢᠯᠤᠭᠤᠳᠴᠤ ᠪᠠᠢ᠌ᠭ᠋ᠠᠳ ᠪᠣᠬᠢᠷᠲᠤᠯ᠎ᠢ ᠨᠡᠶ᠋ᠢᠳᠡᠮ ᠪᠠᠢ᠌ᠴᠠᠭ᠋ᠠᠭᠰᠠᠨ ᠬᠣᠶᠠᠳᠤᠭ᠋ᠠᠷ ᠤᠳᠠᠭ᠋ᠠᠨ᠎ᠤ ᠲᠣᠭ᠎ᠠ ᠪᠠᠷᠢᠮᠲᠠ ᠵᠢᠨ ᠬᠥᠮᠥᠷᠭᠡ᠎ᠲᠠᠢ ᠤᠶᠠᠯᠳᠤᠭᠤᠯᠤᠨ 《ᠠᠮᠢ ᠠᠬᠤᠶ ᠵᠢᠨ ᠣᠷᠴᠢᠨ ᠲᠣᠭᠣᠷᠢᠨ᠎ᠤ ᠬᠢᠨᠠᠯᠲᠠ ᠲᠠᠯᠪᠢᠵᠤ ᠬᠠᠤᠯᠢ ᠬᠡᠷᠡᠭᠵᠢᠭᠦᠯᠬᠦ ᠵᠥᠪ ᠲᠠᠯ᠎ᠠ ᠵᠢᠨ ᠨᠠᠷᠢᠨ ᠲᠠᠩᠰᠠ ᠵᠢᠨ ᠬᠠᠮᠢᠶᠠᠷᠤᠯᠲᠠ ᠵᠢ ᠴᠢᠩᠭ᠋ᠠᠳᠬᠠᠨ ᠵᠦᠷᠢᠶᠡᠴᠢᠯᠡᠭᠰᠡᠨ ᠬᠠᠤᠯᠢ ᠬᠡᠷᠡᠭᠵᠢᠭᠦᠯᠦᠯᠲᠡ ᠵᠢᠨ ᠬᠢᠨᠠᠯᠲᠠ ᠬᠠᠮᠢᠶᠠᠷᠤᠯᠲᠠ ᠵᠢ ᠠᠬᠢᠭᠤᠯᠬᠤ ᠲᠤᠬᠠᠶ ᠠᠮᠢ ᠠᠬᠤᠶ ᠣᠷᠴᠢᠨ ᠲᠣᠭᠣᠷᠢᠨ᠎ᠤ ᠶᠠᠮᠤᠨ᠎ᠤ ᠵᠢᠯᠣᠭᠣᠳᠬᠤ ᠰᠠᠨᠠᠯ》᠎ᠤᠨ ᠶᠣᠰᠣᠭ᠋ᠠᠷ᠂ ᠬᠠᠷᠢᠶ᠎ᠠ ᠣᠷᠣᠨ᠎ᠤ ᠲᠤᠳᠤᠭ᠋ᠠᠳᠤᠬᠢ ᠠᠵᠤ ᠠᠬᠤᠶ᠋ᠢᠯᠠᠯ᠎ᠤᠳ᠎ᠤᠨ ᠰᠠᠭᠤᠷᠢ ᠲᠣᠭ᠋ᠠᠨ᠎ᠤ ᠨᠠᠷᠢᠨ ᠲᠠᠩᠰᠠ ᠵᠢ ᠪᠥᠬᠥ ᠲᠠᠯ᠎ᠠ᠎ᠪᠠᠷ ᠡᠮᠬᠢᠯᠡᠨ ᠲᠢᠭᠯᠡᠵᠦ᠂ ᠵᠥᠪ ᠲᠠᠯ᠎ᠠ ᠵᠢᠨ ᠨᠠᠷᠢᠨ ᠲᠠᠩᠰᠠ ᠵᠢ ᠲᠤᠢ᠌ᠯ᠎ᠤᠨ ᠤᠨᠤᠪᠴᠢᠳᠠᠢ᠎ᠪᠠᠷ ᠪᠠᠢ᠌ᠭᠤᠯᠬᠤ ᠬᠡᠷᠡᠭᠳᠡᠢ᠃ ᠦᠨᠤ ᠵᠢᠯ᠎ᠤᠨ ᠡᠬᠢᠨ᠎ᠠᠴᠠ ᠣᠲᠣ ᠪᠣᠯᠲᠠᠯ᠎ᠠ᠂ ᠮᠠᠨ᠎ᠤ ᠣᠷᠣᠨ᠎ᠤ ᠡᠯ᠎ᠡ ᠱᠠᠲᠤᠨ᠎ᠤ ᠠᠮᠢ ᠠᠬᠤᠶ ᠣᠷᠴᠢᠨ ᠲᠤᠭᠤᠷᠢᠨ᠎ᠤ ᠰᠠᠯᠠᠭ᠎ᠠ ᠮᠥᠴᠢᠷ᠎ᠤᠳ ᠵᠥᠪ ᠲᠠᠯ᠎ᠠ ᠵᠢᠨ ᠨᠠᠷᠢᠨ ᠲᠠᠩᠰᠠ᠎ᠳᠤ ᠪᠦᠷᠢᠳᠭᠡᠭᠦᠯᠦᠭᠰᠡᠨ ᠠᠵᠤ ᠠᠬᠤᠶ᠋ᠢᠯᠠᠯ᠎ᠤᠨ ᠲᠤᠭ᠎ᠠ ᠨᠡᠢ᠌ᠳᠡ 1379 ᠡᠷᠦᠭᠡ ᠪᠤᠯᠪᠠ᠃
ᠭᠤᠷᠪᠠ᠎ᠳᠤ᠂ ᠵᠥᠪ ᠲᠠᠯ᠎ᠠ ᠵᠢᠨ ᠨᠠᠷᠢᠨ ᠳᠠᠩᠰᠠ ᠵᠢᠨ ᠵᠢᠯᠤᠭᠤᠳᠤᠯᠭ᠎ᠠ᠎ᠪᠠᠨ ᠴᠢᠩᠭ᠋ᠠᠳᠬᠠᠨ᠎ᠠ᠃ ᠡᠯ᠎ᠡ ᠭᠠᠵᠠᠷ᠎ᠤᠨ᠎ᠬᠢᠨ᠎ᠢ ᠵᠢᠯᠤᠭᠤᠳᠴᠤ ᠪᠠᠢ᠌ᠭ᠋ᠠᠳ ᠠᠮᠢ ᠠᠬᠤᠶ ᠣᠷᠴᠢᠨ ᠲᠣᠭᠣᠷᠢᠨ᠎ᠤ ᠬᠢᠨᠠᠯᠲᠠ ᠲᠠᠯᠪᠢᠵᠤ ᠬᠠᠤᠯᠢ ᠬᠡᠷᠡᠭᠵᠢᠭᠦᠯᠬᠦ ᠵᠥᠪ ᠲᠠᠯ᠎ᠠ ᠵᠢᠨ ᠨᠠᠷᠢᠨ ᠲᠠᠩᠰᠠ ᠵᠢᠨ ᠲᠦᠷᠢᠮ᠎ᠢ ᠪᠠᠶ᠋ᠢᠭᠤᠯᠤᠨ ᠬᠡᠷᠡᠭᠵᠢᠭᠦᠯᠵᠦ᠂ ᠡᠯ᠎ᠡ ᠠᠶ᠋ᠢᠮᠠᠭ ᠬᠣᠲᠠ ᠵᠢᠨ ᠠᠮᠢ ᠠᠬᠤᠶ ᠣᠷᠴᠢᠨ ᠲᠣᠭᠣᠷᠢᠨ᠎ᠤ ᠲᠤᠪᠴᠢᠶᠠᠨ᠎ᠤ ᠵᠥᠪ ᠲᠠᠯ᠎ᠠ ᠵᠢᠨ ᠨᠠᠷᠢᠨ ᠲᠠᠩᠰᠠ ᠵᠢᠨ ᠲᠦᠷᠢᠮ᠎ᠢ ᠨᠠᠶ᠋ᠢᠳᠠᠪᠤᠷᠢᠵᠢᠭᠤᠯᠤᠭᠰᠠᠨ ᠪᠠᠶ᠋ᠢᠳᠠᠯ᠎ᠢ ᠴᠠᠭ ᠲᠤᠬᠠᠶ᠎ᠳᠤᠨᠢ ᠲᠤᠬᠢᠷᠠᠭᠤᠯᠤᠯᠳᠠ ᠬᠢᠬᠦ ᠪᠤᠯᠤᠨ᠎ᠠ᠃ ᠵᠥᠪ ᠲᠠᠯ᠎ᠠ ᠵᠢᠨ ᠨᠠᠷᠢᠨ ᠲᠠᠩᠰᠠ ᠵᠢᠨ ᠲᠦᠷᠢᠮ᠎ᠢ ᠨᠠᠶ᠋ᠢᠳᠠᠪᠤᠷᠢᠵᠢᠭᠤᠯᠬᠤ ᠵᠢ 《ᠬᠣᠶᠠᠷ᠎ᠢ ᠰᠤᠭᠤᠴᠢᠨ ᠪᠠᠢ᠌ᠴᠠᠭ᠋ᠠᠵᠤ᠂ ᠨᠢᠭᠡ ᠵᠢ ᠢᠯᠡ ᠪᠣᠯᠭ᠋ᠠᠬᠤ》 ᠬᠢᠨᠠᠯᠲᠠ ᠬᠠᠮᠢᠶᠠᠷᠤᠯᠲᠠ ᠵᠢᠨ ᠲᠦᠷᠢᠮᠯᠦᠭᠡ ᠠᠭᠤᠰᠤᠯᠴᠠᠭᠤᠯᠬᠤ ᠵᠢ ᠪᠠᠷᠢᠮᠲᠠᠯᠠᠵᠤ᠂ ᠲᠥᠷᠥᠯ ᠬᠤᠪᠢᠶᠠᠬᠤ ᠬᠢᠨᠠᠯᠳᠠ ᠬᠠᠮᠢᠶᠠᠷᠤᠯᠳᠠ ᠪᠠ ᠢᠲᠡᠭᠡᠮᠵᠢ ᠵᠢᠨ ᠬᠢᠨᠠᠯᠲᠠ ᠬᠠᠮᠢᠶᠠᠷᠤᠯᠲᠠ ᠵᠢ ᠬᠡᠷᠡᠭᠵᠢᠭᠦᠯᠦᠨ᠂ ᠬᠠᠤᠯᠢ ᠵᠢ ᠴᠢᠩᠭ᠎ᠠ ᠰᠠᠬᠢᠭᠰᠠᠨ ᠠᠵᠤ ᠠᠬᠤᠶ᠋ᠢᠯᠠᠯ᠎ᠳᠤ ᠤᠴᠢᠷ ᠦᠯᠦ ᠡᠷᠢᠨ ᠦᠢ᠍ᠮᠡᠭᠦᠯᠬᠦ ᠥᠬᠡᠶ ᠪᠠᠶ᠋ᠢᠬᠤ ᠵᠢ ᠪᠡᠶᠡᠯᠡᠭᠦᠯᠵᠦ᠂ ᠬᠠᠤᠯᠢ᠎ᠠᠴᠠ ᠵᠥᠷᠢᠴᠡᠭᠰᠡᠨ ᠠᠵᠤ ᠠᠬᠤᠶ᠋ᠢᠯᠠᠯ᠎ᠢ ᠴᠢᠩᠭ᠎ᠠ ᠰᠢᠢ᠍ᠳᠭᠡᠵᠦ ᠬᠦᠨᠳᠦ᠎ᠪᠠᠷ ᠲᠣᠷᠭ᠋ᠠᠨ᠎ᠠ᠃ ᠲᠡᠷᠡᠴᠢᠯᠡᠨ ᠠᠯᠤᠰ ᠰᠡᠷᠡᠯ᠂ ᠵᠢᠯᠣᠭᠣᠴᠢ ᠥᠬᠡᠶ ᠨᠢᠰᠬᠡᠯ ᠵᠶ᠋ᠠᠷ ᠲᠣᠭᠣᠷᠢᠨ ᠪᠠᠶ᠋ᠢᠴᠠᠭ᠋ᠠᠬᠤ᠂ ᠰᠦᠯᠵᠢᠶᠡᠨ ᠳᠡᠭᠡᠷ᠎ᠡ ᠬᠢᠨᠠᠨ ᠡᠵᠡᠮᠳᠡᠬᠦ᠂ ᠸᠢᠳᠢᠤ᠋᠎ᠪᠠᠷ ᠬᠢᠨᠠᠨ ᠡᠵᠡᠮᠳᠡᠬᠦ᠂ ᠲᠣᠮᠣ ᠳ᠋ᠠᠶ᠋ᠢᠲ᠋ᠠ᠎ᠪᠠᠷ ᠵᠠᠳᠠᠯᠤᠯᠲᠠ ᠬᠢᠬᠦ ᠵᠡᠷᠭᠡ ᠰᠢᠨᠵᠢᠯᠡᠬᠦ ᠤᠬᠠᠭ᠋ᠠᠨ ᠮᠡᠷᠭᠡᠵᠢᠯ᠎ᠤᠨ ᠠᠷᠭ᠎ᠠ ᠪᠠᠷᠢᠯ᠎ᠢ ᠭᠦᠢ᠍ᠴᠡᠳ ᠠᠰᠢᠭᠯᠠᠨ 《ᠬᠣᠶᠠᠷ᠎ᠢ ᠰᠤᠭᠤᠴᠢᠨ ᠪᠠᠢ᠌ᠴᠠᠭ᠋ᠠᠵᠤ᠂ ᠨᠢᠭᠡ ᠵᠢ ᠢᠯᠡ ᠪᠣᠯᠭ᠋ᠠᠬᠤ》 ᠲᠦᠷᠢᠮ᠎ᠤᠨ ᠱᠠᠭ᠋ᠠᠷᠳᠠᠯᠭ᠎ᠠ ᠶᠣᠰᠣᠭ᠋ᠠᠷ ᠵᠥᠪ ᠲᠠᠯ᠎ᠠ ᠵᠢᠨ ᠨᠠᠷᠢᠨ ᠲᠠᠩᠰᠠ ᠵᠢᠨ ᠠᠵᠤ ᠠᠬᠤᠶ᠋ᠢᠯᠠᠯ᠎ᠳᠤ ᠲᠤᠬᠠᠶ ᠵᠢᠨ ᠲᠠᠯᠠᠪᠤᠷ᠎ᠤᠨ ᠪᠤᠰᠤ ᠪᠠᠶ᠋ᠢᠴᠠᠭ᠋ᠠᠯᠲᠠ ᠬᠢᠬᠦ᠎ᠪᠠᠷ ᠲᠠᠮᠵᠢᠭᠤᠯᠤᠨ ᠬᠠᠤᠯᠢ ᠬᠡᠷᠡᠭᠵᠢᠭᠦᠯᠵᠦ ᠦᠢ᠍ᠯᠡᠴᠢᠯᠡᠬᠦ ᠴᠢᠳᠠᠪᠤᠷᠢ᠎ᠪᠠᠨ ᠪᠦᠲᠦᠮᠵᠢᠲᠡᠶ ᠳᠡᠭᠡᠭᠰᠢᠯᠡᠭᠦᠯᠦᠨ᠎ᠡ᠃ 2021 ᠣᠨ᠎ᠤ ᠲᠦᠷᠦᠬᠦᠤ ᠬᠤᠶᠠᠷ ᠰᠠᠷ᠎ᠠ ᠳᠤ᠂ ᠠᠮᠢ ᠠᠬᠤᠢ ᠣᠷᠴᠢᠨ ᠲᠣᠭᠣᠷᠢᠨ᠎ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ᠎ᠤᠨ᠎ᠬᠢᠨ ᠬᠠᠷᠢᠯᠴᠠᠬᠤ ᠤᠲᠠᠰᠤ᠂ ᠰᠦᠯᠵᠢᠶ᠎ᠡ ᠵᠡᠷᠭᠡ ᠬᠡᠯᠪᠡᠷᠢ᠎ᠪᠠᠷ 474 ᠡᠷᠦᠭᠡ ᠵᠥᠪ ᠲᠠᠯ᠎ᠠ ᠵᠢᠨ ᠨᠠᠷᠢᠨ ᠲᠠᠩᠰᠠ᠎ᠳᠤ ᠪᠦᠷᠢᠳᠬᠡᠭᠦᠯᠦᠭᠰᠡᠨ ᠠᠵᠤ ᠠᠬᠤᠶ᠋ᠢᠯᠠᠯ᠎ᠢ ᠬᠠᠪᠰᠤᠷᠤᠨ ᠲᠡᠳᠬᠦᠪᠡ᠃