ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠠᠮᠢ ᠠᠬᠤᠢ᠎ᠶᠢᠨ ᠬᠠᠮᠠᠭᠠᠯᠠᠯᠲᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ
ᠪᠣᠬᠢᠷᠳᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ
ᠠᠮᠢ ᠠᠬᠤᠢ᠎ᠶᠢᠨ ᠬᠠᠮᠠᠭᠠᠯᠠᠯᠲᠠ   -   ᠠᠵᠢᠯ ᠶᠠᠪᠤᠳᠠᠯ ᠭᠦᠢᠴᠡᠳᠬᠡᠬᠦ᠌ ᠵᠦᠭᠯᠡᠭᠦᠷ
ᠣᠷᠴᠢᠨ ᠲᠤᠭᠤᠷᠢᠨ᠎ᠤ ᠬᠠᠮᠠᠭ᠋ᠠᠯᠠᠯᠲᠠ ᠵᠢᠨ ᠰᠢᠮᠳᠠᠭᠤᠯᠤᠨ ᠪᠠᠶ᠋ᠢᠴᠠᠭ᠋ᠠᠬᠤ ᠵᠡᠭᠦᠨ ᠬᠡᠰᠡᠭ᠎ᠤᠨ ᠲᠥᠪ᠎ᠨᠢ ᠨᠠᠮ᠎ᠤᠨ ᠲᠡᠦᠬᠡ ᠵᠢᠨ ᠰᠤᠷᠤᠯᠴᠠᠯᠭ᠎ᠠ ᠬᠥᠮᠦᠵᠢᠯ᠎ᠤᠨ ᠲᠠᠢ᠍ᠢ᠍ᠴᠢᠯᠠᠯᠳᠠ ᠵᠢᠨ ᠶᠡᠬᠡ ᠬᠤᠷᠠᠯ ᠬᠤᠷᠠᠯᠳᠤᠭᠤᠯᠪᠠ
ᠨᠡᠶ᠋ᠢᠲᠡᠯᠡᠭᠰᠡᠨ ᠴᠠᠭ᠄ 2021-04-02

    3 ᠰᠠᠷ᠎ᠠ ᠵᠢᠨ 23᠎ᠤ ᠦᠳᠡ ᠵᠢᠨ ᠡᠮᠦᠨ᠎ᠡ᠂ ᠰᠢᠮᠳᠠᠭᠤᠯᠤᠨ ᠪᠠᠶ᠋ᠢᠴᠠᠭ᠋ᠠᠬᠤ ᠵᠡᠭᠦᠨ ᠬᠡᠰᠡᠭ᠎ᠤᠨ ᠲᠥᠪ᠎ᠤᠨ᠎ᠬᠢᠨ ᠨᠠᠮ᠎ᠤᠨ ᠭᠡᠰᠢᠭᠦᠨ ᠺᠠᠳ᠋ᠷᠴᠤᠳ᠎ᠤᠨ ᠶᠡᠬᠡ ᠬᠤᠷᠠᠯ ᠬᠤᠷᠠᠯᠳᠤᠭᠤᠯᠵᠤ᠂ ᠨᠠᠮ᠎ᠤᠨ ᠡᠭᠦᠷ᠎ᠤᠨ ᠱᠦᠵᠢ ᠴᠧᠨ ᠵᠢᠶᠦ᠋ᠨ ᠪᠦᠬᠦ ᠨᠠᠮ᠎ᠤᠨ ᠭᠡᠰᠢᠭᠦᠨ ᠺᠠᠳ᠋ᠷᠴᠤᠳ᠎ᠲᠤ ᠨᠠᠮ᠎ᠤᠨ ᠲᠡᠦᠬᠡ ᠵᠢᠨ ᠰᠤᠷᠤᠯᠴᠠᠯᠭ᠎ᠠ ᠬᠥᠮᠦᠵᠢᠯ ᠲᠠᠢ᠍ᠢ᠍ᠴᠢᠯᠠᠯᠳᠠ ᠵᠢᠨ ᠶᠡᠬᠡ ᠬᠤᠷᠠᠯ ᠳᠡᠭᠡᠷᠡᠬᠢ ᠶᠡᠷᠦᠩᠭᠡᠢ ᠱᠦᠵᠢ ᠰᠢ ᠵᠢᠨ ᠫᠢᠩ᠎ᠤᠨ ᠶᠠᠷᠢᠭᠰᠠᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠪᠠ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠨᠠᠮ᠎ᠤᠨ ᠲᠡᠦᠬᠡ ᠵᠢᠨ ᠰᠤᠷᠤᠯᠴᠠᠯᠭ᠎ᠠ ᠬᠥᠮᠦᠵᠢᠯ᠎ᠤᠨ ᠬᠡᠷᠡᠭᠵᠢᠭᠦᠯᠬᠦ ᠲᠥᠰᠦᠯ᠎ᠢ ᠤᠯᠠᠮᠵᠢᠯᠠᠨ ᠰᠤᠷᠤᠯᠴᠠᠭᠰᠠᠨ ᠪᠥᠭᠡᠳ ᠮᠠᠨ᠎ᠤ ᠲᠥᠪ᠎ᠤᠨ ᠨᠠᠮ᠎ᠤᠨ ᠡᠭᠦᠷ᠎ᠤᠨ ᠨᠠᠮ᠎ᠤᠨ ᠲᠡᠦᠬᠡ ᠵᠢᠨ ᠰᠤᠷᠤᠯᠴᠠᠯᠭ᠎ᠠ ᠬᠥᠮᠦᠵᠢᠯ᠎ᠤᠨ ᠠᠵᠢᠯ ᠵᠶ᠋ᠠᠨ ᠲᠤᠬᠢᠷᠠᠭᠤᠯᠤᠨ ᠪᠠᠢ᠌ᠷᠢᠯᠠᠭᠤᠯᠪᠠ᠃    
      ᠬᠤᠷᠠᠯ᠎ᠠᠴᠠ ᠴᠢᠬᠤᠯᠠᠴᠢᠯᠠᠬᠤ᠎ᠳᠤ᠎ᠪᠠᠨ᠂ ᠪᠦᠬᠦ ᠨᠠᠮ᠎ᠤᠨ ᠭᠡᠰᠢᠭᠦᠳ ᠨᠠᠮ᠎ᠤᠨ ᠲᠡᠦᠬᠡ ᠵᠢᠨ ᠵᠥᠪ ᠣᠨᠣᠪᠴᠢᠲᠠᠢ ᠦᠵᠡᠯᠲᠡ ᠵᠢ ᠪᠤᠢ ᠪᠤᠯᠭ᠋ᠠᠨ᠂ ᠨᠠᠮ᠎ᠤᠨ ᠲᠡᠦᠬᠡ ᠵᠢᠨ ᠰᠤᠷᠤᠯᠴᠠᠯᠭ᠎ᠠ ᠬᠥᠮᠦᠵᠢᠯ᠎ᠢ ᠥᠷᠨᠢᠭᠦᠯᠬᠦ ᠬᠠᠷᠢᠭᠤᠴᠠᠯᠭ᠋ᠠᠲᠤ ᠰᠡᠳᠬᠢᠯᠭᠡ ᠪᠣᠯᠤᠨ ᠡᠭᠦᠷᠭᠡᠲᠦ ᠰᠡᠳᠬᠢᠯᠭᠡ᠎ᠪᠠᠨ ᠲᠠᠰᠤᠷᠠᠯᠲᠠ ᠦᠭᠡᠢ ᠴᠢᠩᠭ᠋ᠠᠳᠬᠠᠵᠤ᠂ ᠦᠵᠡᠯ ᠰᠠᠨᠠᠭ᠎ᠠ ᠪᠠ ᠦᠢ᠍ᠯᠡ ᠠᠵᠢᠯᠯᠠᠭ᠎ᠠ᠎ᠪᠠᠨ   ᠶᠡᠷᠦᠩᠬᠡᠢ ᠱᠦᠵᠢ ᠰᠢ ᠵᠢᠨ ᠫᠢᠩ᠎ᠤᠨ ᠶᠠᠷᠢᠭᠰᠠᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠪᠠ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶᠠᠨ᠎ᠤ ᠪᠠ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠪᠠᠶ᠋ᠢᠷᠢᠯᠠᠭᠤᠯᠤᠯᠲᠠ ᠵᠢᠨ ᠱᠠᠭ᠋ᠠᠷᠳᠠᠯᠭ᠎ᠠ᠎ᠲᠠᠢ ᠨᠢᠭᠡᠳᠬᠡᠬᠦ ᠬᠡᠷᠡᠭᠲᠡᠢ᠃ ᠲᠤᠰ ᠲᠦᠪ᠎ᠤᠨ ᠨᠠᠮ᠎ᠤᠨ ᠡᠭᠦᠷ᠎ᠤᠨ ᠭᠣᠣᠯ ᠠᠵᠢᠯ᠎ᠤᠨ ᠪᠣᠳᠠᠲᠤ ᠪᠠᠶ᠋ᠢᠳᠠᠯ ᠵᠶ᠋ᠠᠨ ᠦᠨᠳᠦᠰᠦᠯᠡᠨ ᠬᠡᠷᠡᠭᠵᠢᠭᠦᠯᠬᠦ ᠲᠥᠰᠦᠯ ᠪᠣᠯᠤᠨ ᠰᠤᠷᠤᠯᠴᠠᠬᠤ ᠲᠥᠯᠥᠪᠯᠡᠭᠡ ᠲᠤᠭᠳᠠᠭ᠋ᠠᠨ᠂ ᠰᠤᠷᠤᠯᠴᠠᠬᠤ ᠠᠬᠢᠴᠠ ᠪᠣᠯᠤᠨ ᠴᠠᠭ᠎ᠤᠨ ᠲᠤᠬᠢᠷᠠᠭᠤᠯᠤᠯᠳᠠ ᠵᠢ ᠨᠢᠭᠡᠳᠦᠯᠲᠡᠢ ᠲᠦᠯᠦᠪᠵᠢᠭᠦᠯᠦᠨ᠂ ᠨᠠᠮ᠎ᠤᠨ ᠲᠡᠦᠬᠡ ᠵᠢᠨ ᠰᠤᠷᠤᠯᠴᠠᠯᠭ᠎ᠠ ᠬᠥᠮᠦᠵᠢᠯ᠎ᠤᠨ ᠡᠯ᠎ᠡ ᠵᠦᠢ᠍ᠯ᠎ᠤᠨ ᠡᠭᠦᠷᠭᠡ ᠵᠢ ᠯᠠᠪᠳᠠᠭᠤᠨ ᠪᠠᠲᠤᠲᠠᠢ ᠠᠬᠢᠭᠤᠯᠬᠤ ᠬᠡᠷᠡᠭᠲᠡᠢ ᠭᠡᠪᠡ᠃    
      ᠨᠠᠮ᠎ᠤᠨ ᠲᠡᠦᠬᠡ ᠵᠢᠨ ᠰᠤᠷᠤᠯᠴᠠᠯᠭ᠎ᠠ ᠬᠥᠮᠦᠵᠢᠯ᠎ᠤᠨ ᠵᠣᠬᠢᠶᠠᠨ ᠪᠠᠢ᠌ᠭᠤᠯᠬᠤ ᠵᠢ ᠪᠣᠳᠠᠲᠠᠶ᠋ᠢᠵᠢᠭᠤᠯᠬᠤ᠂ ᠠᠵᠢᠯ᠎ᠤᠨ ᠨᠠᠢ᠌ᠳᠠᠪᠤᠷᠢᠵᠢᠭᠤᠯᠤᠯᠳᠠ ᠵᠢ ᠪᠣᠳᠠᠲᠠᠶ᠋ᠢᠵᠢᠭᠤᠯᠬᠤ᠂ ᠬᠠᠷᠢᠭᠤᠴᠠᠯᠭ᠎ᠠ ᠡᠭᠦᠷᠭᠡᠯᠡᠬᠦ ᠵᠢ ᠪᠣᠳᠠᠲᠠᠶ᠋ᠢᠵᠢᠭᠤᠯᠬᠤ ᠵᠢ ᠪᠠᠲᠤᠯᠠᠬᠤ ᠵᠢᠨ ᠲᠤᠰᠠᠳᠠ᠂ ᠬᠤᠷᠠᠯ ᠵᠶ᠋ᠠᠷ ᠲᠠᠮᠵᠢᠨ ᠰᠤᠳᠤᠯᠬᠤ᠎ᠳᠤ᠎ᠪᠠᠨ᠂ ᠮᠠᠨ᠎ᠤ ᠲᠦᠪ᠎ᠤᠨ ᠨᠠᠮ᠎ᠤᠨ ᠲᠡᠦᠬᠡ ᠵᠢᠨ ᠰᠤᠷᠤᠯᠴᠠᠯᠭ᠎ᠠ ᠬᠥᠮᠦᠵᠢᠯ᠎ᠤᠨ ᠤᠳᠤᠷᠢᠳᠬᠤ ᠳᠤᠭᠤᠶ᠋ᠢᠯᠠᠩ᠎ᠢ ᠪᠠᠶ᠋ᠢᠭᠤᠯᠵᠤ᠂ ᠲᠤᠰ ᠲᠦᠪ᠎ᠤᠨ ᠡᠷᠬᠢᠯᠡᠭᠴᠢ᠎ᠪᠠᠷ ᠳᠤᠭᠤᠶ᠋ᠢᠯᠠᠩ᠎ᠤᠨ ᠳᠠᠷᠤᠭ᠎ᠠ   ᠪᠤᠯᠭ᠋ᠠᠨ ᠲᠤᠰ ᠲᠦᠪ᠎ᠤᠨ ᠳᠡᠳ᠋ ᠡᠷᠬᠢᠯᠡᠭᠴᠢ᠎ᠪᠠᠷ ᠳᠤᠭᠤᠶ᠋ᠢᠯᠠᠩ᠎ᠤᠨ ᠳᠡᠳ᠋ ᠳᠠᠷᠤᠭ᠎ᠠ ᠪᠤᠯᠭ᠋ᠠᠵᠤ᠂ ᠡᠯ᠎ᠡ ᠰᠠᠯᠠᠭ᠎ᠠ ᠲᠠᠰᠤᠭ᠎ᠤᠨ ᠬᠠᠷᠢᠭᠤᠴᠠᠯᠭ᠋ᠠᠲᠠᠨ ᠵᠶ᠋ᠠᠷ ᠳᠤᠭᠤᠶ᠋ᠢᠯᠠᠩ᠎ᠤᠨ ᠭᠡᠰᠢᠭᠦᠨ ᠪᠤᠯᠭ᠋ᠠᠭᠰᠠᠨ ᠤᠳᠤᠷᠢᠳᠬᠤ ᠲᠤᠭᠤᠢ᠌ᠯᠠᠩ᠎ᠢ ᠪᠠᠢ᠌ᠭᠤᠯᠵᠤ᠂ ᠪᠣᠳᠠᠲᠠᠢ ᠠᠵᠢᠯ᠎ᠤᠨ ᠲᠤᠬᠢᠷᠠᠭᠤᠯᠤᠯᠳᠠ ᠵᠢ ᠮᠠᠨ᠎ᠤ ᠲᠦᠪ᠎ᠤᠨ ᠠᠯᠪᠠᠨ ᠭᠡᠷ᠎ᠠᠴᠠ ᠬᠠᠷᠢᠭᠤᠴᠠᠵᠤ ᠨᠢᠭᠡᠳᠦᠯᠲᠡᠢ ᠲᠥᠯᠥᠪᠵᠢᠭᠦᠯᠦᠨ ᠠᠬᠢᠭᠤᠯᠬᠤ᠎ᠪᠠᠷ ᠲᠣᠭᠲᠠᠪᠠ᠃

ᠢᠷᠡᠯᠲᠡ᠄ ᠰᠢᠮᠳᠠᠭᠤᠯᠤᠨ ᠪᠠᠶ᠋ᠢᠴᠠᠭ᠋ᠠᠬᠤ ᠵᠡᠭᠦᠨ ᠬᠡᠰᠡᠭ᠎ᠤᠨ ᠲᠥᠪ
          
ᠬᠠᠮᠢᠶ᠎ᠡ ᠪᠦᠬᠦᠢ ᠰᠣᠨᠢᠨ
ᠥᠪᠡᠷᠲᠡᠭᠡᠨ ᠵᠠᠰᠠᠬᠤ ᠣᠷᠣᠨ᠎ᠤ ᠠᠮᠢ ᠠᠬᠤᠶ ᠣᠷᠴᠢᠨ ᠲᠣᠭᠣᠷᠢᠨ᠎ᠤ ᠲᠢᠩᠬᠢᠮ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠶᠤᠯ᠎ᠲᠠᠢ ᠬᠠᠶᠠᠭᠳᠠᠮᠠᠯ ᠪᠣᠳᠠᠰ᠎ᠢ ᠠᠰᠢᠭᠯᠠᠨ ᠰᠢᠢ᠍ᠳᠪᠦᠷᠢᠯᠡᠬᠦ ᠪᠡᠯᠡᠳᠬᠡᠮᠵᠢ ᠵᠢᠨ ᠪᠥᠲᠥᠭᠡᠨ ᠪᠠᠶ᠋ᠢᠭᠤᠯᠤᠯᠲᠠ ᠵᠢᠨ 《ᠠᠷᠪᠠᠨ ᠳᠥᠷᠪᠡᠳᠦᠭᠡᠷ ᠲᠠᠪᠤᠨ ᠵᠢᠯ》᠎ᠤᠨ ᠲᠥᠯᠥᠪᠵᠢᠭᠦᠯᠭᠡ ᠵᠢᠨ ᠰᠠᠨᠠᠯ ᠬᠤᠷᠢᠶᠠᠬᠤ ᠬᠤᠷᠠᠯ ᠬᠤᠷᠠᠯᠳᠤᠭᠤᠯᠪᠠ
ᠠᠮᠢ ᠠᠬᠤᠶ ᠤᠷᠴᠢᠨ ᠲᠤᠭᠤᠷᠢᠨ᠎ᠤ ᠲᠢᠩᠬᠢᠮ ᠬᠠᠲᠤᠨ ᠭᠣᠤᠯ ᠳᠠᠭ᠋ᠠᠤ ᠵᠢᠨ ᠬᠠᠲᠠᠭᠤ ᠪᠡᠶᠡᠲᠦ ᠬᠠᠶᠠᠭᠳᠠᠮᠠᠯ ᠪᠣᠳᠠᠰ᠎ᠢ ᠵᠢᠭᠰᠠᠭ᠋ᠠᠨ ᠪᠠᠶ᠋ᠢᠴᠠᠭ᠋ᠠᠵᠤ ᠴᠡᠭᠴᠡᠯᠡᠨ ᠰᠠᠶ᠋ᠢᠵᠢᠷᠠᠭᠤᠯᠬᠤ ᠡᠭᠦᠷᠭᠡ ᠵᠢᠨ ᠠᠵᠢᠯ᠎ᠢ ᠳᠥᠯᠭᠢᠨ ᠠᠬᠢᠭᠤᠯᠬᠤ ᠬᠤᠷᠠᠯ ᠬᠤᠷᠠᠯᠳᠤᠭᠤᠯᠪᠠ
2021 ᠣᠨ᠎ᠤ 5 ᠳ᠋ᠤᠭ᠋ᠠᠷ ᠰᠠᠷ᠎ᠠ ᠵᠢᠨ 8᠎ᠤ ᠡᠳᠦᠷ᠎ᠠᠴᠠ 2021 ᠣᠨ᠎ᠤ 5 ᠳ᠋ᠤᠭ᠋ᠠᠷ ᠰᠠᠷ᠎ᠠ ᠵᠢᠨ 14᠎ᠤ ᠡᠳᠦᠷ ᠪᠤᠯᠳᠠᠯᠠᠬᠢ ᠪᠥᠲᠥᠭᠡᠨ ᠪᠠᠶ᠋ᠢᠭᠤᠯᠤᠯᠲᠠ ᠵᠢᠨ ᠲᠥᠷᠥᠯ ᠵᠦᠢ᠍ᠯ᠎ᠤᠨ ᠣᠷᠴᠢᠨ ᠲᠣᠭᠣᠷᠢᠨ᠎ᠳᠤ ᠦᠵᠡᠭᠦᠯᠬᠦ ᠨᠦᠯᠦᠭᠡ ᠵᠢ ᠦᠨᠡᠯᠡᠬᠦ ᠪᠢᠴᠢᠭ ᠮᠠᠲ᠋ᠧᠷᠢᠶᠠᠯ᠎ᠢ ᠬᠢᠨᠠᠨ ᠵᠦᠪᠰᠢᠶᠡᠷᠡᠭᠰᠡᠨ ᠲᠣᠭᠲᠠᠭ᠋ᠠᠯ ᠭᠠᠷᠭ᠋ᠠᠭᠰᠠᠨ ᠲᠤᠬᠠᠶ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠶ ᠤᠷᠴᠢᠨ ᠲᠤᠭᠤᠷᠢᠨ᠎ᠤ ᠲᠢᠩᠬᠢᠮ᠎ᠤᠨ ᠠᠯᠪᠠᠨ ᠵᠠᠷᠯᠠᠯ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠷᠴᠢᠨ ᠲᠣᠭᠣᠷᠢᠨ᠎ᠤ ᠬᠢᠨᠠᠨ ᠬᠡᠮᠵᠢᠯᠲᠡ ᠵᠢᠨ ᠶᠡᠷᠦᠩᠬᠡᠶ ᠥᠷᠲᠡᠭᠡ᠎ᠨᠢ ᠬᠤᠪᠢᠶᠠᠷᠢ ᠦᠷᠳᠡᠭᠡᠨ᠎ᠤ ᠠᠭ᠋ᠠᠷ᠎ᠤᠨ ᠳᠡᠭᠳᠡᠮᠡᠬᠡᠶ ᠴᠢᠨᠠᠷᠲᠠᠶ ᠣᠷᠭ᠋ᠠᠨᠢᠭ ᠪᠣᠳᠠᠰ᠎ᠤᠨ ᠠᠦ᠋ᠲ᠋ᠣ᠋ ᠬᠢᠨᠠᠨ ᠬᠡᠮᠵᠢᠯᠲᠡ ᠵᠢᠨ ᠮᠡᠷᠭᠡᠵᠢᠯ᠎ᠤᠨ ᠪᠤᠯᠪᠠᠰᠤᠷᠠᠭᠤᠯᠤᠯ᠎ᠢ ᠴᠢᠩᠭ᠋ᠠᠳᠬᠠᠪᠠ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠰᠢᠮᠳᠠᠭᠤᠯᠤᠨ ᠪᠠᠶ᠋ᠢᠴᠠᠭ᠋ᠠᠬᠤ ᠳᠤᠮᠳᠠ ᠬᠡᠰᠡᠭ᠎ᠤᠨ ᠲᠥᠪ᠎ᠤᠨ 2021 ᠣᠨ᠎ᠤ 3 ᠳ᠋ᠤᠭ᠋ᠠᠷ ᠰᠠᠷ᠎ᠠ᠎ᠠᠴᠠ 6 ᠳ᠋ᠤᠭ᠋ᠠᠷ ᠰᠠᠷ᠎ᠠ ᠬᠦᠷᠳᠡᠯᠡᠬᠢ ᠬᠤᠭᠤᠴᠠᠭ᠋ᠠᠨ᠎ᠳᠠᠬᠢ ᠵᠠᠰᠠᠭ ᠵᠠᠬᠢᠷᠭ᠋ᠠᠨ᠎ᠤ ᠲᠤᠷᠭ᠋ᠠᠭᠤᠯᠢ ᠵᠢᠨ ᠮᠡᠳᠡᠭᠡ ᠵᠠᠩᠬᠢ
 
             蒙ICP备05000248号