ᠥᠪᠡᠷᠲᠡᠭᠡᠨ ᠵᠠᠰᠠᠬᠤ ᠣᠷᠣᠨ᠎ᠤ ᠨᠢᠭᠡᠳᠦᠯᠲᠡᠶ ᠪᠠᠶ᠋ᠢᠷᠢᠯᠠᠭᠤᠯᠤᠯᠲᠠ ᠵᠢ ᠦᠨᠳᠦᠰᠦᠯᠡᠨ᠂ 3 ᠳ᠋ᠤᠭ᠋ᠠᠷ ᠰᠠᠷ᠎ᠠ ᠵᠢᠨ 1᠎ᠤ ᠡᠳᠦᠷ᠎ᠠᠴᠠ 5᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ᠂ ᠠᠵᠤ ᠦᠢ᠍ᠯᠡᠳᠪᠦᠷᠢ ᠪᠠ ᠮᠡᠳᠡᠭᠡ ᠵᠠᠩᠬᠢᠴᠢᠯᠠᠯᠳᠠ ᠵᠢᠨ ᠲᠢᠩᠬᠢᠮ᠂ ᠠᠮᠢ ᠠᠬᠤᠶ ᠣᠷᠴᠢᠨ ᠲᠣᠭᠣᠷᠢᠨ᠎ᠤ ᠲᠢᠩᠬᠢᠮ ᠵᠡᠷᠭᠡ ᠡᠯ᠎ᠡ ᠬᠠᠮᠢᠶ᠎ᠠ ᠪᠥᠬᠥᠶ ᠰᠠᠯᠠᠭ᠎ᠠ ᠮᠥᠴᠢᠷ᠎ᠤᠳ ᠪᠥᠬᠥ ᠣᠷᠣᠨ᠎ᠤ ᠡᠨᠧᠷᠭᠢ ᠵᠢᠨ ᠬᠣᠷᠣᠭᠳᠠᠭᠤᠯᠤᠯ ᠶᠡᠬᠡᠲᠡᠢ ᠲᠦᠷᠦᠯ ᠵᠦᠢ᠍ᠯ᠎ᠢ ᠬᠢᠨᠠᠨ ᠵᠥᠪᠰᠢᠶᠡᠷᠡᠵᠦ ᠪᠦᠲᠦᠭᠡᠨ ᠪᠠᠢ᠌ᠭᠤᠯᠤᠭᠰᠠᠨ ᠪᠠ ᠨᠡᠭᠦᠷᠡᠰᠦᠲᠥ᠋ᠷᠥᠭᠴᠢ ᠭᠠᠳᠠᠭᠰᠢᠯᠠᠭᠤᠯᠤᠭᠰᠠᠨ ᠪᠠᠶ᠋ᠢᠳᠠᠯ᠎ᠢ ᠬᠠᠮᠲᠤᠷᠠᠨ ᠪᠠᠶ᠋ᠢᠴᠠᠭ᠋ᠠᠬᠤ ᠠᠵᠢᠯ᠎ᠳᠤ ᠬᠠᠮᠲᠤᠷᠠᠭᠰᠠᠨ ᠪᠠᠶ᠋ᠢᠴᠠᠭ᠋ᠠᠯᠲᠠ ᠦᠷᠨᠢᠭᠦᠯᠦᠭᠰᠡᠨ ᠪᠠᠢ᠌ᠨ᠎ᠠ᠃ ᠥᠪᠡᠷᠲᠡᠭᠡᠨ ᠵᠠᠰᠠᠬᠤ ᠣᠷᠣᠨ᠎ᠤ ᠠᠮᠢ ᠠᠬᠤᠶ ᠣᠷᠴᠢᠨ ᠲᠣᠭᠣᠷᠢᠨ᠎ᠤ ᠲᠢᠩᠬᠢᠮ᠎ᠤᠨ ᠬᠤᠯᠪᠤᠭᠳᠠᠯ ᠪᠥᠬᠥᠶ ᠲᠣᠬᠢᠷᠠᠭᠤᠯᠤᠯᠲᠠ ᠶᠣᠰᠣᠭ᠋ᠠᠷ᠂ ᠰᠢᠮᠳᠠᠭᠤᠯᠤᠨ ᠪᠠᠶ᠋ᠢᠴᠠᠭ᠋ᠠᠬᠤ ᠵᠡᠭᠦᠨ ᠬᠡᠰᠡᠭ᠎ᠤᠨ ᠲᠥᠪ᠎ᠠᠴᠠ ᠠᠵᠢᠯᠳᠠᠨ ᠲᠣᠮᠢᠯᠠᠨ ᠲᠦᠩᠯᠢᠶᠣᠤ ᠬᠣᠲᠠ᠂ ᠤᠯᠠᠭ᠋ᠠᠨᠬᠠᠳᠠ ᠬᠣᠲᠠ᠎ᠳᠠᠬᠢ ᠬᠠᠮᠳᠤᠷᠠᠭᠰᠠᠨ ᠪᠠᠶ᠋ᠢᠴᠠᠭ᠋ᠠᠯᠲᠠ ᠵᠢᠨ ᠠᠵᠢᠯ᠎ᠳᠤ ᠣᠷᠣᠯᠴᠠᠭᠤᠯᠪᠠ᠃
ᠪᠠᠶ᠋ᠢᠴᠠᠭ᠋ᠠᠬᠤ ᠳᠤᠭᠤᠶ᠋ᠢᠯᠠᠩ᠎ᠤᠨ᠎ᠬᠢᠨ ᠣᠷᠣᠨ ᠨᠤᠲᠤᠭ᠎ᠤᠨ ᠵᠠᠰᠠᠭ᠎ᠤᠨ ᠣᠷᠳᠣᠨ᠎ᠤ ᠡᠨᠧᠷᠭᠢ ᠵᠢᠨ ᠬᠣᠷᠣᠭᠳᠠᠭᠤᠯᠤᠯ ᠶᠡᠬᠡᠲᠡᠶ ᠲᠥᠷᠥᠯ ᠵᠦᠢ᠍ᠯ᠎ᠢ ᠬᠢᠨᠠᠨ ᠵᠥᠪᠰᠢᠶᠡᠷᠡᠵᠦ ᠪᠥᠲᠥᠭᠡᠨ ᠪᠠᠶ᠋ᠢᠭᠤᠯᠤᠭᠰᠠᠨ ᠪᠠᠶ᠋ᠢᠳᠠᠯ᠎ᠤᠨ ᠲᠤᠬᠠᠶ ᠬᠠᠷᠢᠭᠤ ᠮᠡᠳᠡᠭᠦᠯᠦᠯᠲᠡ ᠵᠢ ᠰᠣᠨᠣᠰᠤᠭᠰᠠᠨ ᠪᠥᠭᠡᠳ ᠲᠤᠬᠠᠶ ᠵᠢᠨ ᠭᠠᠵᠠᠷ᠎ᠤᠨ ᠠᠵᠤ ᠠᠬᠤᠶ᠋ᠢᠯᠠᠯ᠎ᠳᠤ ᠭᠦᠨᠵᠡᠭᠡᠶ᠋ᠢᠷᠡᠨ ᠪᠠᠶ᠋ᠢᠴᠠᠭ᠋ᠠᠨ ᠦᠵᠡᠵᠦ᠂ ᠣᠷᠣᠨ ᠨᠤᠲᠤᠭ ᠵᠢᠴᠢ ᠠᠵᠤ ᠠᠬᠤᠶ᠋ᠢᠯᠠᠯ᠎ᠤᠳ ᠤᠯᠤᠰ᠎ᠤᠨ ᠪᠠ ᠥᠪᠡᠷᠲᠡᠭᠡᠨ ᠵᠠᠰᠠᠬᠤ ᠣᠷᠣᠨ᠎ᠤ ᠡᠨᠧᠷᠭᠢ ᠵᠢᠨ ᠬᠣᠷᠣᠭᠳᠠᠭᠤᠯᠤᠯ ᠶᠡᠬᠡᠲᠡᠶ ᠠᠵᠤ ᠦᠢ᠍ᠯᠡᠰ᠎ᠤᠨ ᠲᠥᠷᠥ ᠵᠢᠨ ᠪᠣᠳᠣᠯᠭ᠎ᠠ ᠵᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠤᠭᠰᠠᠨ ᠪᠠᠶ᠋ᠢᠳᠠᠯ᠂ ᠬᠠᠮᠢᠶ᠎ᠠ ᠪᠥᠬᠥᠶ ᠰᠠᠯᠠᠭ᠎ᠠ ᠮᠥᠴᠢᠷ᠎ᠤᠨ ᠬᠢᠨᠠᠨ ᠬᠠᠮᠢᠶᠠᠷᠤᠭᠰᠠᠨ ᠪᠠᠶ᠋ᠢᠳᠠᠯ ᠵᠢᠴᠢ ᠡᠨᠧᠷᠭᠢ ᠵᠢᠨ ᠬᠣᠷᠣᠭᠳᠠᠭᠤᠯᠤᠯ ᠶᠡᠬᠡᠲᠡᠶ ᠲᠥᠷᠥᠯ ᠵᠦᠢ᠍ᠯ᠎ᠢ ᠬᠢᠨᠠᠨ ᠵᠥᠪᠰᠢᠶᠡᠷᠡᠭᠰᠡᠨ᠂ ᠡᠨᠧᠷᠭᠢ ᠠᠷᠪᠢᠯᠠᠭᠰᠠᠨ ᠪᠠᠢ᠌ᠳᠠᠯ᠎ᠢ ᠬᠢᠨᠠᠨ ᠪᠠᠶ᠋ᠢᠴᠠᠭ᠋ᠠᠭᠰᠠᠨ᠂ ᠣᠷᠴᠢᠨ ᠲᠣᠭᠣᠷᠢᠨ᠎ᠤ ᠬᠢᠨᠠᠨ ᠰᠢᠯᠭ᠋ᠠᠷᠠᠭᠤᠯᠤᠯᠲᠠ ᠵᠢ ᠵᠥᠪᠰᠢᠶᠡᠷᠡᠭᠰᠡᠨ ᠵᠡᠷᠭᠡ ᠪᠠᠶ᠋ᠢᠳᠠᠯ᠎ᠳᠤ ᠭᠣᠤᠯᠳᠠᠯᠭ᠎ᠠ᠎ᠲᠠᠢ᠎ᠪᠠᠷ ᠪᠠᠶ᠋ᠢᠴᠠᠭ᠋ᠠᠯᠲᠠ ᠬᠢᠪᠠ᠃ ᠡᠭᠦᠨ᠎ᠤ ᠬᠠᠮᠲᠤ᠂ ᠪᠠᠶ᠋ᠢᠴᠠᠭ᠋ᠠᠬᠤ ᠳᠤᠭᠤᠶ᠋ᠢᠯᠠᠩ᠎ᠨᠢ ᠪᠠᠰᠠ ᠣᠷᠣᠨ ᠨᠤᠲᠤᠭ᠎ᠤᠨ ᠠᠷᠠᠳ᠎ᠤᠨ ᠵᠠᠰᠠᠭ᠎ᠤᠨ ᠣᠷᠳᠣᠨ ᠪᠠ ᠠᠵᠤ ᠠᠬᠤᠶ᠋ᠢᠯᠠᠯ᠎ᠲᠠᠢ ᠣᠳᠣᠬᠠᠨ᠎ᠳᠤ ᠣᠷᠣᠰᠢᠵᠤ ᠪᠠᠶ᠋ᠢᠭ᠎ᠠ ᠠᠰᠠᠭᠤᠳᠠᠯ᠎ᠤᠨ ᠲᠠᠯ᠎ᠠ᠎ᠪᠠᠷ ᠰᠠᠨᠠᠯ ᠵᠶ᠋ᠠᠨ ᠭᠦᠨᠵᠡᠭᠡᠶ ᠰᠣᠯᠢᠯᠴᠠᠭᠰᠠᠨ ᠪᠥᠭᠡᠳ ᠲᠠᠷᠠᠭ᠋ᠠᠴᠢ ᠵᠢᠨ ᠠᠯᠬᠤᠮ᠎ᠤᠨ ᠠᠵᠢᠯ᠎ᠳᠤ ᠪᠣᠳᠠᠲᠠᠶ ᠱᠠᠭ᠋ᠠᠷᠳᠠᠯᠭ᠎ᠠ ᠳᠤᠷᠠᠳᠤᠭᠰᠠᠨ ᠪᠠᠶ᠋ᠢᠨ᠎ᠠ᠃ ᠲᠠᠷᠠᠭ᠋ᠠᠴᠢ᠎ᠪᠠᠷ᠂ ᠮᠠᠨ᠎ᠤ ᠲᠥᠪ ᠤᠯᠤᠰ᠎ᠤᠨ ᠪᠠ ᠥᠪᠡᠷᠲᠡᠭᠡᠨ ᠵᠠᠰᠠᠬᠤ ᠣᠷᠣᠨ᠎ᠤ ᠡᠨᠧᠷᠭᠢ ᠵᠢᠨ ᠬᠣᠷᠣᠭᠳᠠᠭᠤᠯᠤᠯ ᠶᠡᠬᠡᠲᠡᠶ ᠲᠥᠷᠥᠯ ᠵᠦᠢ᠍ᠯ᠎ᠤᠨ ᠠᠵᠤ ᠦᠢ᠍ᠯᠡᠰ᠎ᠤᠨ ᠲᠥᠷᠥ ᠵᠢᠨ ᠪᠣᠳᠣᠯᠭ᠎ᠠ ᠵᠢᠨ ᠱᠠᠭ᠋ᠠᠷᠳᠠᠯᠭ᠎ᠠ ᠵᠢ ᠦᠷᠭᠦᠯᠵᠢᠯᠡᠨ ᠭᠦᠨᠵᠡᠭᠡᠶ ᠲᠤᠭᠤᠰᠢᠯᠠᠭᠤᠯᠵᠤ᠂ ᠰᠢᠮᠳᠠᠭᠤᠯᠤᠨ ᠪᠠᠶ᠋ᠢᠴᠠᠭ᠋ᠠᠵᠤ ᠬᠠᠤᠯᠢ ᠬᠡᠷᠡᠭᠵᠢᠭᠦᠯᠬᠦ ᠦᠷ᠎ᠡ ᠪᠦᠲᠦᠮᠵᠢ ᠵᠢ ᠤᠯᠠᠮ ᠨᠢᠭᠡ ᠠᠯᠬᠤᠮ ᠳᠡᠭᠡᠭᠰᠢᠯᠡᠭᠦᠯᠦᠨ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠶ ᠣᠷᠴᠢᠨ ᠲᠣᠭᠣᠷᠢᠨ᠎ᠤ ᠲᠢᠩᠬᠢᠮ᠎ᠤᠨ ᠲᠤᠬᠢᠷᠠᠭᠤᠯᠤᠯᠳᠠ ᠵᠢᠨ ᠪᠠᠶ᠋ᠢᠷᠢᠯᠠᠭᠤᠯᠤᠯᠲᠠ ᠶᠣᠰᠣᠭ᠋ᠠᠷ᠂ ᠨᠢᠬᠳᠠ ᠬᠠᠮᠵᠢᠯᠴᠠᠵᠤ ᠪᠠᠢ᠌ᠭ᠋ᠠᠳ ᠬᠠᠮᠢᠶ᠎ᠠ ᠪᠥᠬᠥᠶ ᠠᠵᠢᠯ ᠵᠶ᠋ᠠᠨ ᠰᠠᠶ᠋ᠢᠲᠤᠷ ᠪᠡᠶᠡᠯᠡᠭᠦᠯᠦᠨ᠎ᠡ᠃