ᠦᠨᠳᠦᠰᠦᠲᠡᠨ᠎ᠤ ᠠᠵᠢᠯ᠎ᠢ ᠰᠠᠶ᠋ᠢᠲᠤᠷ ᠬᠢᠬᠦ ᠪᠤᠯ ᠦᠨᠳᠦᠰᠦᠲᠡᠨ᠎ᠤ ᠪᠦᠯᠬᠦᠮᠳᠡᠯ᠂ ᠨᠡᠶ᠋ᠢᠭᠡᠮ᠎ᠤᠨ ᠲᠣᠭᠲᠠᠭᠤᠨ ᠪᠠ ᠤᠯᠤᠰ ᠣᠷᠣᠨ᠎ᠤ ᠥᠨᠢ ᠤᠳᠠᠭ᠋ᠠᠨ ᠠᠮᠤᠷ ᠲᠦᠪᠰᠢᠨ ᠪᠠᠶ᠋ᠢᠬᠤ᠂ ᠳᠤᠮᠳᠠᠳᠤ ᠵᠢᠨ ᠦᠨᠳᠦᠰᠦᠲᠡᠨ᠎ᠤ ᠴᠡᠴᠡᠭᠯᠡᠨ ᠬᠥᠭᠵᠢᠬᠦ᠎ᠳᠤ ᠬᠣᠯᠪᠣᠭᠳᠠᠬᠤ ᠶᠡᠬᠡ ᠶᠠᠪᠤᠳᠠᠯ ᠮᠥᠨ᠃ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠰᠢᠮᠳᠠᠭᠤᠯᠤᠨ ᠪᠠᠶ᠋ᠢᠴᠠᠭ᠋ᠠᠬᠤ ᠳᠤᠮᠳᠠ ᠬᠡᠰᠡᠭ᠎ᠤᠨ ᠲᠥᠪ᠎ᠨᠢ ᠤᠯᠠᠨ ᠦᠨᠳᠦᠰᠦᠲᠡᠨ᠎ᠤ ᠨᠥᠬᠥᠳ ᠵᠶ᠋ᠠᠷ ᠪᠦᠷᠢᠯᠳᠦᠵᠦ᠂ ᠡᠬᠦᠨ᠎ᠳᠤ ᠮᠣᠩᠭᠣᠯ᠂ ᠮᠠᠨᠵᠤ᠂ ᠳᠠᠭᠤᠷ᠂ ᠰᠣᠯᠣᠩᠭᠣᠰ ᠵᠡᠷᠭᠡ ᠴᠥᠭᠡᠨ ᠲᠣᠭ᠋ᠠᠲᠤ ᠦᠨᠳᠦᠰᠦᠲᠡᠨ᠎ᠤ ᠨᠥᠬᠥᠳ᠎ᠤᠨ ᠡᠵᠡᠯᠡᠬᠦ ᠬᠠᠷᠢᠴᠠᠯ᠎ᠨᠢ 60%᠎ᠠᠴᠠ ᠳᠡᠭᠡᠭᠰᠢ ᠪᠠᠢ᠌ᠵᠤ᠂ ᠮᠠᠨ᠎ᠤ ᠲᠥᠪ᠎ᠤᠨ᠎ᠬᠢᠨ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠡᠬᠢᠵᠢᠭᠦᠯᠬᠦ ᠠᠵᠢᠯ᠎ᠢ ᠳᠡᠭᠡᠳᠦ ᠭᠡᠮᠵᠢᠶ᠎ᠡ᠎ᠪᠠᠷ ᠴᠢᠬᠤᠯᠠᠴᠢᠯᠠᠵᠤ᠂ ᠴᠦᠬᠡᠨ ᠲᠤᠭ᠋ᠠᠳᠤ ᠦᠨᠳᠦᠰᠦᠳᠡᠨ᠎ᠤ ᠺᠠᠳ᠋ᠷ ᠨᠢᠭᠡᠪᠦᠷᠢ ᠵᠢᠨ ᠦᠵᠡᠯ ᠰᠠᠨᠠᠭ᠋ᠠᠨ᠎ᠤ ᠪᠠ ᠠᠵᠢᠯᠯᠠᠭ᠋ᠠᠨ᠎ᠤ ᠬᠥᠳᠡᠯᠦᠯ ᠪᠠᠶ᠋ᠢᠳᠠᠯ᠎ᠢ ᠬᠠᠯᠠᠮᠵᠢᠯᠠᠭᠰᠠᠭ᠋ᠠᠷ ᠢᠷᠡᠵᠠᠢ᠃
ᠮᠠᠨ᠎ᠤ ᠲᠥᠪ᠎ᠤᠨ ᠨᠢᠭᠡᠨ ᠮᠣᠩᠭᠣᠯ ᠦᠨᠳᠦᠰᠦᠳᠡᠨ᠎ᠤ ᠺᠠᠳ᠋ᠷ᠎ᠤᠨ ᠠᠵᠢᠯ᠎ᠤᠨ ᠪᠠᠢ᠌ᠷᠢ᠎ᠳᠤ᠎ᠨᠢ ᠬᠤᠪᠢᠷᠠᠯᠲᠠ ᠭᠠᠷᠴᠤ᠂ ᠭᠠᠳᠠᠷ ᠣᠷᠣᠨ᠎ᠳᠤ ᠰᠢᠯᠵᠢᠨ ᠠᠵᠢᠯᠯᠠᠬᠤ ᠪᠤᠯᠤᠭᠰᠠᠨ᠎ᠳᠤ᠂ ᠲᠤᠰ ᠨᠥᠬᠥᠷ᠎ᠢ ᠰᠢᠨ᠎ᠡ ᠠᠵᠢᠯ᠎ᠤᠨ ᠪᠠᠶ᠋ᠢᠷᠢᠨ᠎ᠳᠤᠨᠢ ᠲᠦᠷᠭᠡᠨ ᠲᠠᠰᠬᠠᠵᠤ ᠵᠤᠬᠢᠴᠠᠭᠤᠯᠬᠤ ᠵᠢᠨ ᠲᠦᠯᠦᠭᠡ᠂ ᠲᠤᠰᠬᠠᠢ᠌ᠯᠠᠨ 2 ᠨᠡᠷᠡᠰ ᠠᠵᠢᠯᠲᠠᠨ᠎ᠢ ᠲᠣᠮᠢᠯᠠᠨ ᠠᠵᠢᠯ ᠰᠢᠯᠵᠢᠵᠦ ᠢᠷᠡᠭᠰᠡᠨ ᠭᠠᠵᠠᠷ᠎ᠤᠨ ᠰᠠᠯᠠᠭ᠎ᠠ ᠮᠥᠴᠢᠷ᠎ᠲᠠᠢ᠎ᠨᠢ ᠵᠤᠯᠭ᠋ᠠᠭᠤᠯᠤᠭᠰᠠᠨᠤ ᠬᠠᠮᠲᠤ ᠲᠤᠬᠠᠶ ᠵᠢᠨ ᠭᠠᠵᠠᠷ᠎ᠲᠠᠬᠢ ᠬᠣᠯᠪᠣᠭᠳᠠᠯ ᠪᠥᠬᠥᠶ ᠠᠮᠢᠳᠤᠷᠠᠯ᠎ᠤᠨ ᠤᠴᠢᠷ ᠶᠠᠪᠤᠳᠠᠯ᠎ᠢ᠎ᠨᠢ ᠬᠠᠮᠵᠢᠨ ᠰᠢᠢ᠍ᠳᠪᠦᠷᠢᠯᠡᠨ᠂ ᠠᠵᠢᠯᠲᠠᠨ ᠠᠵᠢᠯᠴᠢᠨ᠎ᠢ ᠬᠠᠯᠠᠮᠵᠢᠯᠠᠬᠤ᠂ ᠬᠠᠮᠲᠤ ᠠᠵᠢᠯᠯᠠᠭᠰᠠᠳ ᠵᠶ᠋ᠠᠨ ᠬᠠᠯᠠᠮᠵᠢᠯᠠᠬᠤ᠂ ᠬᠠᠷᠢᠯᠴᠠᠨ ᠲᠡᠳᠬᠦᠨ ᠳᠡᠮᠵᠢᠬᠦ ᠵᠢ ᠪᠡᠶᠡᠯᠡᠭᠦᠯᠵᠦ᠂ ᠬᠠᠷᠢᠯᠴᠠᠨ ᠬᠦᠨᠳᠦᠳᠬᠡᠬᠦ᠂ ᠬᠠᠷᠢᠯᠴᠠᠨ ᠠᠭᠤᠴᠢᠯᠠᠬᠤ ᠵᠢ ᠪᠡᠶᠡᠯᠡᠭᠦᠯᠦᠨ᠂ ᠦᠨᠡᠨ ᠬᠦ᠌ ᠲᠠ ᠨᠠᠳᠠ ᠵᠢ ᠪᠠᠭᠳᠠᠭ᠋ᠠᠪᠠᠰᠤ ᠪᠢ ᠮᠦᠨ ᠲᠠᠨ᠎ᠢ ᠪᠠᠭᠳᠠᠭ᠋ᠠᠬᠤ ᠭᠡᠰᠡᠨ ᠬᠠᠮᠲᠤ ᠵᠢᠨ ᠠᠭᠤᠰᠤᠯᠴᠠᠯ᠂ ᠡᠶ᠎ᠡ ᠵᠣᠬᠢᠴᠠᠯ᠂ ᠬᠥᠭᠵᠢᠯᠲᠡ ᠵᠢᠨ ᠠᠵᠢᠯ᠎ᠤᠨ ᠰᠢᠨ᠎ᠡ ᠪᠠᠶ᠋ᠢᠳᠠᠯ᠎ᠢ ᠪᠣᠶ ᠪᠣᠯᠭ᠋ᠠᠪᠠ᠃ ᠥᠪᠥᠷ ᠮᠣᠩᠭᠣᠯ᠎ᠤᠨ ᠦᠨᠳᠦᠰᠦᠲᠡᠨ᠎ᠤ ᠪᠦᠯᠬᠦᠮᠳᠡᠯ᠎ᠤᠨ ᠰᠢᠯᠢᠳᠡᠭ ᠤᠯᠠᠮᠵᠢᠯᠠᠯ᠎ᠢ ᠤᠯᠠᠮ ᠨᠢᠭᠡ ᠠᠯᠬᠤᠮ ᠪᠠᠳᠠᠷᠠᠭᠤᠯᠵᠤ᠂ ᠡᠷᠬᠡ ᠲᠡᠭᠰᠢ᠂ ᠪᠦᠯᠬᠦᠮᠳᠡᠯ᠎ᠲᠠᠢ᠂ ᠬᠠᠷᠢᠯᠴᠠᠨ ᠬᠠᠪᠰᠤᠷᠤᠯᠴᠠᠭᠰᠠᠨ᠂ ᠡᠶ᠎ᠡ ᠵᠣᠬᠢᠴᠠᠯ᠎ᠲᠠᠢ ᠨᠡᠶ᠋ᠢᠭᠡᠮ ᠵᠢᠷᠤᠮ᠎ᠤᠨ ᠰᠢᠨ᠎ᠡ ᠬᠡᠯᠪᠡᠷᠢ ᠵᠢᠨ ᠦᠨᠳᠦᠰᠦᠲᠡᠨ᠎ᠤ ᠬᠠᠷᠢᠴᠠᠭ᠎ᠠ ᠵᠢ ᠪᠡᠬᠢᠵᠢᠭᠦᠯᠦᠨ ᠬᠦᠭᠵᠢᠭᠦᠯᠦᠭᠰᠡᠨᠤ ᠬᠠᠮᠳᠤ ᠠᠵᠢᠯ᠎ᠤᠨ ᠰᠠᠢ᠌ᠨ ᠰᠠᠢ᠌ᠬᠠᠨ ᠠᠭᠤᠷ ᠠᠮᠢᠰᠬᠤᠯ᠎ᠢ ᠪᠤᠢ ᠪᠤᠯᠭ᠋ᠠᠵᠤ ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠦᠵᠡᠯ ᠤᠬᠠᠮᠰᠠᠷ᠎ᠢ ᠭᠦᠨᠵᠡᠭᠡᠶ ᠦᠢ᠍ᠯᠡᠳᠦᠯᠭᠡᠵᠢᠭᠦᠯᠵᠦ ᠪᠠᠶ᠋ᠢᠨ᠎ᠠ᠃