2021 ᠣᠨ᠎ᠤ 3 ᠳ᠋ᠤᠭ᠋ᠠᠷ ᠰᠠᠷ᠎ᠠ ᠵᠢᠨ 31᠎ᠤ ᠡᠳᠦᠷ᠂ ᠦᠪᠡᠷᠳᠡᠭᠡᠨ ᠵᠠᠰᠠᠬᠤ ᠤᠷᠤᠨ᠎ᠤ ᠠᠮᠢ ᠠᠬᠤᠶ ᠣᠷᠴᠢᠨ ᠲᠣᠭᠣᠷᠢᠨ᠎ᠤ ᠲᠢᠩᠬᠢᠮ ᠪᠡᠭᠡᠵᠢᠩ᠎ᠳᠠᠬᠢ ᠳᠤᠮᠳᠠᠳᠤ ᠶᠠᠫᠣᠨ᠎ᠤ ᠣᠷᠴᠢᠨ ᠲᠣᠭᠣᠷᠢᠨ᠎ᠤ ᠨᠥᠬᠥᠷᠯᠡᠯ᠎ᠤᠨ ᠲᠥᠪ᠎ᠲᠤ᠂ ᠤᠯᠤᠰ᠎ᠤᠨ ᠬᠠᠲᠠᠭᠤ ᠪᠡᠶᠡᠲᠦ ᠪᠤᠳᠠᠰ᠎ᠤᠨ ᠬᠠᠮᠢᠶᠠᠷᠤᠯᠲᠠ ᠵᠢᠨ ᠲᠥᠪ᠎ᠠᠴᠠ ᠲᠤᠰᠬᠠᠶ ᠮᠡᠷᠭᠡᠵᠢᠯᠲᠡᠨ᠎ᠢ ᠵᠣᠬᠢᠶᠠᠨ ᠪᠠᠶ᠋ᠢᠭᠤᠯᠤᠨ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠶᠤᠯᠲᠠᠢ ᠬᠠᠶᠠᠭᠳᠠᠮᠠᠯ ᠪᠣᠳᠠᠰ᠎ᠢ ᠠᠰᠢᠭᠯᠠᠨ ᠰᠢᠢ᠍ᠳᠪᠦᠷᠢᠯᠡᠬᠦ ᠪᠡᠯᠡᠳᠬᠡᠮᠵᠢ ᠵᠢᠨ ᠪᠥᠲᠥᠭᠡᠨ ᠪᠠᠶ᠋ᠢᠭᠤᠯᠤᠯᠲᠠ ᠵᠢᠨ ᠠᠷᠪᠠᠨ ᠳᠥᠷᠪᠡᠳᠦᠭᠡᠷ ᠲᠠᠪᠤᠨ ᠵᠢᠯ᠎ᠤᠨ ᠲᠥᠯᠥᠪᠵᠢᠭᠦᠯᠭᠡ》 ᠵᠢᠨ ᠲᠤᠰᠬᠠᠶ ᠮᠡᠷᠭᠡᠵᠢᠯᠳᠠᠳ᠎ᠤᠨ ᠰᠠᠨᠠᠯ ᠬᠤᠷᠢᠶᠠᠬᠤ ᠬᠤᠷᠠᠯ ᠬᠤᠷᠠᠯᠳᠤᠭᠤᠯᠵᠤ᠂ 《ᠲᠥᠯᠥᠪᠵᠢᠭᠦᠯᠭᠡ》᠎ᠳᠤ ᠵᠠᠰᠠᠪᠤᠷᠢ ᠣᠷᠣᠭᠤᠯᠤᠨ ᠲᠡᠭᠦᠯᠳᠡᠷᠵᠢᠭᠦᠯᠬᠦ ᠶᠠᠪᠤᠳᠠᠯ᠎ᠢ ᠰᠤᠳᠤᠯᠵᠠᠶ᠃ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠳᠡᠳ᠋ ᠳᠠᠷᠤᠭ᠎ᠠ ᠮᠦᠸᠸ ᠰᠢᠶᠤᠤ ᠯᠢᠶᠠᠨ ᠲᠤᠰ ᠬᠤᠷᠠᠯ᠎ᠳᠤ ᠣᠷᠣᠯᠴᠠᠵᠤ᠂ ᠠᠮᠢ ᠠᠬᠤᠢ ᠣᠷᠴᠢᠨ ᠲᠣᠭᠣᠷᠢᠨ᠎ᠤ ᠶᠠᠮᠤᠨ᠎ᠤ ᠬᠠᠲᠠᠭᠤ ᠪᠡᠶᠡᠲᠦ ᠬᠠᠶᠠᠭᠳᠠᠮᠠᠯ ᠪᠣᠳᠠᠰ᠎ᠤᠨ ᠬᠠᠮᠢᠶᠠᠷᠤᠯᠲᠠ ᠵᠢᠨ ᠮᠡᠷᠭᠡᠵᠢᠯ᠎ᠤᠨ ᠲᠥᠪ᠂ ᠴᠢᠩᠬᠤᠸᠠ ᠶᠡᠬᠡ ᠰᠤᠷᠭ᠋ᠠᠭᠤᠯᠢ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠬᠠᠲᠠᠭᠤ ᠪᠡᠶᠡᠲᠦ ᠪᠤᠳᠠᠰ᠎ᠤᠨ ᠬᠠᠮᠢᠶᠠᠷᠤᠯᠳᠠ ᠵᠢᠨ ᠭᠠᠵᠠᠷ ᠪᠠ ᠬᠥᠷᠥᠰᠥ ᠰᠢᠷᠣᠢ ᠵᠢ ᠲᠣᠭᠲᠠᠪᠤᠷᠢᠵᠢᠭᠤᠯᠬᠤ ᠲᠥᠪ᠂ ᠥᠪᠥᠷ ᠮᠣᠩᠭᠣᠯ᠎ᠤᠨ ᠴᠢᠩ ᠴᠤᠸᠠᠩ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠺᠣᠮᠫᠠᠨᠢ ᠵᠢᠨ ᠬᠤᠯᠪᠤᠭᠳᠠᠯ ᠪᠦᠬᠦᠢ ᠬᠥᠮᠦᠰ ᠲᠤᠰ ᠬᠤᠷᠠᠯ᠎ᠳᠤ ᠤᠷᠤᠯᠴᠠᠪᠠ᠃
ᠬᠤᠷᠠᠯ ᠳᠡᠭᠡᠷ᠎ᠡ᠂ ᠠᠮᠢ ᠠᠬᠤᠶ ᠣᠷᠴᠢᠨ ᠲᠤᠭᠤᠷᠢᠨ᠎ᠤ ᠶᠠᠮᠤᠨ᠎ᠤ ᠬᠠᠲᠠᠭᠤ ᠪᠡᠶᠡᠲᠦ ᠬᠠᠶᠠᠭᠳᠠᠮᠠᠯ ᠪᠣᠳᠠᠰ᠎ᠤᠨ ᠬᠠᠮᠢᠶᠠᠷᠤᠯᠲᠠ ᠵᠢᠨ ᠮᠡᠷᠭᠡᠵᠢᠯ᠎ᠤᠨ ᠲᠦᠪ᠎ᠤᠨ ᠪᠠ ᠴᠢᠩᠬᠤᠸᠠ ᠶᠡᠬᠡ ᠰᠤᠷᠭ᠋ᠠᠭᠤᠯᠢ ᠵᠢᠨ ᠲᠤᠰᠬᠠᠶ ᠮᠡᠷᠭᠡᠵᠢᠯᠲᠡᠳ᠎ᠠᠴᠠ 《ᠲᠥᠯᠥᠪᠵᠢᠭᠦᠯᠭᠡ》᠎ᠳᠤ ᠵᠠᠰᠠᠪᠤᠷᠢ ᠣᠷᠣᠭᠤᠯᠬᠤ ᠲᠠᠯ᠎ᠠ᠎ᠪᠠᠷ ᠪᠥᠬᠥ ᠲᠠᠯ᠎ᠠ ᠵᠢᠨ᠂ ᠨᠠᠷᠢᠨ ᠨᠢᠮᠪᠠᠶ ᠰᠠᠨᠠᠯ ᠵᠶ᠋ᠠᠨ ᠳᠤᠷᠠᠳᠪᠠ᠃ ᠬᠤᠷᠠᠯ᠎ᠠᠴᠠ ᠱᠠᠭ᠋ᠠᠷᠳᠠᠬᠤ᠎ᠳᠤ᠎ᠪᠠᠨ᠂ ᠨᠢᠭᠡ᠎ᠳᠤ ᠲᠥᠯᠥᠪᠵᠢᠭᠦᠯᠭᠡ ᠵᠢᠨ ᠬᠡᠷᠡᠭᠵᠢᠭᠦᠯᠵᠦ ᠪᠣᠯᠬᠤᠶ᠋ᠢᠴᠠ ᠴᠢᠨᠠᠷ᠎ᠢ ᠦᠨᠡᠨ ᠬᠦ᠌ ᠪᠠᠲᠤᠯᠠᠵᠤ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠶᠤᠯᠲᠠᠢ ᠬᠠᠶᠠᠭᠳᠠᠮᠠᠯ ᠪᠣᠳᠠᠰ᠎ᠢ ᠠᠰᠢᠭᠯᠠᠨ ᠰᠢᠢ᠍ᠳᠪᠦᠷᠢᠯᠡᠬᠦ ᠪᠡᠯᠡᠳᠬᠡᠮᠵᠢ ᠵᠢᠨ 《ᠠᠷᠪᠠᠨ ᠳᠥᠷᠪᠡᠳᠦᠭᠡᠷ ᠲᠠᠪᠤᠨ ᠵᠢᠯ》᠎ᠤᠨ ᠪᠥᠲᠥᠭᠡᠨ ᠪᠠᠶ᠋ᠢᠭᠤᠯᠤᠯᠲᠠ ᠵᠢ ᠵᠢᠯᠣᠭᠣᠳᠬᠤ᠎ᠳᠤ ᠪᠤᠳᠠᠳᠤ ᠵᠢᠯᠣᠭᠣᠳᠬᠤ ᠠᠴᠢ ᠬᠣᠯᠪᠣᠭᠳᠠᠯ᠎ᠲᠠᠢ ᠪᠠᠶ᠋ᠢᠬᠤ ᠵᠢ ᠦᠨᠡᠨ ᠬᠦ᠌ ᠪᠠᠲᠤᠯᠠᠬᠤ ᠬᠡᠷᠡᠭᠲᠡᠶ᠃ ᠬᠣᠶᠠᠷ᠎ᠲᠤ 《ᠲᠥᠯᠥᠪᠵᠢᠭᠦᠯᠭᠡ》᠎ᠳᠤ ᠤᠯᠤᠰ᠎ᠤᠨ ᠪᠠ ᠥᠪᠡᠷᠲᠡᠭᠡᠨ ᠵᠠᠰᠠᠬᠤ ᠣᠷᠣᠨ᠎ᠤ ᠤᠯᠤᠰ ᠠᠷᠠᠳ᠎ᠤᠨ ᠠᠵᠤ ᠠᠬᠤᠶ ᠪᠠ ᠨᠡᠶ᠋ᠢᠭᠡᠮ᠎ᠤᠨ ᠬᠥᠭᠵᠢᠯᠲᠡ ᠵᠢᠨ 《ᠠᠷᠪᠠᠨ ᠳᠥᠷᠪᠡᠳᠦᠭᠡᠷ ᠲᠠᠪᠤᠨ ᠵᠢᠯ》᠎ᠤᠨ ᠲᠥᠯᠥᠪᠵᠢᠭᠦᠯᠭᠡ ᠵᠢᠴᠢ 2021 ᠣᠨ᠎ᠤ ᠵᠠᠰᠠᠭ᠎ᠤᠨ ᠣᠷᠳᠣᠨ᠎ᠤ ᠠᠵᠢᠯ᠎ᠤᠨ ᠢᠯᠡᠳᠬᠡᠯ᠎ᠢ ᠦᠨᠳᠦᠰᠦᠯᠡᠨ᠂ ᠰᠢᠨ᠎ᠡ᠎ᠪᠠᠷ ᠵᠠᠰᠠᠪᠤᠷᠢ ᠣᠷᠣᠭᠤᠯᠤᠭᠰᠠᠨ ᠬᠠᠲᠠᠭᠤ ᠪᠡᠶᠡᠲᠦ ᠬᠠᠶᠠᠭᠳᠠᠮᠠᠯ ᠪᠣᠳᠠᠰ᠎ᠤᠨ ᠬᠠᠤᠯᠢ ᠪᠠ ᠠᠶᠤᠯᠲᠠᠢ ᠬᠠᠶᠠᠭᠳᠠᠮᠠᠯ ᠪᠣᠳᠠᠰ᠎ᠤᠨ ᠭᠤᠷᠪᠠᠨ ᠴᠢᠳᠠᠪᠤᠷᠢ ᠵᠢᠨ ᠪᠠᠶ᠋ᠢᠭᠤᠯᠤᠯᠲᠠ ᠵᠢᠨ ᠬᠣᠯᠪᠣᠭᠳᠠᠯ ᠪᠥᠬᠥᠶ ᠠᠭᠤᠯᠭ᠎ᠠ ᠵᠢ 《ᠲᠥᠯᠥᠪᠵᠢᠭᠦᠯᠭᠡ》᠎ᠳᠤ ᠠᠭᠤᠰᠬᠠᠨ ᠣᠷᠣᠭᠤᠯᠵᠤ᠂ ᠨᠡᠭᠦᠷᠡᠰᠦᠲᠥ᠋ᠷᠥᠭᠴᠢ ᠵᠢᠨ ᠲᠠᠪᠬᠤᠷ ᠢᠰᠦᠯ᠎ᠢ ᠬᠠᠮᠤᠭ᠎ᠤᠨ ᠶᠡᠬᠡ ᠬᠡᠮᠵᠢᠶ᠎ᠡ᠎ᠪᠠᠷ ᠭᠠᠳᠠᠭᠰᠢᠯᠠᠭᠤᠯᠬᠤ᠂ ᠨᠡᠭᠦᠷᠡᠰᠦᠲᠥ᠋ᠷᠥᠭᠴᠢ ᠵᠢᠨ ᠲᠠᠪᠬᠤᠷ ᠢᠰᠦᠯ᠎ᠢ ᠵᠤᠬᠢᠰᠳᠠᠢ ᠬᠡᠮᠵᠢᠶ᠎ᠡ᠎ᠪᠠᠷ ᠭᠠᠳᠠᠭᠰᠢᠯᠠᠭᠤᠯᠬᠤ ᠪᠠ ᠡᠨᠧᠷᠭᠢ ᠬᠣᠷᠣᠭᠳᠠᠭᠤᠯᠤᠯ ᠬᠣᠶᠠᠷ᠎ᠢ ᠡᠵᠡᠮᠳᠡᠬᠦ᠎ᠪᠠᠷ ᠲᠣᠬᠢᠶᠠᠯ ᠪᠣᠯᠭ᠋ᠠᠨ᠂ ᠠᠶᠤᠯᠲᠠᠢ ᠬᠠᠶᠠᠭᠳᠠᠮᠠᠯ ᠪᠣᠳᠠᠰ᠎ᠤᠨ ᠪᠠ ᠡᠮᠴᠢᠯᠡᠭᠡᠨ᠎ᠤ ᠬᠠᠶᠠᠭᠳᠠᠮᠠᠯ ᠪᠣᠳᠠᠰ᠎ᠤᠨ ᠪᠠᠶ᠋ᠢᠷᠢᠰᠢᠭᠤᠯᠤᠯᠲᠠ ᠪᠠ ᠪᠥᠲᠥᠭᠡᠨ ᠪᠠᠶ᠋ᠢᠭᠤᠯᠤᠯᠲᠠ ᠵᠢ ᠬᠥᠲᠥᠯᠦᠨ ᠵᠢᠯᠣᠭᠣᠳᠬᠤ ᠪᠠ ᠵᠢᠷᠤᠮᠵᠢᠭᠤᠯᠵᠤ᠂ ᠮᠠᠨ᠎ᠤ ᠣᠷᠣᠨ᠎ᠤ ᠠᠶᠤᠯᠲᠠᠢ ᠬᠠᠶᠠᠭᠳᠠᠮᠠᠯ ᠪᠣᠳᠠᠰ᠂ ᠡᠮᠴᠢᠯᠡᠭᠡᠨ᠎ᠤ ᠬᠠᠶᠠᠭᠳᠠᠮᠠᠯ ᠪᠣᠳᠠᠰ᠎ᠢ ᠰᠢᠢ᠍ᠳᠪᠦᠷᠢᠯᠡᠬᠦ ᠴᠢᠳᠠᠪᠤᠷᠢ ᠵᠢᠨ ᠳᠤᠲᠠᠭᠤᠳᠠᠯ ᠵᠶ᠋ᠠᠨ ᠨᠥᠬᠥᠪᠥᠷᠢᠯᠡᠨ᠎ᠡ᠃ ᠭᠤᠷᠪᠠ᠎ᠳᠤ 《ᠲᠥᠯᠥᠪᠵᠢᠭᠦᠯᠭᠡ》᠎ᠳᠠᠬᠢ ᠬᠡᠯᠪᠡᠷᠢ ᠵᠢᠨ ᠨᠢᠭᠡᠳᠦᠯ᠎ᠢ ᠪᠡᠶᠡᠯᠡᠭᠦᠯᠦᠨ᠂ ᠬᠠᠷᠠᠯᠲᠠ᠂ ᠭᠦᠢ᠍ᠴᠡᠳᠭᠡᠯ ᠲᠣᠭ᠎ᠠ ᠪᠠ ᠡᠭᠦᠷᠭᠡ ᠵᠢᠨ ᠨᠠᠷᠢᠨ ᠲᠠᠩᠰᠠ ᠵᠢ ᠲᠣᠳᠣᠷᠬᠠᠶ᠋ᠢᠯᠠᠵᠤ᠂ ᠰᠠᠨᠠᠯ ᠬᠤᠷᠢᠶᠠᠭᠰᠠᠨ ᠪᠠᠶ᠋ᠢᠳᠠᠯ᠎ᠢ ᠵᠤᠷᠪᠤᠰ ᠳᠠᠷᠠᠭ᠋ᠠᠯᠠᠨ ᠡᠮᠬᠢᠯᠡᠵᠦ᠂ ᠰᠠᠨᠠᠯ᠎ᠢ ᠭᠥᠯᠢᠶᠡᠨ ᠠᠪᠤᠭᠰᠠᠨ ᠪᠠᠶ᠋ᠢᠳᠠᠯ᠎ᠢ ᠲᠣᠳᠣᠷᠬᠠᠶ᠋ᠢᠯᠠᠬᠤ ᠵᠢᠨ ᠬᠠᠮᠲᠤ ᠤᠴᠢᠷ ᠰᠢᠯᠲᠠᠭ᠋ᠠᠨ ᠵᠶ᠋ᠠᠨ ᠳᠠᠭ᠋ᠠᠯᠳᠤᠭᠤᠯᠤᠨ ᠲᠤᠳᠤᠷᠬᠠᠢ᠌ᠯᠠᠵᠤ ᠦᠭᠬᠦ ᠵᠢᠨ ᠬᠠᠮᠲᠤ 《ᠲᠥᠯᠥᠪᠵᠢᠭᠦᠯᠭᠡ》 ᠵᠢᠨ ᠲᠣᠪᠬᠢᠮᠠᠯ᠎ᠢ ᠱᠠᠯᠠᠪᠳᠠᠨ ᠵᠠᠰᠠᠵᠤ ᠲᠡᠭᠦᠯᠳᠡᠷᠵᠢᠭᠦᠯᠬᠦ ᠬᠡᠷᠡᠭᠲᠡᠶ ᠭᠡᠰᠡᠨ ᠪᠠᠢ᠌ᠨ᠎ᠠ᠃