ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠠᠮᠢ ᠠᠬᠤᠢ᠎ᠶᠢᠨ ᠬᠠᠮᠠᠭᠠᠯᠠᠯᠲᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ
ᠪᠣᠬᠢᠷᠳᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ
ᠠᠮᠢ ᠠᠬᠤᠢ᠎ᠶᠢᠨ ᠬᠠᠮᠠᠭᠠᠯᠠᠯᠲᠠ   -   ᠠᠵᠢᠯ ᠶᠠᠪᠤᠳᠠᠯ ᠭᠦᠢᠴᠡᠳᠬᠡᠬᠦ᠌ ᠵᠦᠭᠯᠡᠭᠦᠷ
ᠠᠮᠢ ᠠᠬᠤᠶ ᠤᠷᠴᠢᠨ ᠲᠤᠭᠤᠷᠢᠨ᠎ᠤ ᠲᠢᠩᠬᠢᠮ ᠬᠠᠲᠤᠨ ᠭᠣᠤᠯ ᠳᠠᠭ᠋ᠠᠤ ᠵᠢᠨ ᠬᠠᠲᠠᠭᠤ ᠪᠡᠶᠡᠲᠦ ᠬᠠᠶᠠᠭᠳᠠᠮᠠᠯ ᠪᠣᠳᠠᠰ᠎ᠢ ᠵᠢᠭᠰᠠᠭ᠋ᠠᠨ ᠪᠠᠶ᠋ᠢᠴᠠᠭ᠋ᠠᠵᠤ ᠴᠡᠭᠴᠡᠯᠡᠨ ᠰᠠᠶ᠋ᠢᠵᠢᠷᠠᠭᠤᠯᠬᠤ ᠡᠭᠦᠷᠭᠡ ᠵᠢᠨ ᠠᠵᠢᠯ᠎ᠢ ᠳᠥᠯᠭᠢᠨ ᠠᠬᠢᠭᠤᠯᠬᠤ ᠬᠤᠷᠠᠯ ᠬᠤᠷᠠᠯᠳᠤᠭᠤᠯᠪᠠ
ᠨᠡᠶ᠋ᠢᠲᠡᠯᠡᠭᠰᠡᠨ ᠴᠠᠭ᠄ 2021-04-25

     2021 ᠣᠨ᠎ᠤ 4 ᠳ᠋ᠤᠭᠡᠷ ᠰᠠᠷ᠎ᠠ ᠵᠢᠨ 1᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠶ ᠤᠷᠴᠢᠨ ᠲᠤᠭᠤᠷᠢᠨ᠎ᠤ ᠲᠢᠩᠬᠢᠮ᠎ᠤᠨ ᠳᠡᠳ᠋ ᠳᠠᠷᠤᠭ᠎ᠠ ᠮᠦᠸᠸ ᠰᠢᠶᠤᠤ ᠯᠢᠶᠠᠨ ᠠᠮᠢ ᠠᠬᠤᠶ ᠤᠷᠴᠢᠨ ᠲᠤᠭᠤᠷᠢᠨ᠎ᠤ ᠲᠢᠩᠬᠢᠮ᠎ᠤᠨ ᠬᠣᠶᠠᠳᠤᠭ᠋ᠠᠷ ᠳᠠᠪᠬᠤᠷᠭ᠎ᠠ ᠵᠢᠨ 3 ᠳ᠋ᠤᠭ᠋ᠠᠷ ᠬᠤᠷᠠᠯ᠎ᠤᠨ ᠬᠡᠷ᠎ᠲᠤ ᠠᠵᠢᠯ᠎ᠤᠨ ᠠᠬᠢᠭᠤᠯᠬᠤ ᠬᠤᠷᠠᠯ᠎ᠢ ᠡᠷᠭᠢᠯᠡᠨ ᠬᠤᠷᠠᠯᠳᠤᠭᠤᠯᠵᠤ᠂ ᠬᠠᠲᠤᠨ ᠭᠣᠤᠯ᠎ᠤᠨ ᠭᠣᠤᠯ ᠤᠷᠤᠰᠬᠠᠯ ᠪᠠ ᠭᠣᠤᠯ ᠪᠤᠯᠬᠤ ᠰᠠᠯᠪᠤᠷᠢ ᠤᠷᠤᠰᠬᠠᠯ᠎ᠤᠨ ᠡᠷᠭᠢ ᠳᠠᠭ᠋ᠠᠤ ᠵᠢᠨ 3 ᠺᠢᠯᠣᠮᠧᠲᠷ᠎ᠤᠨ ᠳᠣᠲᠣᠷᠠᠬᠢ ᠬᠠᠲᠠᠭᠤ ᠪᠡᠶᠡᠲᠦ ᠪᠣᠬᠢᠷᠲᠤᠯ᠎ᠢ ᠵᠢᠭᠰᠠᠭ᠋ᠠᠨ ᠪᠠᠶ᠋ᠢᠴᠠᠭ᠋ᠠᠵᠤ ᠴᠡᠭᠴᠡᠯᠡᠨ ᠵᠠᠰᠠᠵᠤ ᠰᠠᠶ᠋ᠢᠵᠢᠷᠠᠭᠤᠯᠬᠤ ᠠᠵᠢᠯ᠎ᠢ ᠠᠬᠢᠭᠤᠯᠬᠤ ᠬᠠᠮᠢᠶ᠎ᠠ ᠪᠥᠬᠥᠶ ᠵᠦᠢ᠍ᠯᠡᠰ᠎ᠢ ᠰᠤᠳᠤᠯᠪᠠ᠃
      ᠠᠵᠤ ᠦᠢ᠍ᠯᠡᠳᠪᠦᠷᠢ ᠪᠠ ᠮᠡᠳᠡᠭᠡ ᠵᠠᠩᠬᠢᠴᠢᠯᠠᠯᠳᠠ ᠵᠢᠨ ᠲᠢᠩᠬᠢᠮ᠂ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠲᠢᠩᠬᠢᠮ᠂ ᠣᠷᠣᠨ ᠰᠠᠭᠤᠴᠠ ᠪᠠ ᠬᠣᠲᠠ ᠬᠥᠳᠡᠭᠡ ᠵᠢᠨ ᠪᠥᠲᠥᠭᠡᠨ ᠪᠠᠶ᠋ᠢᠭᠤᠯᠤᠯᠲᠠ ᠵᠢᠨ ᠲᠢᠩᠬᠢᠮ᠂ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠬᠠᠮᠢᠶᠠᠷᠤᠯᠲᠠ ᠵᠢᠨ ᠲᠢᠩᠬᠢᠮ ᠲᠣᠰ ᠲᠣᠰ ᠠᠵᠢᠯ ᠵᠶ᠋ᠠᠨ ᠥᠷᠨᠢᠭᠦᠯᠦᠭᠰᠡᠨ ᠪᠠᠶ᠋ᠢᠳᠠᠯ᠂ ᠣᠷᠣᠰᠢᠵᠤ ᠪᠠᠶ᠋ᠢᠭ᠎ᠠ ᠠᠰᠠᠭᠤᠳᠠᠯ ᠵᠢᠴᠢ ᠲᠠᠷᠠᠭ᠋ᠠᠴᠢ ᠵᠢᠨ ᠠᠯᠬᠤᠮ᠎ᠤᠨ ᠠᠵᠢᠯ᠎ᠤᠨ ᠠᠷᠭ᠎ᠠ ᠬᠡᠮᠵᠢᠶ᠎ᠡ ᠵᠢ ᠲᠠᠨᠢᠯᠴᠠᠭᠤᠯᠪᠠ᠃ ᠬᠤᠷᠠᠯ᠎ᠠᠴᠠ ᠡᠯ᠎ᠡ ᠲᠢᠩᠬᠢᠮ ᠲᠤᠪᠴᠢᠶᠠᠨ᠎ᠤ ᠬᠠᠮᠢᠶ᠎ᠠ ᠪᠦᠬᠦᠢ ᠡᠭᠦᠷᠭᠡ ᠪᠠ ᠠᠵᠢᠯ᠎ᠤᠨ ᠬᠠᠷᠠᠯᠲᠠ ᠵᠢ ᠲᠣᠳᠣᠷᠬᠠᠶ᠋ᠢᠯᠠᠵᠤ᠂ ᠡᠯ᠎ᠡ ᠲᠢᠩᠬᠢᠮ ᠲᠤᠪᠴᠢᠶ᠎ᠠ ᠵᠢ ᠰᠠᠯᠠᠭ᠎ᠠ ᠮᠥᠴᠢᠷ᠎ᠤᠨ ᠡᠭᠦᠷᠭᠡ ᠬᠠᠷᠢᠭᠤᠴᠠᠯᠭ᠎ᠠ᠎ᠲᠠᠢ᠎ᠪᠠᠨ ᠤᠶᠠᠯᠳᠤᠭᠤᠯᠤᠨ ᠴᠡᠭᠴᠡᠯᠡᠨ ᠰᠠᠶ᠋ᠢᠵᠢᠷᠠᠭᠤᠯᠬᠤ ᠡᠭᠦᠷᠭᠡ᠎ᠲᠠᠢ   ᠬᠠᠷᠢᠴᠠᠭᠤᠯᠵᠤ ᠪᠠᠢ᠌ᠭ᠋ᠠᠳ ᠴᠡᠭᠴᠡᠯᠡᠨ ᠰᠠᠶ᠋ᠢᠵᠢᠷᠠᠭᠤᠯᠬᠤ ᠱᠠᠭ᠋ᠠᠷᠳᠠᠯᠭ᠎ᠠ ᠵᠢ ᠨᠠᠶ᠋ᠢᠳᠠᠪᠤᠷᠢᠵᠢᠭᠤᠯᠵᠤ᠂ ᠰᠠᠯᠠᠭ᠎ᠠ ᠮᠥᠴᠢᠷ᠎ᠤᠨ ᠬᠣᠯᠪᠣᠭ᠋ᠠᠯᠠᠨ ᠬᠥᠳᠡᠯᠦᠯᠴᠡᠬᠦ᠂ ᠪᠠᠢ᠌ᠳᠠᠯ ᠵᠶ᠋ᠠᠨ ᠨᠡᠪᠳᠡᠷᠡᠯᠴᠡᠨ ᠬᠠᠮᠵᠢᠯᠴᠠᠬᠤ ᠪᠠ ᠮᠡᠳᠡᠭᠡ ᠵᠠᠩᠭᠢ ᠵᠢ ᠬᠠᠮᠲᠤᠪᠠᠷ ᠡᠳ᠋ᠯᠡᠬᠦ ᠲᠣᠭᠲᠠᠴᠠ ᠵᠢ ᠴᠢᠩᠭ᠋ᠠᠳᠬᠠᠵᠤ᠂ ᠴᠡᠭᠴᠡᠯᠡᠨ ᠰᠠᠶ᠋ᠢᠵᠢᠷᠠᠭᠤᠯᠬᠤ ᠡᠭᠦᠷᠭᠡ ᠵᠢ ᠲᠣᠭᠲᠠᠭᠰᠠᠨ ᠬᠤᠭᠤᠴᠠᠭ᠋ᠠᠨ᠎ᠳᠤ᠎ᠨᠢ ᠪᠡᠶᠡᠯᠡᠭᠦᠯᠬᠦ ᠵᠢ ᠪᠠᠳᠤᠯᠠᠬᠤ ᠬᠡᠷᠡᠭᠲᠡᠢ ᠭᠡᠵᠦ ᠱᠠᠭ᠋ᠠᠷᠳᠠᠪᠠ᠃ ᠲᠠᠷᠠᠭ᠋ᠠᠴᠢ ᠵᠢᠨ ᠠᠯᠬᠤᠮ᠎ᠳᠤ᠂ ᠠᠮᠢ ᠠᠬᠤᠶ ᠤᠷᠴᠢᠨ ᠲᠤᠭᠤᠷᠢᠨ᠎ᠤ ᠲᠢᠩᠬᠢᠮ᠎ᠠᠴᠠ ᠠᠵᠢᠯ᠎ᠤᠨ ᠲᠣᠬᠢᠷᠠᠭᠤᠯᠤᠯᠲᠠ᠎ᠪᠠᠨ ᠴᠢᠩᠭ᠋ᠠᠳᠬᠠᠵᠤ᠂ ᠠᠵᠢᠯ᠎ᠤᠨ ᠠᠬᠢᠴᠠ᠎ᠪᠠᠨ ᠴᠠᠭ ᠲᠤᠬᠠᠶ᠎ᠳᠤᠨᠢ ᠨᠡᠪᠳᠡᠷᠡᠭᠦᠯᠦᠨ ᠮᠡᠳᠡᠭᠡᠯᠡᠵᠦ᠂ ᠰᠠᠯᠠᠭ᠎ᠠ ᠮᠥᠴᠢᠷ᠎ᠤᠨ ᠬᠠᠷᠢᠭᠤᠴᠠᠯᠭ᠎ᠠ ᠵᠢ ᠤᠯᠠᠮ ᠨᠢᠭᠡ ᠠᠯᠬᠤᠮ ᠪᠣᠳᠠᠲᠠᠶ᠋ᠢᠵᠢᠭᠤᠯᠵᠤ᠂ ᠴᠡᠭᠴᠡᠯᠡᠨ ᠰᠠᠶ᠋ᠢᠵᠢᠷᠠᠭᠤᠯᠬᠤ ᠡᠭᠦᠷᠭᠡ᠎ᠪᠠᠨ ᠲᠣᠭᠲᠠᠭᠰᠠᠨ ᠬᠤᠭᠤᠴᠠᠭ᠋ᠠᠨ᠎ᠳᠤ ᠪᠡᠶᠡᠯᠡᠭᠦᠯᠬᠦ ᠵᠢ ᠦᠨᠡᠨ ᠬᠦ᠌ ᠪᠠᠲᠤᠯᠠᠨ᠎ᠠ᠃
      ᠠᠮᠢ ᠠᠬᠤᠶ ᠤᠷᠴᠢᠨ ᠲᠤᠭᠤᠷᠢᠨ᠎ᠤ ᠲᠢᠩᠬᠢᠮ᠎ᠤᠨ ᠬᠠᠲᠠᠭᠤ ᠪᠡᠶᠡᠲᠦ ᠬᠠᠶᠠᠭᠳᠠᠮᠠᠯ ᠪᠤᠳᠠᠰ ᠬᠢᠭᠡᠳ ᠬᠢᠮᠢ ᠵᠢᠨ ᠪᠤᠳᠠᠰ᠎ᠤᠨ ᠭᠠᠵᠠᠷ ᠵᠢᠴᠢ ᠥᠪᠡᠷᠲᠡᠭᠡᠨ ᠵᠠᠰᠠᠬᠤ ᠣᠷᠣᠨ᠎ᠤ ᠠᠵᠤ ᠦᠢ᠍ᠯᠡᠳᠪᠦᠷᠢ ᠪᠠ ᠮᠡᠳᠡᠭᠡ ᠵᠠᠩᠬᠢᠴᠢᠯᠠᠯᠳᠠ ᠵᠢᠨ ᠲᠢᠩᠬᠢᠮ᠂ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠲᠢᠩᠬᠢᠮ᠂ ᠣᠷᠣᠨ ᠰᠠᠭᠤᠴᠠ ᠪᠠ ᠬᠣᠲᠠ ᠬᠥᠳᠡᠭᠡ ᠵᠢᠨ ᠪᠥᠲᠥᠭᠡᠨ ᠪᠠᠶ᠋ᠢᠭᠤᠯᠤᠯᠲᠠ ᠵᠢᠨ ᠲᠢᠩᠬᠢᠮ᠂ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠬᠠᠮᠢᠶᠠᠷᠤᠯᠲᠠ ᠵᠢᠨ ᠲᠢᠩᠬᠢᠮ᠎ᠤᠨ ᠬᠣᠯᠪᠣᠭᠳᠠᠯ ᠪᠥᠬᠥᠶ ᠭᠠᠵᠠᠷ ᠠᠯᠪᠠᠨ ᠬᠡᠷ᠎ᠤᠨ ᠬᠠᠷᠢᠭᠤᠴᠠᠯᠭ᠋ᠠᠳᠠᠳ ᠲᠤᠰ ᠬᠤᠷᠠᠯ᠎ᠳᠤ ᠣᠷᠣᠯᠴᠠᠵᠠᠶ᠃

ᠢᠷᠡᠯᠲᠡ᠄ ᠠᠮᠢ ᠠᠬᠤᠶ ᠣᠷᠴᠢᠨ ᠲᠤᠭᠤᠷᠢᠨ᠎ᠤ ᠲᠢᠩᠬᠢᠮ
          
ᠬᠠᠮᠢᠶ᠎ᠡ ᠪᠦᠬᠦᠢ ᠰᠣᠨᠢᠨ
2021 ᠣᠨ᠎ᠤ 5 ᠳ᠋ᠤᠭ᠋ᠠᠷ ᠰᠠᠷ᠎ᠠ ᠵᠢᠨ 8᠎ᠤ ᠡᠳᠦᠷ᠎ᠠᠴᠠ 2021 ᠣᠨ᠎ᠤ 5 ᠳ᠋ᠤᠭ᠋ᠠᠷ ᠰᠠᠷ᠎ᠠ ᠵᠢᠨ 14᠎ᠤ ᠡᠳᠦᠷ ᠪᠤᠯᠳᠠᠯᠠᠬᠢ ᠪᠥᠲᠥᠭᠡᠨ ᠪᠠᠶ᠋ᠢᠭᠤᠯᠤᠯᠲᠠ ᠵᠢᠨ ᠲᠥᠷᠥᠯ ᠵᠦᠢ᠍ᠯ᠎ᠤᠨ ᠣᠷᠴᠢᠨ ᠲᠣᠭᠣᠷᠢᠨ᠎ᠳᠤ ᠦᠵᠡᠭᠦᠯᠬᠦ ᠨᠦᠯᠦᠭᠡ ᠵᠢ ᠦᠨᠡᠯᠡᠬᠦ ᠪᠢᠴᠢᠭ ᠮᠠᠲ᠋ᠧᠷᠢᠶᠠᠯ᠎ᠢ ᠬᠢᠨᠠᠨ ᠵᠦᠪᠰᠢᠶᠡᠷᠡᠭᠰᠡᠨ ᠲᠣᠭᠲᠠᠭ᠋ᠠᠯ ᠭᠠᠷᠭ᠋ᠠᠭᠰᠠᠨ ᠲᠤᠬᠠᠶ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠶ ᠤᠷᠴᠢᠨ ᠲᠤᠭᠤᠷᠢᠨ᠎ᠤ ᠲᠢᠩᠬᠢᠮ᠎ᠤᠨ ᠠᠯᠪᠠᠨ ᠵᠠᠷᠯᠠᠯ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠷᠴᠢᠨ ᠲᠣᠭᠣᠷᠢᠨ᠎ᠤ ᠬᠢᠨᠠᠨ ᠬᠡᠮᠵᠢᠯᠲᠡ ᠵᠢᠨ ᠶᠡᠷᠦᠩᠬᠡᠶ ᠥᠷᠲᠡᠭᠡ᠎ᠨᠢ ᠬᠤᠪᠢᠶᠠᠷᠢ ᠦᠷᠳᠡᠭᠡᠨ᠎ᠤ ᠠᠭ᠋ᠠᠷ᠎ᠤᠨ ᠳᠡᠭᠳᠡᠮᠡᠬᠡᠶ ᠴᠢᠨᠠᠷᠲᠠᠶ ᠣᠷᠭ᠋ᠠᠨᠢᠭ ᠪᠣᠳᠠᠰ᠎ᠤᠨ ᠠᠦ᠋ᠲ᠋ᠣ᠋ ᠬᠢᠨᠠᠨ ᠬᠡᠮᠵᠢᠯᠲᠡ ᠵᠢᠨ ᠮᠡᠷᠭᠡᠵᠢᠯ᠎ᠤᠨ ᠪᠤᠯᠪᠠᠰᠤᠷᠠᠭᠤᠯᠤᠯ᠎ᠢ ᠴᠢᠩᠭ᠋ᠠᠳᠬᠠᠪᠠ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠰᠢᠮᠳᠠᠭᠤᠯᠤᠨ ᠪᠠᠶ᠋ᠢᠴᠠᠭ᠋ᠠᠬᠤ ᠳᠤᠮᠳᠠ ᠬᠡᠰᠡᠭ᠎ᠤᠨ ᠲᠥᠪ᠎ᠤᠨ 2021 ᠣᠨ᠎ᠤ 3 ᠳ᠋ᠤᠭ᠋ᠠᠷ ᠰᠠᠷ᠎ᠠ᠎ᠠᠴᠠ 6 ᠳ᠋ᠤᠭ᠋ᠠᠷ ᠰᠠᠷ᠎ᠠ ᠬᠦᠷᠳᠡᠯᠡᠬᠢ ᠬᠤᠭᠤᠴᠠᠭ᠋ᠠᠨ᠎ᠳᠠᠬᠢ ᠵᠠᠰᠠᠭ ᠵᠠᠬᠢᠷᠭ᠋ᠠᠨ᠎ᠤ ᠲᠤᠷᠭ᠋ᠠᠭᠤᠯᠢ ᠵᠢᠨ ᠮᠡᠳᠡᠭᠡ ᠵᠠᠩᠬᠢ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠶᠡᠷᠦᠩᠬᠡᠶ᠋ᠢᠯᠡᠭᠰᠡᠨ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠦᠯᠲᠡ ᠵᠢᠨ ᠳᠤᠮᠳᠠ ᠬᠡᠰᠡᠭ᠎ᠤᠨ ᠰᠢᠭᠤᠳ ᠬᠠᠷᠢᠶ᠎ᠠ ᠠᠩᠭᠢ ᠵᠢᠨ 2021 ᠣᠨ᠎ᠤ 7 ᠳ᠋ᠤᠭ᠋ᠠᠷ ᠰᠠᠷ᠎ᠠ ᠵᠢᠨ ᠵᠠᠰᠠᠭ ᠵᠠᠬᠢᠷᠭ᠋ᠠᠨ᠎ᠤ ᠲᠤᠷᠭ᠋ᠠᠭᠤᠯᠢ ᠵᠢᠨ ᠮᠡᠳᠡᠭᠡ ᠵᠠᠩᠬᠢ
ᠡᠩᠨᠡᠭᠡᠨ᠎ᠤ ᠪᠠᠶ᠋ᠢᠭᠤᠯᠤᠯᠲᠠ ᠵᠢ ᠴᠢᠩᠭ᠋ᠠᠳᠬᠠᠨ 《ᠪᠠᠶ᠋ᠢᠴᠠᠭ᠋ᠠᠬᠤ᠎ᠪᠠᠷ ᠪᠤᠯᠪᠠᠰᠤᠷᠠᠭᠤᠯᠤᠯ᠎ᠢ ᠣᠷᠣᠯᠠᠭᠤᠯᠬᠤ》᠎ᠪᠠᠷ ᠦᠨᠳᠦᠰᠦᠨ ᠱᠠᠲᠤᠨ᠎ᠤ ᠬᠠᠤᠯᠢ ᠬᠡᠷᠡᠭᠵᠢᠭᠦᠯᠦᠯᠳᠡ ᠵᠢᠨ ᠰᠠᠴᠤᠷᠠᠭ᠎ᠤᠨ ᠠᠵᠢᠯᠳᠠᠳ᠎ᠤᠨ ᠠᠰᠠᠭᠤᠳᠠᠯ᠎ᠢ ᠢᠯᠡᠷᠡᠭᠦᠯᠬᠦ ᠴᠢᠳᠠᠪᠤᠷᠢ ᠵᠢ ᠳᠡᠭᠡᠭᠰᠢᠯᠡᠭᠦᠯᠦᠨ᠎ᠡ
 
             蒙ICP备05000248号