《2021 ᠣᠨ᠎ᠤ ᠤᠯᠤᠰ᠎ᠤᠨ ᠠᠮᠢ ᠠᠬᠤᠢ ᠣᠷᠴᠢᠨ ᠲᠣᠭᠣᠷᠢᠨ᠎ᠤ ᠬᠢᠨᠠᠨ ᠬᠡᠮᠵᠢᠯᠲᠡ ᠵᠢᠨ ᠲᠥᠰᠦᠯ》᠎ᠤᠨ ᠱᠠᠭ᠋ᠠᠷᠳᠠᠯᠭ᠎ᠠ ᠵᠢ ᠰᠠᠶ᠋ᠢᠲᠤᠷ ᠲᠤᠭᠤᠰᠢᠯᠠᠭᠤᠯᠤᠨ ᠨᠠᠶ᠋ᠢᠳᠠᠪᠤᠷᠢᠵᠢᠭᠤᠯᠬᠤ ᠵᠢᠨ ᠲᠤᠰᠠᠳᠠ᠂ 7 ᠳ᠋ᠤᠭ᠋ᠠᠷ ᠰᠠᠷ᠎ᠠ ᠵᠢᠨ 18᠎ᠤ ᠡᠳᠦᠷ᠎ᠠᠴᠠ 21᠎ᠤ ᠡᠳᠦᠷ ᠪᠣᠯᠲᠠᠯ᠎ᠠ᠂ ᠳᠤᠮᠳᠠᠳᠤ ᠤᠯᠤᠰ᠎ᠤᠨ ᠣᠷᠴᠢᠨ ᠲᠣᠭᠣᠷᠢᠨ᠎ᠤ ᠬᠢᠨᠠᠨ ᠬᠡᠮᠵᠢᠯᠲᠡ ᠵᠢᠨ ᠶᠡᠷᠦᠩᠬᠡᠢ ᠦᠷᠳᠡᠭᠡ᠎ᠨᠢ ᠱᠠᠩᠬᠠᠢ ᠵᠢᠨ ᠣᠷᠴᠢᠨ ᠲᠣᠭᠣᠷᠢᠨ᠎ᠤ ᠬᠢᠨᠠᠨ ᠬᠡᠮᠵᠢᠯᠲᠡ ᠵᠢᠨ ᠲᠥᠪ᠎ᠤᠨ ᠲᠤᠰᠬᠠᠢ ᠮᠡᠷᠭᠡᠵᠢᠯᠲᠡᠨ᠎ᠢ ᠵᠣᠬᠢᠶᠠᠨ ᠪᠠᠢ᠌ᠭᠤᠯᠤᠨ ᠬᠥᠬᠡᠬᠣᠲᠠ᠂ ᠦᠬᠠᠢ ᠬᠤᠳᠠ᠎ᠳᠤ ᠬᠦᠷᠴᠦ᠂ ᠣᠷᠴᠢᠨ ᠲᠣᠭᠣᠷᠢᠨ᠎ᠤ ᠠᠭ᠋ᠠᠷ᠎ᠤᠨ ᠳᠡᠭᠳᠡᠮᠡᠬᠡᠢ ᠴᠢᠨᠠᠷᠲᠠᠢ ᠣᠷᠭ᠋ᠠᠨᠢᠭ ᠪᠣᠳᠠᠰ (VOCs)᠎ᠤᠨ ᠠᠦ᠋ᠲ᠋ᠣ᠋ ᠬᠢᠨᠠᠨ ᠬᠡᠮᠵᠢᠯᠲᠡ ᠵᠢᠨ ᠠᠬᠤᠢ ᠲᠠᠯᠠᠪᠠᠢ᠎ᠳᠤ ᠪᠠᠶ᠋ᠢᠴᠠᠭ᠋ᠠᠨ ᠰᠤᠳᠤᠯᠤᠯᠲᠠ ᠬᠢᠪᠡ᠃
ᠲᠤᠰᠬᠠᠶ ᠮᠡᠷᠭᠡᠵᠢᠯᠲᠡᠨ᠎ᠤ ᠳᠤᠭᠤᠶ᠋ᠢᠯᠠᠩ ᠤᠷᠢᠳ ᠬᠣᠵᠢᠳ ᠥᠪᠡᠷᠲᠡᠭᠡᠨ ᠵᠠᠰᠠᠬᠤ ᠣᠷᠣᠨ᠎ᠤ ᠣᠷᠴᠢᠨ ᠲᠣᠭᠣᠷᠢᠨ᠎ᠤ ᠬᠢᠨᠠᠨ ᠬᠡᠮᠵᠢᠯᠲᠡ ᠵᠢᠨ ᠶᠡᠷᠦᠩᠬᠡᠶ ᠥᠷᠲᠡᠭᠡ ᠪᠠ ᠦᠬᠠᠶ᠎ᠳᠠᠬᠢ ᠬᠤᠪᠢᠶᠠᠷᠢ ᠦᠷᠳᠡᠭᠡᠨ᠎ᠤ ᠲᠠᠰ᠎ᠠᠴᠠ ᠳᠠᠪᠠᠭᠰᠠᠨ ᠥᠷᠲᠡᠭᠡ᠎ᠳᠤ ᠳᠡᠭᠳᠡᠮᠡᠬᠡᠶ ᠴᠢᠨᠠᠷᠲᠠᠶ ᠣᠷᠭ᠋ᠠᠨᠢᠭ ᠪᠣᠳᠠᠰ᠎ᠤᠨ ᠠᠦ᠋ᠲ᠋ᠣ᠋ ᠬᠢᠨᠠᠨ ᠬᠡᠮᠵᠢᠯᠲᠡ ᠵᠢᠨ ᠣᠷᠴᠢᠨ ᠲᠣᠭᠣᠷᠢᠨ᠎ᠤ ᠨᠥᠬᠥᠴᠡᠯ᠂ ᠪᠡᠯᠡᠳᠭᠡᠮᠵᠢ ᠵᠢᠨ ᠠᠵᠢᠯᠯᠠᠭ᠋ᠠᠨ᠂ ᠡᠳᠦᠷ ᠲᠤᠲᠤᠮ᠎ᠤᠨ ᠶᠠᠰᠤ ᠴᠢᠨᠠᠷ᠎ᠤᠨ ᠡᠵᠡᠮᠳᠡᠯ᠎ᠤᠨ ᠬᠠᠮᠢᠶᠠᠷᠤᠯᠲᠠ᠂ ᠲᠣᠭ᠎ᠠ ᠪᠠᠷᠢᠮᠲᠠ ᠵᠢᠨ ᠳᠠᠮᠵᠢᠭᠤᠯᠭ᠎ᠠ ᠪᠠ ᠬᠡᠪ᠎ᠤᠨ ᠪᠤᠰᠤ ᠲᠣᠭ᠎ᠠ ᠪᠠᠷᠢᠮᠲᠠ ᠵᠢᠨ ᠰᠢᠢ᠍ᠳᠪᠦᠷᠢᠯᠡᠯᠳᠡ ᠵᠡᠷᠭᠡ ᠲᠠᠯ᠎ᠠ᠎ᠪᠠᠷ ᠨᠠᠷᠢᠨ ᠨᠢᠮᠪᠠᠶ ᠠᠰᠠᠭᠤᠨ ᠯᠠᠪᠯᠠᠵᠤ ᠪᠠᠶ᠋ᠢᠴᠠᠭ᠋ᠠᠨ ᠰᠢᠯᠭ᠋ᠠᠵᠠᠶ᠃ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠷᠴᠢᠨ ᠲᠣᠭᠣᠷᠢᠨ᠎ᠤ ᠠᠭ᠋ᠠᠷ᠎ᠤᠨ ᠳᠡᠭᠳᠡᠮᠡᠬᠡᠶ ᠴᠢᠨᠠᠷᠲᠠᠶ ᠣᠷᠭ᠋ᠠᠨᠢᠭ ᠪᠣᠳᠠᠰ (VOCs)᠎ᠤᠨ ᠠᠦ᠋ᠲ᠋ᠣ᠋ ᠬᠢᠨᠠᠨ ᠬᠡᠮᠵᠢᠯᠲᠡ ᠵᠢᠴᠢ ᠬᠡᠷᠡᠯ ᠬᠢᠮᠢ ᠵᠢᠨ ᠬᠢᠨᠠᠨ ᠬᠡᠮᠵᠢᠯᠲᠡ ᠵᠢᠨ ᠠᠵᠢᠯ᠎ᠢ ᠥᠷᠨᠢᠭᠦᠯᠦᠭᠰᠡᠨ ᠪᠠᠶ᠋ᠢᠳᠠᠯ᠎ᠢ ᠳᠡᠭᠡᠳᠦ ᠬᠡᠮᠵᠢᠶ᠎ᠡ᠎ᠪᠠᠷ ᠦᠨᠡᠯᠡᠭᠰᠡᠨ᠎ᠤ ᠬᠠᠮᠲᠤ᠂ ᠲᠠᠷᠠᠭ᠋ᠠᠴᠢ ᠵᠢᠨ ᠠᠯᠬᠤᠮ᠎ᠤᠨ ᠠᠵᠢᠯ᠎ᠢ ᠥᠷᠨᠢᠭᠦᠯᠬᠦ᠎ᠳᠤ ᠰᠠᠨᠠᠭᠤᠯᠭ᠎ᠠ ᠲᠤᠷᠠᠳᠤᠭᠰᠠᠨ ᠪᠠᠢ᠌ᠨ᠎ᠠ᠃
ᠥᠪᠡᠷᠲᠡᠭᠡᠨ ᠵᠠᠰᠠᠬᠤ ᠣᠷᠣᠨ᠎ᠤ ᠣᠷᠴᠢᠨ ᠲᠣᠭᠣᠷᠢᠨ᠎ᠤ ᠬᠢᠨᠠᠨ ᠬᠡᠮᠵᠢᠯᠲᠡ ᠵᠢᠨ ᠶᠡᠷᠦᠩᠬᠡᠶ ᠦᠷᠳᠡᠭᠡᠨ᠎ᠤ ᠠᠭ᠋ᠠᠷ ᠮᠠᠨᠳᠠᠯ᠎ᠤᠨ ᠲᠠᠰᠤᠭ᠂ ᠶᠠᠰᠤ ᠴᠢᠨᠠᠷ᠎ᠤᠨ ᠡᠵᠡᠮᠳᠡᠯ᠎ᠤᠨ ᠲᠠᠰᠤᠭ ᠪᠠ ᠦᠬᠠᠶ᠎ᠳᠠᠬᠢ ᠬᠤᠪᠢᠶᠠᠷᠢ ᠦᠷᠳᠡᠭᠡᠨ᠎ᠤ ᠬᠠᠮᠢᠶ᠎ᠠ ᠪᠥᠬᠥᠶ ᠠᠵᠢᠯᠳᠠᠳ ᠲᠤᠰᠬᠠᠶ ᠮᠡᠷᠭᠡᠵᠢᠯᠲᠡᠨ᠎ᠤ ᠳᠤᠭᠤᠶ᠋ᠢᠯᠠᠩᠤᠨᠬᠢᠨᠤ ᠡᠯ᠎ᠡ ᠵᠦᠢ᠍ᠯ᠎ᠤᠨ ᠠᠵᠢᠯ᠎ᠳᠤ ᠨᠢᠭᠲᠠ ᠬᠠᠮᠵᠢᠯᠴᠠᠭᠰᠠᠨᠤ ᠬᠠᠮᠲᠤ᠂ ᠪᠤᠭᠤᠲᠤ᠂ ᠲᠦᠩᠯᠢᠶᠣᠤ᠂ ᠤᠯᠠᠭ᠋ᠠᠨᠴᠠᠪ᠂ ᠠᠯᠠᠱ᠌ᠠ ᠪᠣᠯᠤᠨ ᠣᠷᠳᠣᠰ᠎ᠲᠠᠬᠢ ᠬᠤᠪᠢᠶᠠᠷᠢ ᠦᠷᠳᠡᠭᠡᠨ᠎ᠤ ᠬᠠᠮᠢᠶ᠎ᠠ ᠪᠥᠬᠥᠶ ᠮᠡᠷᠭᠡᠵᠢᠯᠲᠡᠨ᠎ᠢ ᠵᠣᠬᠢᠶᠠᠨ ᠪᠠᠶ᠋ᠢᠭᠤᠯᠵᠤ ᠠᠬᠤᠢ ᠲᠠᠯᠠᠪᠠᠢ᠎ᠳᠤ ᠲᠣᠭᠣᠷᠢᠨ ᠦᠵᠡᠭᠰᠡᠨ ᠪᠠ ᠲᠤᠷᠰᠢᠯᠭ᠎ᠠ ᠰᠤᠯᠢᠯᠴᠠᠬᠤ ᠰᠤᠷᠤᠯᠴᠠᠯᠭ᠎ᠠ᠎ᠳᠤ ᠣᠷᠣᠯᠴᠠᠭᠤᠯᠪᠠ᠃
ᠲᠤᠰᠬᠠᠶ ᠮᠡᠷᠭᠡᠵᠢᠯᠲᠡᠨ᠎ᠤ ᠳᠤᠭᠤᠶ᠋ᠢᠯᠠᠩ᠎ᠤᠨ᠎ᠬᠢᠨ ᠪᠠ ᠠᠬᠤᠢ ᠲᠠᠯᠠᠪᠠᠢ᠎ᠳᠤ ᠲᠣᠭᠣᠷᠢᠨ ᠦᠵᠡᠵᠦ ᠪᠠᠶ᠋ᠢᠭ᠎ᠠ ᠮᠡᠷᠭᠡᠵᠢᠯ᠎ᠤᠨ ᠠᠵᠢᠯᠲᠠᠳ ᠤᠯᠤᠰ᠎ᠤᠨ ᠬᠣᠯᠪᠣᠭᠳᠠᠯ ᠪᠦᠬᠦᠢ ᠪᠠᠷᠢᠮᠵᠢᠶ᠎ᠠ ᠪᠠ ᠮᠡᠷᠭᠡᠵᠢᠯ᠎ᠤᠨ ᠳᠦᠷᠢᠮᠵᠢᠯ᠂ ᠬᠡᠮᠵᠢᠭᠦᠷᠯᠢᠭ᠎ᠤᠨ ᠠᠵᠢᠯᠯᠠᠭ᠋ᠠᠨ᠎ᠢ ᠬᠠᠮᠠᠭ᠋ᠠᠯᠠᠬᠤ ᠳᠦᠷᠢᠮ᠂ ᠲᠣᠭ᠎ᠠ ᠪᠠᠷᠢᠮᠲᠠ ᠵᠢ ᠬᠢᠨᠠᠨ ᠬᠠᠷᠭᠤᠭᠤᠯᠬᠤ ᠠᠷᠭ᠎ᠠ ᠵᠢᠴᠢ ᠠᠵᠢᠯ᠎ᠤᠨ ᠳᠤᠮᠳᠠ ᠣᠷᠣᠰᠢᠵᠤ ᠪᠠᠶ᠋ᠢᠭ᠎ᠠ ᠬᠦᠴᠢᠷ ᠲᠦᠪᠡᠭᠲᠡᠶ ᠵᠦᠢ᠍ᠯ ᠵᠡᠷᠭᠡ ᠵᠢᠨ ᠲᠠᠯ᠎ᠠ᠎ᠪᠠᠷ ᠮᠡᠷᠭᠡᠵᠢᠯ᠎ᠤᠨ ᠰᠣᠯᠢᠯᠴᠠᠭ᠎ᠠ ᠪᠠ ᠰᠤᠳᠤᠯᠤᠨ ᠶᠠᠷᠢᠯᠴᠠᠬᠤ ᠵᠢ ᠭᠦᠨᠵᠡᠭᠡᠶ ᠥᠷᠨᠢᠭᠦᠯᠵᠦ᠂ ᠲᠠᠷᠠᠭ᠋ᠠᠴᠢ ᠵᠢᠨ ᠠᠯᠬᠤᠮ᠎ᠤᠨ ᠠᠵᠢᠯ᠎ᠢ ᠥᠷᠨᠢᠭᠦᠯᠬᠦ᠎ᠳᠤ ᠮᠠᠰᠢ ᠰᠠᠢ᠍ᠢ᠍ᠨ ᠮᠡᠷᠭᠡᠵᠢᠯ᠎ᠤᠨ ᠲᠤᠯᠭ᠋ᠠᠭᠤᠷᠢᠯᠠᠯ ᠬᠠᠩᠭ᠋ᠠᠭᠰᠠᠨ ᠪᠠᠶ᠋ᠢᠨ᠎ᠠ᠃