ᠥᠷᠭᠡᠨ ᠣᠯᠠᠨ ᠨᠠᠮ᠎ᠤᠨ ᠭᠡᠰᠢᠭᠦᠨ ᠺᠠᠳ᠋ᠷᠴᠤᠳ᠎ᠤᠨ ᠨᠠᠮ᠎ᠤᠨ ᠭᠡᠷᠡᠯ ᠰᠠᠴᠤᠷᠠᠩᠭᠤᠶ ᠲᠡᠦᠬᠡ᠎ᠠᠴᠠ ᠡᠷᠡᠮᠡᠬᠡᠶ᠋ᠢᠯᠡᠨ ᠳᠠᠪᠰᠢᠬᠤ ᠣᠶᠤᠨ ᠰᠠᠨᠠᠭ᠋ᠠᠨ᠎ᠤ ᠬᠦᠴᠦᠨ ᠤᠯᠬᠤ ᠵᠢ ᠤᠯᠠᠮ ᠨᠢᠭᠡ ᠠᠯᠬᠤᠮ ᠳᠠᠶ᠋ᠢᠴᠢᠯᠠᠨ ᠵᠤᠷᠢᠭᠵᠢᠭᠤᠯᠵᠤ᠂ ᠨᠠᠮ᠎ᠤᠨ ᠲᠡᠦᠬᠡ ᠵᠢᠨ ᠰᠤᠷᠤᠯᠴᠠᠯᠭ᠎ᠠ ᠬᠥᠮᠦᠵᠢᠯ᠎ᠢ ᠭᠦᠨᠵᠡᠭᠡᠶ᠋ᠢᠷᠡᠭᠦᠯᠦᠨ ᠪᠣᠳᠠᠲᠠᠶ᠋ᠢᠵᠢᠭᠤᠯᠵᠤ ᠴᠢᠨᠠᠷ ᠰᠠᠶ᠋ᠢᠲᠠᠶ ᠥᠷᠨᠢᠭᠦᠯᠬᠦ ᠵᠢ ᠠᠬᠢᠭᠤᠯᠬᠤ ᠵᠢᠨ ᠲᠤᠰᠠᠳᠠ᠂ 《〈ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠶ ᠣᠷᠴᠢᠨ ᠲᠣᠭᠣᠷᠢᠨ᠎ᠤ ᠲᠢᠩᠬᠢᠮ᠎ᠤᠨ ᠨᠠᠮ᠎ᠤᠨ ᠲᠡᠤᠬᠡ ᠵᠢᠨ ᠰᠤᠷᠤᠯᠴᠠᠯᠭ᠎ᠠ ᠬᠥᠮᠦᠵᠢᠯ᠎ᠤᠨ ᠲᠤᠰᠬᠠᠶ ᠰᠡᠳᠦᠪᠲᠦ ᠵᠣᠬᠢᠶᠠᠨ ᠪᠠᠶ᠋ᠢᠭᠤᠯᠤᠯᠲᠠ ᠵᠢᠨ ᠠᠮᠢᠳᠤᠷᠠᠯ᠎ᠤᠨ ᠬᠤᠷᠠᠯ᠎ᠤᠨ ᠬᠡᠷᠡᠭᠵᠢᠭᠦᠯᠬᠦ ᠲᠥᠰᠦᠯ〉᠎ᠢ ᠳᠠᠷᠤᠮᠠᠯᠯᠠᠨ ᠲᠠᠷᠬᠠᠭ᠋ᠠᠬᠤ ᠲᠤᠬᠠᠶ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠶ ᠣᠷᠴᠢᠨ ᠲᠣᠭᠣᠷᠢᠨ᠎ᠤ ᠲᠢᠩᠬᠢᠮ᠎ᠤᠨ ᠨᠠᠮ᠎ᠤᠨ ᠲᠡᠤᠬᠡ ᠵᠢᠨ ᠰᠤᠷᠤᠯᠴᠠᠯᠭ᠎ᠠ ᠬᠥᠮᠦᠵᠢᠯ᠎ᠤᠨ ᠤᠳᠤᠷᠢᠳᠬᠤ ᠳᠤᠭᠤᠶ᠋ᠢᠯᠠᠩ᠎ᠤᠨ ᠮᠡᠳᠡᠭᠳᠡᠯ》᠎ᠤᠨ ᠱᠠᠭ᠋ᠠᠷᠳᠠᠯᠭ᠎ᠠ ᠵᠢ ᠦᠨᠳᠦᠰᠦᠯᠡᠨ᠂ 8 ᠳ᠋ᠤᠭ᠋ᠠᠷ ᠰᠠᠷ᠎ᠠ ᠵᠢᠨ 5᠎ᠤ ᠡᠳᠦᠷ ᠤᠬᠠᠭᠤᠯᠭ᠎ᠠ ᠬᠦᠮᠦᠵᠢᠯ᠎ᠤᠨ ᠲᠦᠪ᠎ᠤᠨ ᠨᠠᠮ᠎ᠤᠨ ᠡᠭᠦᠷ᠎ᠠᠴᠠ ᠨᠠᠮ᠎ᠤᠨ ᠲᠡᠤᠬᠡ ᠵᠢᠨ ᠰᠤᠷᠤᠯᠴᠠᠯᠭ᠎ᠠ ᠬᠥᠮᠦᠵᠢᠯ᠎ᠤᠨ ᠲᠤᠰᠬᠠᠶ ᠰᠡᠳᠦᠪᠲᠦ ᠵᠣᠬᠢᠶᠠᠨ ᠪᠠᠶ᠋ᠢᠭᠤᠯᠤᠯᠲᠠ ᠵᠢᠨ ᠠᠮᠢᠳᠤᠷᠠᠯ᠎ᠤᠨ ᠬᠤᠷᠠᠯ᠎ᠢ ᠵᠣᠬᠢᠶᠠᠨ ᠪᠠᠶ᠋ᠢᠭᠤᠯᠤᠨ ᠬᠤᠷᠠᠯᠳᠤᠭᠤᠯᠵᠤ᠂ ᠲᠢᠩᠬᠢᠮ᠎ᠤᠨ ᠪᠠᠢ᠌ᠭᠤᠯᠭ᠎ᠠ ᠵᠢᠨ ᠨᠠᠮ᠎ᠤᠨ ᠬᠤᠷᠢᠶᠠᠨ᠎ᠤ ᠵᠤᠬᠢᠶᠠᠨ ᠪᠠᠢ᠌ᠭᠤᠯᠬᠤ ᠭᠡᠰᠢᠬᠦᠨ ᠤᠯᠠᠭ᠋ᠠᠨ ᠨᠦᠬᠦᠷ ᠪᠦᠬᠦ ᠶᠠᠪᠤᠴᠠ᠎ᠳᠤ ᠵᠢᠯᠤᠭᠤᠳᠤᠯᠭ᠎ᠠ ᠬᠢᠭᠰᠡᠨ ᠪᠠᠢ᠌ᠨ᠎ᠠ᠃
ᠨᠠᠮ᠎ᠤᠨ ᠲᠡᠦᠬᠡ ᠵᠢᠨ ᠰᠤᠷᠤᠯᠴᠠᠯᠭ᠎ᠠ ᠬᠥᠮᠦᠵᠢᠯ᠎ᠤᠨ ᠲᠤᠰᠬᠠᠢ ᠰᠡᠳᠦᠪᠲᠦ ᠵᠣᠬᠢᠶᠠᠨ ᠪᠠᠶ᠋ᠢᠭᠤᠯᠤᠯᠲᠠ ᠵᠢᠨ ᠠᠮᠢᠳᠤᠷᠠᠯ᠎ᠤᠨ ᠬᠤᠷᠠᠯ᠎ᠢ ᠲᠤᠰ ᠲᠤᠰ ᠨᠠᠮ᠎ᠤᠨ ᠡᠭᠦᠷ᠎ᠤᠨ ᠭᠡᠰᠢᠭᠦᠳ᠎ᠤᠨ ᠬᠤᠷᠠᠯ ᠪᠠ ᠨᠠᠮ᠎ᠤᠨ ᠳᠤᠭᠤᠶ᠋ᠢᠯᠠᠩ᠎ᠤᠨ ᠬᠤᠷᠠᠯ᠎ᠤᠨ ᠬᠡᠯᠪᠡᠷᠢ᠎ᠪᠠᠷ ᠬᠤᠷᠠᠯᠳᠤᠭᠤᠯᠤᠨ᠎ᠠ᠃ ᠲᠤᠰ ᠤᠳᠠᠭ᠋ᠠᠨ᠎ᠤ ᠵᠣᠬᠢᠶᠠᠨ ᠪᠠᠶ᠋ᠢᠭᠤᠯᠤᠯᠲᠠ ᠵᠢᠨ ᠠᠮᠢᠳᠤᠷᠠᠯ᠎ᠤᠨ ᠬᠤᠷᠠᠯ᠎ᠨᠢ ᠭᠣᠣᠯᠳᠠᠭᠤ ᠨᠠᠮ᠎ᠤᠨ ᠲᠡᠦᠬᠡ ᠵᠢᠨ ᠰᠤᠷᠤᠯᠴᠠᠯᠭ᠎ᠠ ᠬᠥᠮᠦᠵᠢᠯ᠎ᠢ ᠥᠷᠨᠢᠭᠦᠯᠦᠭᠰᠡᠨ᠎ᠠᠴᠠ ᠨᠠᠭ᠋ᠠᠰᠢᠬᠢ ᠣᠯᠤᠯᠲᠠ ᠪᠠ ᠳᠡᠭᠡᠭᠰᠢᠯᠡᠯᠲᠡ᠎ᠪᠠᠨ ᠰᠣᠯᠢᠯᠴᠠᠨ ᠬᠤᠪᠢᠶᠠᠯᠴᠠᠵᠤ᠂ ᠤᠨᠴᠠᠭ᠋ᠠᠢ᠌ᠯᠠᠨ ᠳᠤᠮᠳᠠᠳᠤ ᠤᠯᠤᠰ᠎ᠤᠨ ᠡᠪ ᠬᠠᠮᠲᠤ ᠨᠠᠮ ᠪᠠᠶ᠋ᠢᠭᠤᠯᠤᠭᠳᠠᠭᠰᠠᠨ 100 ᠵᠢᠯ᠎ᠤᠨ ᠤᠢ ᠵᠢ ᠪᠡᠯᠭᠡᠯᠡᠬᠦ ᠶᠡᠬᠡ ᠬᠤᠷᠠᠯ ᠳᠡᠭᠡᠷᠡᠬᠢ ᠶᠡᠷᠦᠩᠬᠡᠢ ᠱᠦᠵᠢ ᠰᠢ ᠵᠢᠨ ᠫᠢᠩ᠎ᠤᠨ ᠶᠠᠷᠢᠭᠰᠠᠨ ᠴᠢᠬᠤᠯᠠ ᠶᠠᠷᠢᠶᠠᠨ᠎ᠤ ᠪᠠᠶ᠋ᠢᠳᠠᠯ᠎ᠢ ᠰᠤᠷᠤᠯᠴᠠᠵᠤ᠂ ᠲᠦᠷᠪᠡᠨ ᠲᠠᠯ᠎ᠠ᠎ᠲᠠᠢ ᠨᠢᠭᠲᠠ ᠤᠶᠠᠯᠳᠤᠭᠤᠯᠤᠨ ᠥᠪᠡᠷ᠎ᠤᠨ ᠪᠡᠶ᠎ᠡ᠎ᠳᠤ ᠣᠷᠣᠰᠢᠵᠤ ᠪᠠᠶ᠋ᠢᠭ᠎ᠠ ᠵᠦᠷᠢᠶ᠎ᠡ ᠪᠠ ᠬᠦᠷᠦᠯᠴᠡᠬᠦ ᠦᠭᠡᠢ ᠲᠠᠯ᠎ᠠ᠎ᠪᠠᠨ ᠡᠷᠢᠵᠦ᠂ ᠨᠠᠮ᠎ᠤᠨ ᠭᠡᠰᠢᠭᠦᠨ᠎ᠢ ᠬᠦᠳᠦᠯᠦᠨ ᠵᠢᠯᠣᠭᠣᠳᠴᠤ ᠪᠠᠶ᠋ᠢᠭ᠋ᠠᠳ ᠤᠯᠤᠰ ᠲᠦᠷᠦ ᠵᠢᠨ ᠮᠠᠭ᠋ᠠᠳᠯᠠᠬᠤ ᠴᠢᠳᠠᠪᠤᠷᠢ᠂ ᠤᠯᠤᠰ ᠲᠦᠷᠦ ᠵᠢᠨ ᠤᠬᠠᠪᠤᠷᠢᠯᠠᠬᠤ ᠴᠢᠳᠠᠪᠤᠷᠢ᠂ ᠤᠯᠤᠰ ᠲᠦᠷᠦ ᠵᠢᠨ ᠬᠡᠷᠡᠭᠵᠢᠭᠦᠯᠬᠦ ᠴᠢᠳᠠᠪᠤᠷᠢ ᠵᠢ᠎ᠨᠢ ᠲᠠᠰᠤᠷᠠᠯᠳᠠ ᠦᠭᠡᠢ ᠳᠡᠭᠡᠭᠰᠢᠯᠡᠭᠦᠯᠦᠨ᠎ᠡ᠃ ᠲᠤᠰ ᠬᠤᠷᠠᠯ᠎ᠨᠢ ᠪᠠᠰᠠ ᠲᠡᠭᠡᠳᠦ ᠬᠠᠭ᠋ᠠᠰ ᠵᠢᠯ᠎ᠤᠨ ᠲᠤᠷᠰᠢᠬᠢ ᠨᠠᠮ᠎ᠤᠨ ᠡᠭᠦᠷ᠎ᠤᠨ ᠠᠵᠢᠯ᠎ᠤᠨ ᠪᠠᠶ᠋ᠢᠳᠠᠯ ᠣᠨᠴᠠᠭ᠋ᠠᠶ᠋ᠢᠯᠠᠨ ᠨᠠᠮ᠎ᠤᠨ ᠲᠡᠦᠬᠡ ᠵᠢᠨ ᠰᠤᠷᠤᠯᠴᠠᠯᠭ᠎ᠠ ᠬᠥᠮᠦᠵᠢᠯ᠎ᠢ ᠥᠷᠨᠢᠭᠦᠯᠦᠭᠰᠡᠨ ᠪᠠᠶ᠋ᠢᠳᠠᠯ᠎ᠢ ᠳ᠋ᠦᠩᠨᠡᠵᠦ᠂ ᠨᠠᠮ᠎ᠤᠨ ᠡᠭᠦᠷ᠎ᠤᠨ ᠭᠡᠰᠢᠭᠦᠳ᠎ᠤᠨ ᠬᠤᠷᠠᠯ᠎ᠤᠨ ᠠᠰᠠᠭᠤᠳᠠᠯ᠎ᠢ ᠪᠠᠶ᠋ᠢᠴᠠᠭ᠋ᠠᠨ ᠦᠵᠡᠭᠰᠡᠨ ᠪᠠᠶ᠋ᠢᠳᠠᠯ᠎ᠢ ᠨᠡᠪᠳᠡᠷᠡᠭᠦᠯᠦᠨ ᠮᠡᠳᠡᠭᠡᠯᠡᠵᠦ᠂ ᠰᠢᠭᠦᠮᠵᠢᠯᠡᠯ ᠪᠠ ᠥᠪᠡᠷ᠎ᠤᠨ ᠰᠢᠭᠦᠮᠵᠢᠯᠡᠯ᠎ᠢ ᠬᠢᠨᠠᠮᠠᠭ᠋ᠠᠢ ᠥᠷᠨᠢᠭᠦᠯᠵᠦ᠂ ᠬᠣᠶ᠋ᠢᠰᠢᠳᠠ ᠵᠢᠨ ᠬᠤᠭᠤᠴᠠᠭ᠋ᠠᠨ᠎ᠳᠠᠬᠢ ᠴᠢᠷᠮᠠᠶ᠋ᠢᠬᠤ ᠴᠢᠭᠯᠡᠯ ᠪᠠ ᠬᠠᠯᠠᠨ ᠰᠠᠶ᠋ᠢᠵᠢᠷᠠᠭᠤᠯᠬᠤ ᠠᠷᠭ᠎ᠠ ᠬᠡᠮᠵᠢᠶ᠎ᠡ ᠵᠢ ᠲᠣᠳᠣᠷᠬᠠᠶ᠋ᠢᠯᠠᠪᠠ᠃
ᠲᠢᠩᠬᠢᠮ᠎ᠤᠨ ᠪᠠᠢ᠌ᠭᠤᠯᠭ᠎ᠠ ᠵᠢᠨ ᠨᠠᠮ᠎ᠤᠨ ᠬᠣᠷᠢᠶᠠᠨ᠎ᠤ ᠵᠣᠬᠢᠶᠠᠨ ᠪᠠᠶ᠋ᠢᠭᠤᠯᠬᠤ ᠭᠡᠰᠢᠭᠦᠨ ᠤᠯᠠᠭ᠋ᠠᠨ ᠨᠦᠬᠦᠷ ᠲᠤᠰ ᠤᠳᠠᠭ᠋ᠠᠨ᠎ᠤ ᠵᠣᠬᠢᠶᠠᠨ ᠪᠠᠶ᠋ᠢᠭᠤᠯᠤᠯᠲᠠ ᠵᠢᠨ ᠠᠮᠢᠳᠤᠷᠠᠯ᠎ᠤᠨ ᠬᠤᠷᠠᠯ᠎ᠢ ᠨᠤᠲᠠᠯᠠᠵᠤ᠂ ᠤᠬᠠᠭᠤᠯᠭ᠎ᠠ ᠬᠥᠮᠦᠵᠢᠯ᠎ᠤᠨ ᠲᠥᠪ᠎ᠤᠨ ᠨᠠᠮ᠎ᠤᠨ ᠡᠭᠦᠷ᠎ᠤᠨ᠎ᠬᠢᠨ ᠲᠤᠰ ᠤᠳᠠᠭ᠋ᠠᠨ᠎ᠤ ᠵᠣᠬᠢᠶᠠᠨ ᠪᠠᠶ᠋ᠢᠭᠤᠯᠤᠯᠲᠠ ᠵᠢᠨ ᠠᠮᠢᠳᠤᠷᠠᠯ᠎ᠤᠨ ᠬᠤᠷᠠᠯ᠎ᠳᠤ ᠭᠦᠢ᠍ᠴᠡᠳ ᠪᠡᠯᠡᠳᠬᠡᠯ ᠬᠢᠵᠦ᠂ ᠨᠠᠮ᠎ᠤᠨ ᠡᠭᠦᠷ ᠪᠣᠯᠤᠨ ᠨᠠᠮ᠎ᠤᠨ ᠭᠡᠰᠢᠭᠦᠨ᠎ᠢ ᠭᠦᠨᠵᠡᠭᠡᠢ ᠰᠠᠶ᠋ᠢᠲᠤᠷ ᠪᠠᠶ᠋ᠢᠴᠠᠭ᠋ᠠᠨ ᠳᠡᠯᠭᠡᠵᠦ᠂ ᠬᠤᠷᠠᠯ᠎ᠨᠢ ᠪᠣᠳᠠᠲᠠᠢ ᠵᠢ ᠡᠷᠬᠢᠮᠯᠡᠭᠰᠡᠨ ᠦᠷ᠎ᠡ ᠪᠦᠲᠦᠮᠵᠢ᠎ᠲᠠᠢ ᠪᠣᠯᠤᠭᠰᠠᠨ ᠪᠥᠭᠡᠳ ᠳᠠᠷᠠᠭ᠋ᠠᠴᠢ ᠵᠢᠨ ᠠᠯᠬᠤᠮ᠎ᠤᠨ ᠠᠵᠢᠯ᠎ᠳᠤ ᠱᠠᠭ᠋ᠠᠷᠳᠠᠯᠭ᠎ᠠ ᠳᠤᠷᠠᠳᠴᠠᠢ᠃ ᠨᠢᠭᠡ᠎ᠳᠤ᠂ ᠨᠠᠮ᠎ᠤᠨ ᠲᠡᠦᠬᠡ ᠵᠢᠨ ᠰᠤᠷᠤᠯᠴᠠᠯᠭ᠎ᠠ ᠬᠥᠮᠦᠵᠢᠯ᠎ᠢ ᠦᠷᠭᠦᠯᠵᠢᠯᠡᠨ ᠭᠦᠨᠵᠡᠭᠡᠢ ᠠᠬᠢᠭᠤᠯᠵᠤ᠂ ᠤᠨᠴᠠᠭ᠋ᠠᠢ᠌ᠯᠠᠨ ᠶᠡᠷᠦᠩᠬᠡᠢ ᠱᠦᠵᠢ ᠰᠢ ᠵᠢᠨ ᠫᠢᠩ᠎ᠤᠨ 《7 · 1》᠎ᠳᠤ ᠶᠠᠷᠢᠭᠰᠠᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠵᠢ ᠰᠠᠶ᠋ᠢᠲᠤᠷ ᠰᠤᠷᠤᠯᠴᠠᠨ ᠲᠤᠭᠤᠰᠢᠯᠠᠭᠤᠯᠬᠤ ᠬᠡᠷᠡᠭᠲᠡᠢ; ᠬᠣᠶᠠᠷ᠎ᠲᠤ᠂ 《ᠪᠢ ᠤᠯᠠᠨ ᠲᠦᠮᠡᠨ᠎ᠳᠤ ᠪᠣᠳᠠᠲᠠᠢ ᠶᠠᠪᠤᠳᠠᠯ ᠬᠢᠵᠦ ᠥᠭᠬᠦ》 ᠦᠢ᠍ᠯᠡᠳᠦᠯᠭᠡ ᠵᠢᠨ ᠠᠵᠢᠯᠯᠠᠭ᠎ᠠ ᠵᠢ ᠯᠠᠪᠳᠠᠭᠤᠨ ᠪᠠᠲᠤᠲᠠᠢ ᠰᠠᠶ᠋ᠢᠲᠤᠷ ᠥᠷᠨᠢᠭᠦᠯᠬᠦ ᠬᠡᠷᠡᠭᠲᠡᠢ; ᠭᠤᠷᠪᠠ᠎ᠳᠤ᠂ ᠠᠰᠠᠭᠤᠳᠠᠯ᠎ᠢ ᠴᠡᠭᠴᠡᠯᠡᠨ ᠰᠠᠶ᠋ᠢᠵᠢᠷᠠᠭᠤᠯᠬᠤ ᠠᠵᠢᠯ᠎ᠢ ᠦᠨᠡᠨ ᠬᠦ᠌ ᠰᠠᠶ᠋ᠢᠲᠤᠷ ᠠᠳᠬᠤᠵᠤ᠂ ᠬᠠᠷᠢᠭᠤᠴᠠᠯᠭ᠎ᠠ ᠪᠣᠯᠤᠨ ᠴᠠᠭ᠎ᠤᠨ ᠬᠢᠵᠠᠭ᠋ᠠᠷ᠎ᠢ ᠲᠣᠳᠣᠷᠬᠠᠶ᠋ᠢᠯᠠᠵᠤ᠂ ᠨᠠᠶ᠋ᠢᠳᠠᠪᠤᠷᠢᠵᠢᠭᠤᠯᠤᠯᠲᠠ ᠵᠢ ᠦᠨᠡᠨ ᠬᠦ᠌ ᠪᠠᠲᠤᠯᠠᠬᠤ ᠬᠡᠷᠡᠭᠲᠡᠢ; ᠲᠦᠷᠪᠡ᠎ᠳᠤ᠂ ᠨᠠᠮ᠎ᠤᠨ ᠪᠠᠶ᠋ᠢᠭᠤᠯᠤᠯᠲᠠ᠎ᠪᠠᠷ ᠬᠦᠳᠦᠯᠦᠨ ᠳᠠᠭ᠋ᠠᠭᠤᠯᠬᠤ ᠵᠢ ᠦᠷᠭᠦᠯᠵᠢᠯᠡᠨ ᠴᠢᠩᠭ᠋ᠠᠳᠬᠠᠵᠤ᠂ ᠨᠠᠮ᠎ᠤᠨ ᠡᠭᠦᠷ᠎ᠤᠨ ᠲᠤᠰ ᠪᠡᠶ᠎ᠡ ᠵᠢᠨ ᠪᠠᠶ᠋ᠢᠭᠤᠯᠤᠯᠲᠠ ᠵᠢ ᠴᠢᠩᠭ᠋ᠠᠳᠬᠠᠵᠤ᠂ ᠨᠠᠮ᠎ᠤᠨ ᠭᠡᠰᠢᠭᠦᠨ᠎ᠤ ᠬᠣᠰᠢᠭᠤᠴᠢ ᠵᠢᠱ᠌ᠢᠶᠡᠴᠢ ᠦᠢ᠍ᠯᠡᠳᠦᠯ᠎ᠢ ᠰᠠᠶ᠋ᠢᠲᠤᠷ ᠪᠠᠳᠠᠷᠠᠭᠤᠯᠵᠤ᠂ ᠨᠠᠮ᠎ᠤᠨ ᠲᠡᠦᠬᠡ ᠵᠢᠨ ᠰᠤᠷᠤᠯᠴᠠᠯᠭ᠎ᠠ ᠬᠥᠮᠦᠵᠢᠯ᠎ᠤᠨ ᠪᠣᠳᠠᠲᠤ ᠦᠷ᠎ᠡ ᠪᠦᠲᠦᠮᠵᠢ ᠤᠯᠬᠤ ᠵᠢ ᠦᠨᠡᠨ ᠬᠦ᠌ ᠪᠠᠲᠤᠯᠠᠬᠤ ᠬᠡᠷᠡᠭᠲᠡᠢ᠃
ᠲᠤᠰ ᠤᠳᠠᠭ᠋ᠠᠨ᠎ᠤ ᠵᠣᠬᠢᠶᠠᠨ ᠪᠠᠶ᠋ᠢᠭᠤᠯᠤᠯᠲᠠ ᠵᠢᠨ ᠠᠮᠢᠳᠤᠷᠠᠯ᠎ᠤᠨ ᠬᠤᠷᠠᠯ᠎ᠠᠴᠠ ᠪᠠᠶ᠋ᠢᠴᠠᠭ᠋ᠠᠨ ᠭᠠᠷᠭ᠋ᠠᠭᠰᠠᠨ ᠠᠰᠠᠭᠤᠳᠠᠯ ᠪᠣᠯᠤᠨ ᠤᠯᠠᠭ᠋ᠠᠨ ᠭᠡᠰᠢᠭᠦᠨ᠎ᠤ ᠳᠤᠷᠠᠳᠤᠭᠰᠠᠨ ᠰᠠᠨᠠᠯ ᠰᠠᠨᠠᠭᠤᠯᠭ᠎ᠠ᠎ᠳᠤ ᠴᠢᠭᠯᠡᠭᠦᠯᠦᠨ᠂ ᠤᠬᠠᠭᠤᠯᠭ᠎ᠠ ᠬᠦᠮᠦᠵᠢᠯ᠎ᠤᠨ ᠲᠦᠪ᠎ᠤᠨ ᠨᠠᠮ᠎ᠤᠨ ᠡᠭᠦᠷ᠎ᠨᠢ ᠳᠠᠷᠠᠭ᠋ᠠᠴᠢ ᠵᠢᠨ ᠠᠯᠬᠤᠮ᠎ᠳᠤ ᠶᠡᠷᠦᠩᠬᠡᠢ ᠱᠦᠵᠢ ᠰᠢ ᠵᠢᠨ ᠫᠢᠩ᠎ᠤᠨ 《7 · 1》᠎ᠳᠤ ᠶᠠᠷᠢᠭᠰᠠᠨ ᠴᠢᠬᠤᠯᠠ ᠶᠠᠷᠢᠶ᠎ᠠ ᠵᠢ ᠦᠷᠭᠦᠯᠵᠢᠯᠡᠨ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠵᠢᠭ᠋ᠠᠨ ᠲᠣᠭᠲᠠᠭ᠋ᠠᠭᠰᠠᠨ 4 ᠳᠡᠪᠲᠡᠷ ᠨᠣᠮ᠎ᠢ ᠬᠢᠨᠠᠮᠠᠭ᠋ᠠᠢ ᠤᠩᠰᠢᠵᠤ᠂ ᠤᠨᠤᠯ᠎ᠤᠨ ᠰᠤᠷᠤᠯᠴᠠᠯᠭ᠎ᠠ ᠵᠢ ᠪᠣᠳᠠᠲᠠᠢ ᠠᠵᠢᠯ᠎ᠤᠨ ᠰᠦᠪᠡᠭᠴᠢᠯᠡᠯᠳᠡ ᠪᠠ ᠰᠢᠨ᠎ᠡ ᠵᠢ ᠡᠭᠦᠳᠬᠦ᠎ᠲᠠᠢ ᠤᠶᠠᠯᠳᠤᠭᠤᠯᠵᠤ᠂ ᠰᠤᠷᠤᠯᠴᠠᠨ ᠣᠶ᠋ᠢᠯᠠᠭ᠋ᠠᠵᠤ ᠨᠡᠪᠲᠡᠷᠡᠲᠡᠯ᠎ᠡ ᠣᠶ᠋ᠢᠯᠠᠭ᠋ᠠᠵᠤ ᠪᠣᠳᠠᠲᠠᠶ᠋ᠢᠵᠢᠭᠤᠯᠬᠤ ᠳᠡᠭᠡᠷ᠎ᠡ ᠬᠦᠴᠦ ᠣᠷᠣᠭᠤᠯᠵᠤ᠂ ᠨᠠᠮ᠎ᠤᠨ ᠬᠠᠮᠤᠭ᠎ᠤᠨ ᠰᠢᠨ᠎ᠡ ᠤᠨᠤᠯ᠎ᠤᠨ ᠦᠷ᠎ᠡ ᠪᠦᠲᠦᠭᠡᠯ ᠵᠶ᠋ᠠᠷ ᠲᠠᠷᠢᠬᠢ ᠲᠣᠯᠣᠭ᠋ᠠᠢ᠎ᠪᠠᠨ ᠵᠡᠪᠰᠡᠭᠯᠡᠵᠦ᠂ ᠦᠢ᠍ᠯᠡᠳᠦᠯᠭᠡ᠎ᠪᠠᠨ ᠵᠢᠯᠤᠭᠤᠳᠤᠭᠤᠯᠵᠤ᠂ ᠠᠵᠢᠯ ᠵᠶ᠋ᠠᠨ ᠠᠬᠢᠭᠤᠯᠬᠤ ᠪᠤᠯᠤᠨ᠎ᠠ; ᠨᠠᠮ᠎ᠤᠨ ᠲᠡᠦᠬᠡ ᠵᠢᠨ ᠰᠤᠷᠤᠯᠴᠠᠯᠭ᠎ᠠ ᠬᠥᠮᠦᠵᠢᠯ᠎ᠤᠨ ᠠᠴᠢᠶᠠᠯᠠᠪᠤᠷᠢ᠎ᠳᠤ ᠰᠢᠨ᠎ᠡ ᠵᠢ ᠡᠭᠦᠳᠴᠦ᠂ ᠠᠵᠢᠯᠯᠠᠭ᠋ᠠᠨ᠎ᠤ ᠣᠨᠴᠠᠯᠢᠭ᠎ᠢ ᠡᠭᠦᠳᠴᠦ᠂ ᠨᠠᠮ᠎ᠤᠨ ᠭᠡᠰᠢᠭᠦᠨ᠎ᠤ ᠰᠤᠷᠤᠯᠴᠠᠯᠭ᠎ᠠ ᠵᠢᠨ ᠰᠠᠨᠠᠭ᠋ᠠᠴᠢᠯᠠᠭ᠋ᠠᠲᠤ ᠴᠢᠨᠠᠷ ᠪᠠ ᠪᠦᠲᠦᠭᠡᠯᠴᠢ ᠴᠢᠨᠠᠷ᠎ᠢ ᠳᠡᠭᠡᠭᠰᠢᠯᠡᠭᠦᠯᠵᠦ᠂ ᠨᠠᠮ᠎ᠤᠨ ᠲᠡᠦᠬᠡ ᠵᠢᠨ ᠰᠤᠷᠤᠯᠴᠠᠯᠭ᠎ᠠ ᠬᠥᠮᠦᠵᠢᠯ᠎ᠤᠨ ᠭᠦᠨ ᠵᠤᠵᠠᠭ᠋ᠠᠨ ᠠᠭᠤᠷ ᠠᠮᠢᠰᠬᠤᠯ᠎ᠢ ᠦᠷᠭᠦᠯᠵᠢᠯᠡᠨ ᠪᠤᠢ ᠪᠣᠯᠭ᠋ᠠᠬᠤ ᠬᠡᠷᠡᠭᠲᠡᠢ; ᠠᠰᠠᠭᠤᠳᠠᠯ᠎ᠤᠨ ᠲᠤᠬᠠᠶ ᠤᠬᠠᠮᠰᠠᠷ᠎ᠢ ᠪᠣᠶ ᠪᠣᠯᠭ᠋ᠠᠵᠤ᠂ ᠠᠰᠠᠭᠤᠳᠠᠯ ᠵᠶ᠋ᠠᠷ ᠤᠳᠤᠷᠢᠳᠤᠮᠵᠢ ᠪᠣᠯᠭ᠋ᠠᠬᠤ ᠵᠢ ᠪᠠᠷᠢᠮᠲᠠᠯᠠᠨ᠂ ᠨᠠᠷᠢᠨ ᠲᠠᠩᠰᠠ ᠪᠠᠶ᠋ᠢᠭᠤᠯᠵᠤ᠂ ᠠᠵᠢᠯ᠎ᠤᠨ ᠡᠬᠡ ᠲᠠᠩᠰᠠ ᠵᠢ ᠬᠥᠳᠡᠯᠦᠩᠭᠦᠶ᠎ᠪᠠᠷ ᠰᠢᠨᠡᠳᠬᠡᠵᠦ᠂ ᠦᠨᠡᠨ ᠬᠦ᠌ ᠴᠡᠭᠴᠡᠯᠡᠨ ᠰᠠᠶ᠋ᠢᠵᠢᠷᠠᠭᠤᠯᠵᠤ᠂ ᠠᠵᠢᠯ᠎ᠤᠨ ᠦᠷ᠎ᠡ ᠪᠦᠲᠦᠮᠵᠢ᠎ᠪᠠᠨ ᠲᠠᠰᠤᠷᠠᠯᠲᠠ ᠥᠬᠡᠶ ᠳᠡᠭᠡᠭᠰᠢᠯᠡᠭᠦᠯᠦᠨ᠂ ᠠᠵᠢᠯ᠎ᠤᠨ ᠴᠢᠳᠠᠪᠤᠷᠢ᠎ᠪᠠᠨ ᠳᠡᠭᠡᠭᠰᠢᠯᠡᠭᠦᠯᠵᠦ᠂ ᠠᠵᠢᠯ ᠬᠢᠵᠦ ᠠᠳᠠᠯ ᠦᠢ᠍ᠯᠡᠰ ᠴᠣᠭᠴᠠᠯᠠᠬᠤ ᠴᠣᠭ ᠰᠦᠯᠳᠡ᠎ᠪᠠᠨ ᠳᠡᠭᠡᠭᠰᠢᠯᠡᠭᠦᠯᠬᠦ ᠬᠡᠷᠡᠭᠲᠡᠶ; ᠤᠯᠠᠨ ᠲᠦᠮᠡᠨ᠎ᠳᠤ ᠦᠨᠡᠨ ᠰᠡᠳᠬᠢᠯ᠎ᠠᠴᠠ᠎ᠪᠠᠨ ᠪᠣᠳᠠᠲᠠᠢ ᠶᠠᠪᠤᠳᠠᠯ ᠬᠢᠵᠦ᠂ ᠠᠷᠠᠳ ᠲᠦᠮᠡᠨ ᠵᠶ᠋ᠠᠷ ᠭᠣᠣᠯ ᠪᠣᠯᠭ᠋ᠠᠬᠤ ᠤᠢ᠍ᠢ᠍ᠯᠠᠭ᠋ᠠᠭᠳᠠᠬᠤᠨ᠎ᠢ ᠢᠮᠠᠭᠲᠠ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠠᠵᠢᠯ᠎ᠤᠨ ᠦᠢ᠍ᠯᠡᠳᠦᠯᠭᠡ ᠳᠤᠮᠳᠠ ᠲᠤᠭᠤᠰᠢᠯᠠᠭᠤᠯᠵᠤ᠂ ᠠᠯᠤᠰ ᠬᠡᠳᠦ ᠵᠢ ᠪᠣᠳᠣᠯᠬᠢᠯᠠᠨ᠂ ᠥᠨᠢ ᠤᠳᠠᠭ᠋ᠠᠨ ᠴᠢᠷᠮᠠᠶ᠋ᠢᠨ ᠠᠵᠢᠯᠯᠠᠵᠤ᠂ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠦᠢ᠍ᠯᠡᠰ᠎ᠲᠤ ᠬᠦᠴᠦᠨ ᠴᠢᠳᠠᠯ᠎ᠢ ᠨᠢᠭᠲᠠᠷᠠᠭᠤᠯᠵᠤ᠂ ᠬᠥᠮᠦᠰ᠎ᠤᠨ ᠰᠡᠳᠬᠢᠯ᠎ᠢ ᠨᠢᠭᠲᠠᠷᠠᠭᠤᠯᠬᠤ ᠬᠡᠷᠡᠭᠲᠡᠢ᠃