ᠮᠠᠨ᠎ᠤ ᠣᠷᠣᠨ᠎ᠤ ᠠᠮᠢ ᠠᠬᠤᠶ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠶᠡᠷᠦᠩᠬᠡᠶ᠋ᠢᠯᠡᠭᠰᠡᠨ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠥᠭᠡᠷᠡᠴᠢᠯᠡᠯᠲᠡ ᠵᠢᠨ ᠦᠷ᠎ᠡ ᠪᠦᠲᠦᠭᠡᠯ᠎ᠢ ᠭᠦᠨᠵᠡᠭᠡᠢ᠌ᠷᠡᠭᠦᠯᠵᠦ᠂ ᠴᠥᠮ᠎ᠡ ᠬᠢᠭᠡᠳ ᠰᠠᠴᠤᠷᠠᠭ᠎ᠤᠨ ᠬᠦᠷᠢᠶᠡᠨ᠎ᠳᠠᠬᠢ ᠰᠢᠨ᠎ᠡ᠎ᠪᠠᠷ ᠨᠡᠮᠡᠭᠳᠡᠭᠰᠡᠨ ᠬᠠᠤᠯᠢ ᠬᠡᠷᠡᠭᠵᠢᠭᠦᠯᠬᠦ ᠡᠭᠦᠷᠭᠡ ᠴᠢᠳᠠᠪᠤᠷᠢ ᠵᠢᠨ ᠠᠵᠢᠯᠯᠠᠭ᠋ᠠᠨ᠎ᠢ ᠴᠢᠩᠭ᠋ᠠᠳᠬᠠᠵᠤ᠂ ᠬᠠᠤᠯᠢ ᠬᠡᠷᠡᠭᠵᠢᠭᠦᠯᠬᠦ ᠰᠢᠨ᠎ᠡ ᠬᠦᠷᠢᠶᠡᠨ᠎ᠳᠠᠬᠢ ᠠᠵᠢᠯ᠎ᠢ ᠤᠯᠠᠮ ᠨᠢᠭᠡ ᠠᠯᠬᠤᠮ ᠰᠠᠶ᠋ᠢᠲᠤᠷ ᠬᠢᠬᠦ ᠵᠢᠨ ᠲᠤᠰᠠᠳᠠ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠶ ᠣᠷᠴᠢᠨ ᠲᠣᠭᠣᠷᠢᠨ᠎ᠤ ᠲᠢᠩᠬᠢᠮ᠎ᠠᠴᠠ 2021 ᠣᠨ᠎ᠤ ᠰᠠᠴᠤᠷᠠᠭ᠎ᠤᠨ ᠠᠮᠤᠷ ᠲᠦᠪᠰᠢᠨ᠎ᠤ ᠬᠠᠤᠯᠢ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ ᠵᠢ ᠲᠤᠰᠬᠠᠶ᠋ᠢᠯᠠᠨ ᠴᠡᠭᠴᠡᠯᠡᠨ ᠵᠠᠰᠠᠬᠤ ᠠᠵᠢᠯᠯᠠᠭ᠋ᠠᠨ ᠦᠷᠨᠢᠭᠦᠯᠪᠡ᠃
ᠲᠤᠰᠬᠠᠶ ᠵᠦᠢ᠍ᠯ᠎ᠤᠨ ᠴᠡᠭᠴᠡᠯᠡᠨ ᠵᠠᠰᠠᠬᠤ ᠠᠵᠢᠯᠯᠠᠭ᠋ᠠᠨ᠎ᠤ ᠥᠷᠨᠢᠯᠲᠡ᠎ᠲᠠᠢ ᠤᠶᠠᠯᠳᠤᠭᠤᠯᠤᠨ᠂ ᠪᠦᠬᠦ ᠣᠷᠣᠨ᠎ᠤ ᠡᠯ᠎ᠡ ᠠᠶ᠋ᠢᠮᠠᠭ ᠬᠣᠲᠠ ᠵᠢᠨ ᠬᠠᠤᠯᠢ ᠬᠡᠷᠡᠭᠵᠢᠭᠦᠯᠬᠦ ᠡᠩᠨᠡᠭᠡᠨ᠎ᠤ ᠪᠠᠶ᠋ᠢᠭᠤᠯᠤᠯᠲᠠ ᠵᠢ ᠴᠢᠩᠭ᠋ᠠᠳᠬᠠᠬᠤ ᠵᠢᠨ ᠲᠤᠰᠠᠳᠠ᠂ 7 ᠳ᠋ᠤᠭ᠋ᠠᠷ ᠰᠠᠷ᠎ᠠ ᠵᠢᠨ 26᠎ᠤ ᠡᠳᠦᠷ᠎ᠠᠴᠠ 8 ᠳ᠋ᠤᠭ᠋ᠠᠷ ᠰᠠᠷ᠎ᠠ ᠵᠢᠨ 6᠎ᠤ ᠡᠳᠦᠷ ᠬᠦᠷᠳᠡᠯ᠎ᠡ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠶ ᠣᠷᠴᠢᠨ ᠲᠣᠭᠣᠷᠢᠨ᠎ᠤ ᠶᠡᠷᠦᠩᠬᠡᠶ᠋ᠢᠯᠡᠭᠰᠡᠨ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠶᠡᠷᠦᠩᠬᠡᠶ ᠠᠩᠭᠢ 《ᠪᠠᠶ᠋ᠢᠴᠠᠭ᠋ᠠᠬᠤ᠎ᠪᠠᠷ ᠪᠤᠯᠪᠠᠰᠤᠷᠠᠭᠤᠯᠤᠯ᠎ᠢ ᠣᠷᠣᠯᠠᠭᠤᠯᠬᠤ》 ᠰᠤᠭᠤᠴᠢᠨ ᠪᠠᠶ᠋ᠢᠴᠠᠭ᠋ᠠᠵᠤ ᠬᠠᠪᠰᠤᠷᠤᠨ ᠲᠡᠳᠬᠦᠬᠦ ᠠᠵᠢᠯᠯᠠᠭ᠎ᠠ ᠵᠢ ᠵᠣᠬᠢᠶᠠᠨ ᠪᠠᠶ᠋ᠢᠭᠤᠯᠤᠨ ᠥᠷᠨᠢᠭᠦᠯᠵᠦ᠂ ᠭᠣᠣᠯᠳᠠᠭᠤ ᠴᠥᠮ᠎ᠡ ᠵᠢᠨ ᠮᠡᠷᠭᠡᠵᠢᠯ᠎ᠤᠨ ᠠᠰᠢᠭᠯᠠᠯᠲᠠ ᠵᠢᠨ ᠮᠡᠷᠭᠡᠵᠢᠯ᠎ᠤᠨ ᠪᠠᠶ᠋ᠢᠴᠠᠭ᠋ᠠᠯᠲᠠ᠎ᠪᠠᠷ ᠠᠵᠢᠯ᠎ᠤᠨ ᠲᠡᠰ ᠲᠠᠷᠠᠭ᠋ᠠᠯᠠᠯ᠎ᠤᠨ ᠠᠬᠤᠢ ᠲᠠᠯᠠᠪᠠᠢ ᠵᠢᠨ ᠪᠠᠶ᠋ᠢᠴᠠᠭ᠋ᠠᠯᠲᠠ ᠵᠢᠨ ᠬᠦᠰᠦᠨᠦᠭᠲᠦ ᠵᠢ ᠰᠣᠩᠭᠣᠨ ᠠᠪᠬᠤ ᠪᠠ ᠬᠡᠷᠡᠭᠯᠡᠬᠦ᠂ ᠵᠥᠪᠰᠢᠶᠡᠷᠡᠭᠦᠯᠦᠭᠡᠳᠦᠶ᠎ᠪᠠᠷ ᠤᠷᠢᠳᠠᠪᠠᠷ ᠪᠠᠶ᠋ᠢᠭᠤᠯᠤᠭᠰᠠᠨ᠂ ᠤᠳᠠᠭ᠋ᠠᠰᠢᠷᠠᠭᠤᠯᠤᠭ᠋ᠠᠳ ᠪᠠᠶ᠋ᠢᠴᠠᠭ᠋ᠠᠭᠰᠠᠨ ᠥᠬᠡᠶ᠂ ᠵᠥᠪᠰᠢᠶᠡᠷᠡᠯ᠎ᠤᠨ ᠦᠨᠡᠮᠯᠡᠯ᠎ᠤᠨ ᠬᠦᠴᠦᠨ᠎ᠲᠠᠢ ᠬᠤᠭᠤᠴᠠᠭ᠎ᠠ᠎ᠨᠢ ᠳᠦᠭᠦᠷᠦᠭᠡᠳ ᠦᠷᠭᠦᠯᠵᠢᠯᠡᠭᠦᠯᠬᠦ ᠴᠢᠬᠤᠯᠠᠲᠠᠶ ᠪᠠᠶ᠋ᠢᠲᠠᠯ᠎ᠠ ᠲᠣᠭᠲᠠᠭ᠋ᠠᠯ ᠶᠣᠰᠣᠭ᠋ᠠᠷ ᠦᠷᠭᠦᠯᠵᠢᠯᠡᠭᠦᠯᠬᠦ ᠭᠠᠷᠳᠠᠮ ᠭᠦᠢ᠍ᠴᠡᠳᠭᠡᠭᠰᠡᠨ ᠥᠬᠡᠶ ᠵᠡᠷᠭᠡ ᠰᠠᠴᠤᠷᠠᠭ᠎ᠤᠨ ᠬᠠᠤᠯᠢ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ ᠣᠷᠣᠰᠢᠵᠤ ᠪᠠᠶ᠋ᠢᠬᠤ ᠡᠰᠡᠬᠦ᠂ ᠪᠠᠶ᠋ᠢᠴᠠᠭ᠋ᠠᠬᠤ᠎ᠠᠴᠠ ᠡᠮᠦᠨ᠎ᠡ ᠤᠬᠠᠭᠤᠯᠤᠨ ᠲᠤᠭᠤᠰᠢᠯᠠᠭᠤᠯᠬᠤ ᠪᠠ ᠠᠬᠤᠢ ᠲᠠᠯᠠᠪᠠᠢ᠎ᠳᠤ 《ᠪᠠᠶ᠋ᠢᠴᠠᠭ᠋ᠠᠬᠤ᠎ᠪᠠᠷ ᠪᠣᠯᠪᠠᠰᠤᠷᠠᠭᠤᠯᠤᠯ᠎ᠢ ᠣᠷᠣᠯᠠᠭᠤᠯᠬᠤ》 ᠠᠵᠢᠯᠯᠠᠭ᠎ᠠ ᠵᠢ ᠰᠤᠭᠤᠴᠢᠨ ᠪᠠᠶ᠋ᠢᠴᠠᠭ᠋ᠠᠵᠤ ᠬᠠᠪᠰᠤᠷᠤᠨ ᠲᠡᠳᠬᠦᠬᠦ ᠵᠢᠨ ᠬᠠᠮᠲᠤ ᠣᠷᠣᠰᠢᠵᠤ ᠪᠠᠶ᠋ᠢᠭ᠎ᠠ ᠠᠰᠠᠭᠤᠳᠠᠯ᠎ᠤᠨ ᠲᠤᠬᠠᠶ ᠮᠠᠳᠠᠭ᠎ᠲᠠᠢ ᠠᠰᠠᠭᠤᠳᠠᠯ᠎ᠢ ᠲᠠᠶ᠋ᠢᠯᠪᠤᠷᠢᠯᠠᠨ ᠲᠥᠭᠡᠷᠢᠭᠳᠡᠯ᠎ᠢ ᠲᠠᠶ᠋ᠢᠯᠤᠭᠰᠠᠨ ᠪᠠᠶ᠋ᠢᠨ᠎ᠠ᠃ ᠲᠣᠰ ᠤᠳᠠᠭ᠋ᠠᠨ᠎ᠤ ᠠᠵᠢᠯᠯᠠᠭ᠎ᠠ ᠵᠢ ᠥᠷᠨᠢᠭᠦᠯᠬᠦ᠎ᠪᠠᠷ ᠳᠡᠮᠵᠢᠨ᠂ ᠬᠠᠤᠯᠢ ᠬᠡᠷᠡᠭᠵᠢᠭᠦᠯᠬᠦ ᠠᠵᠢᠯᠳᠠᠳ ᠨᠡᠶ᠋ᠢᠲᠡ 9 ᠠᠶ᠋ᠢᠮᠠᠭ ᠬᠣᠲᠠ ᠵᠢᠨ 10 ᠨᠢᠭᠡᠴᠢ ᠵᠢᠨ 《ᠪᠠᠶ᠋ᠢᠴᠠᠭ᠋ᠠᠬᠤ᠎ᠪᠠᠷ ᠪᠤᠯᠪᠠᠰᠤᠷᠠᠭᠤᠯᠤᠯ᠎ᠢ ᠣᠷᠣᠯᠠᠭᠤᠯᠬᠤ》 ᠰᠤᠭᠤᠴᠢᠨ ᠪᠠᠢ᠌ᠴᠠᠭ᠋ᠠᠬᠤ ᠵᠢ ᠪᠡᠶᠡᠯᠡᠭᠦᠯᠵᠦ᠂ 21 ᠵᠦᠢ᠍ᠯ᠎ᠤᠨ ᠠᠰᠠᠭᠤᠳᠠᠯ᠎ᠢ ᠵᠢᠭᠰᠠᠭ᠋ᠠᠨ ᠪᠠᠶ᠋ᠢᠴᠠᠭ᠋ᠠᠵᠤ᠂ ᠡᠯ᠎ᠡ ᠠᠶ᠋ᠢᠮᠠᠭ ᠬᠣᠲᠠ ᠵᠢᠨ ᠠᠮᠢ ᠠᠬᠤᠶ ᠣᠷᠴᠢᠨ ᠲᠣᠭᠣᠷᠢᠨ᠎ᠤ ᠬᠠᠤᠯᠢ ᠬᠡᠷᠡᠭᠵᠢᠭᠦᠯᠬᠦ ᠠᠵᠢᠯᠳᠠᠳ᠎ᠤᠨ ᠠᠰᠠᠭᠤᠳᠠᠯ᠎ᠢ ᠢᠯᠡᠷᠡᠭᠦᠯᠬᠦ ᠪᠠ ᠬᠠᠤᠯᠢ ᠶᠣᠰᠣᠭ᠋ᠠᠷ ᠠᠰᠠᠭᠤᠳᠠᠯ᠎ᠢ ᠪᠠᠶ᠋ᠢᠴᠠᠭ᠋ᠠᠨ ᠰᠢᠢ᠍ᠳᠪᠦᠷᠢᠯᠡᠬᠦ ᠴᠢᠳᠠᠪᠤᠷᠢ ᠵᠢ᠎ᠨᠢ ᠪᠦᠲᠦᠮᠵᠢᠲᠡᠶ ᠳᠡᠭᠡᠭᠰᠢᠯᠡᠭᠦᠯᠵᠦ᠂ ᠣᠷᠴᠢᠨ ᠲᠣᠭᠣᠷᠢᠨ᠎ᠤ ᠠᠮᠤᠷ ᠲᠦᠪᠰᠢᠨ᠎ᠢ ᠤᠯᠠᠮ ᠨᠢᠭᠡ ᠠᠯᠬᠤᠮ ᠪᠠᠲᠤᠯᠠᠪᠠ᠃